ᠪᠦᠭᠦᠳᠡ ᠬᠤᠷᠠᠯᠳᠤᠭᠠᠨ ᠤ ︽ᠳᠣᠭᠲᠠᠭᠠᠯ︾ ᠳᠠᠬᠢ ᠡᠳᠡᠭᠡᠷ ᠨᠡᠷ᠎ᠡ ᠦᠭᠡᠰ ᠢ ᠣᠶᠢᠯᠠᠭᠠᠶ᠎ᠠ ︵ᠵᠢᠷᠭᠤᠭ᠎ᠠ
ᠨᠡᠶᠢᠲᠡᠯᠡᠭᠰᠡᠨ ᠴᠠᠭ᠄
2024/10/7
         ︽ᠬᠦᠳᠡᠯᠮᠦᠷᠢ ᠶᠢᠨ ᠴᠢᠨᠠᠷᠲᠠᠢ ᠠᠰᠢᠭ ᠣᠷᠤᠯᠭ᠎ᠠ︾         ᠬᠥᠳᠡᠯᠮᠦᠷᠢ ᠶᠢᠨ ᠴᠢᠨᠠᠷᠲᠠᠶ ᠠᠰᠢᠭ ᠣᠷᠤᠯᠭ᠎ᠠ ᠭᠡᠳᠡᠭ ᠨᠢ ᠬᠥᠳᠡᠯᠮᠦᠷᠢ ᠪᠠᠷ ᠳᠠᠮᠵᠢᠨ ᠦᠨ᠎ᠡ ᠥᠷᠲᠡᠭ ᠪᠣᠯᠤᠨ ᠬᠡᠷᠡᠭᠴᠡᠭᠡᠨ ᠤ ᠦᠨ᠎ᠡ ᠥᠷᠲᠡᠭ ᠢ ᠡᠭᠦᠳᠦᠨ ᠪᠦᠲᠦᠭᠡᠭᠰᠡᠨ ᠠᠴᠠ ᠪᠣᠯᠵᠤ ᠣᠯᠤᠭᠰᠠᠨ ᠠᠰᠢᠭ ᠣᠷᠤᠯᠭ᠎ᠠ ᠶᠢ ᠵᠢᠭᠠᠵᠤ᠂ ᠪᠣᠳᠠᠰᠴᠢ ᠴᠢᠨᠠᠷ ᠤᠨ ᠪᠠ ᠪᠣᠳᠠᠰᠴᠢ ᠪᠤᠰᠤ ᠴᠢᠨᠠᠷ ᠤᠨ ᠬᠥᠳᠡᠯᠮᠦᠷᠢ ᠶᠢᠨ ᠪᠦᠲᠦᠭᠡᠭᠲᠡᠬᠦᠨ ᠢ ᠪᠠᠭᠲᠠᠭᠠᠨ᠎ᠠ ᠃ ᠬᠥᠳᠡᠯᠮᠦᠷᠢ ᠶᠢᠨ ᠴᠢᠨᠠᠷᠲᠠᠶ ᠠᠰᠢᠭ ᠣᠷᠤᠯᠭ᠎ᠠ ᠨᠢ ᠬᠥᠷᠥᠩᠭᠡ ᠶᠢᠨ ᠴᠢᠨᠠᠷᠲᠠᠶ ᠠᠰᠢᠭ ᠣᠷᠤᠯᠭ᠎ᠠ ᠠᠴᠠ ᠣᠨᠳᠣᠣ ᠪᠠᠶᠢᠵᠤ᠂ ᠲᠡᠭᠦᠨ ᠢ ᠣᠯᠬᠤ ᠨᠥᠬᠦᠴᠡᠯ ᠨᠢ ᠡᠷᠬᠡᠪᠰᠢ ᠬᠥᠳᠡᠯᠮᠦᠷᠢ ᠢᠶᠠᠷ ᠳᠠᠮᠵᠢᠵᠤ᠂ ᠬᠥᠳᠡᠯᠮᠦᠷᠢ ᠶᠢᠨ ᠳᠤᠮᠳᠠ ᠠᠴᠠ ᠣᠯᠵᠤ᠂ ᠬᠥᠳᠡᠯᠮᠦᠷᠢᠯᠡᠬᠦ ᠦᠭᠡᠢ ᠪᠣᠯ ᠠᠰᠢᠭ ᠣᠷᠤᠯᠭ᠎ᠠ ᠦᠭᠡᠢ᠃        ︽ᠠᠷᠠᠳ ᠤᠨ ᠵᠣᠭᠤᠰ ᠤᠨ ᠬᠢᠯᠢ ᠶᠢᠨ ᠭᠠᠳᠠᠨᠠᠬᠢ ᠵᠠᠬ᠎ᠠ ᠳᠡᠯᠭᠡᠭᠦᠷ︾        ᠣᠯᠠᠨ ᠤᠯᠤᠰ ᠤᠨ ᠵᠣᠭᠤᠰᠣᠨ ᠤ ᠰᠠᠭᠤᠷᠢ ᠮᠥᠩᠭᠦᠨ ᠤ ᠵᠣᠬᠢᠶᠠᠨ ᠪᠠᠶᠢᠭᠤᠯᠤᠯᠲᠠ ᠶᠢᠨ ᠲᠣᠭᠲᠠᠭᠠᠭᠰᠠᠨ ᠤᠬᠠᠭᠳᠠᠬᠤᠨ ᠢ ᠦᠨᠳᠦᠰᠦᠯᠡᠪᠡᠯ᠂ ᠬᠢᠯᠢ ᠶᠢᠨ ᠭᠠᠳᠠᠨᠠᠬᠢ ᠵᠠᠬ᠎ᠠ ᠳᠡᠯᠭᠡᠭᠦᠷ ᠭᠡᠳᠡᠭ ᠨᠢ ᠡᠩ ᠤᠨ ᠪᠠᠶᠢᠳᠠᠯ ᠳᠤ ᠵᠣᠭᠤᠰ ᠲᠠᠷᠬᠠᠭᠠᠬᠤ ᠤᠯᠤᠰ ᠤᠨ ᠭᠠᠳᠠᠨ᠎ᠠ᠂ ᠲᠤᠰ ᠤᠯᠤᠰ ᠤᠨ ᠵᠣᠭᠤᠰᠣᠨ ᠤ ᠪᠡᠯᠡ ᠮᠥᠩᠭᠦ ᠶᠢ ᠲᠣᠬᠢᠷᠠᠭᠤᠯᠤᠨ ᠨᠡᠪᠲᠡᠷᠡᠭᠦᠯᠬᠦ ᠠᠵᠢᠯᠯᠠᠭ᠎ᠠ ᠥᠷᠨᠢᠭᠦᠯᠬᠦ ᠣᠷᠣᠨ ᠪᠦᠰᠡ ᠶᠢ ᠵᠢᠭᠠᠵᠤ᠂ ᠪᠠᠰᠠ ᠵᠣᠭᠤᠰ ᠲᠠᠷᠬᠠᠭᠠᠬᠤ ᠤᠯᠤᠰ ᠤᠨ ᠳᠣᠲᠣᠭᠠᠳᠤ ᠳᠤ ᠪᠠᠨ ᠣᠯᠠᠨ ᠤᠯᠤᠰ ᠤᠨ ᠳᠦᠷᠢᠮ ᠲᠣᠭᠲᠠᠭᠠᠯ ᠯᠤᠭ᠎ᠠ ᠵᠣᠯᠭᠠᠯᠳᠤᠭᠰᠠᠨ ᠬᠠᠤᠯᠢ ᠴᠠᠭᠠᠵᠠ᠂ ᠨᠢᠭᠲᠠᠯᠠᠨ ᠪᠣᠳᠣᠬᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠳᠦᠷᠢᠮ ᠤᠨ ᠨᠥᠬᠦᠴᠡᠯ ᠢ ᠪᠦᠷᠢᠯᠳᠦᠭᠦᠯᠦᠭᠰᠡᠨ ᠣᠨᠴᠠᠭᠠᠢ ᠣᠷᠣᠨ ᠪᠦᠰᠡ ᠶᠢ ᠵᠢᠭᠠᠨ᠎ᠠ᠃ ᠬᠠᠷᠢᠴᠠᠩᠭᠤᠢ ᠪᠠᠷ᠂ ᠠᠷᠠᠳ ᠤᠨ ᠵᠣᠭᠤᠰ ᠤᠨ ᠬᠢᠯᠢ ᠶᠢᠨ ᠭᠠᠳᠠᠨᠠᠬᠢ ᠵᠠᠬ᠎ᠠ ᠳᠡᠯᠭᠡᠭᠦᠷ ᠭᠡᠳᠡᠭ ᠨᠢ ᠳᠤᠮᠳᠠᠳᠤ ᠤᠯᠤᠰ ᠤᠨ ᠬᠠᠤᠯᠢ ᠴᠠᠭᠠᠵᠠ ᠶᠢᠨ ᠬᠠᠷᠢᠶᠠᠯᠠᠯ ᠤᠨ ᠭᠠᠳᠠᠨ᠎ᠠ ᠶᠢᠨ ᠠᠷᠠᠳ ᠤᠨ ᠵᠣᠭᠤᠰ ᠤᠨ ᠬᠠᠳᠠᠭᠠᠯᠠᠮᠵᠢ ᠵᠢᠭᠡᠯᠡᠯᠭᠡ᠂ ᠭᠤᠪᠢᠭᠤᠯᠭ᠎ᠠ ᠪᠠ ᠳ᠋ᠦᠩᠨᠡᠨ ᠪᠣᠳᠣᠬᠤ ᠵᠢᠴᠢ ᠠᠷᠠᠳ ᠤᠨ ᠵᠣᠭᠤᠰ ᠢᠶᠠᠷ ᠦᠨ᠎ᠡ ᠪᠣᠳᠣᠬᠤ ᠰᠲ᠋ᠣᠺ᠂ ᠵᠢᠭᠡᠯᠡᠯᠭᠡ ᠶᠢᠨ ᠲᠡᠮᠳᠡᠭᠲᠦ᠂ ᠡᠭᠦᠰᠦᠮᠡᠯ ᠡᠳ᠋ ᠵᠡᠷᠭᠡ ᠮᠥᠩᠭᠦᠨ ᠭᠦᠢᠯᠭᠡᠭᠡᠨ ᠤ ᠨᠡᠷᠡᠳᠭᠦᠨ ᠢ ᠲᠠᠷᠬᠠᠭᠠᠬᠤ ᠪᠠ ᠠᠷᠠᠯᠵᠢᠶᠠᠯᠠᠬᠤ ᠣᠷᠣᠨ ᠪᠦᠰᠡ ᠶᠢ ᠵᠢᠭᠠᠨ᠎ᠠ᠃ ᠣᠳᠣᠬᠠᠨ ᠳᠤ ᠠᠷᠠᠳ ᠤᠨ ᠵᠣᠭᠤᠰᠤᠨ ᠤ ᠬᠢᠯᠢ ᠶᠢᠨ ᠭᠠᠳᠠᠨᠠᠬᠢ ᠵᠠᠬ᠎ᠠ ᠳᠡᠯᠭᠡᠭᠦᠷ ᠲᠤ ᠭᠤᠣᠯᠳᠠᠭᠤ ᠳᠤᠮᠳᠠᠳᠤ ᠤᠯᠤᠰ ᠤᠨ ᠰᠢᠶᠠᠩᠭᠠᠩ᠂ ᠰᠢᠩᠭᠠᠫᠤᠷ᠂ ᠠᠩᠭ᠍ᠯᠢ ᠶᠢᠨ ᠯᠣᠨᠳᠣᠨ ᠵᠡᠷᠭᠡ ᠭᠠᠵᠠᠷ ᠪᠠᠭᠲᠠᠨ᠎ᠠ᠃        ︽ᠦᠨᠳᠦᠰᠦᠨ ᠲᠠᠷᠢᠮᠠᠯ︾         ᠦᠨᠳᠦᠰᠦᠨ ᠲᠠᠷᠢᠮᠠᠯ ᠭᠡᠳᠡᠭ ᠨᠢ ᠬᠥᠮᠦᠰ ᠤᠨ ᠦᠨᠳᠦᠰᠦᠨ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ ᠶᠡᠭᠡ ᠬᠡᠮᠵᠢᠶ᠎ᠡ ᠪᠠᠷ ᠲᠠᠷᠢᠭᠰᠠᠨ ᠲᠠᠷᠢᠮᠠᠯ ᠢ ᠵᠢᠭᠠᠨ᠎ᠠ᠃ ᠤᠯᠤᠰ ᠤᠨ ᠳᠡᠰ ᠳᠠᠪᠬᠤᠷᠭ᠎ᠠ ᠠᠴᠠ ᠠᠪᠴᠤ ᠦᠵᠡᠪᠡᠯ᠂ ᠦᠨᠳᠦᠰᠦᠨ ᠲᠠᠷᠢᠮᠠᠯ ᠳᠤ ᠭᠤᠣᠯᠳᠠᠭᠤ ᠠᠮᠤ ᠪᠤᠳᠠᠭ᠎ᠠ᠂ ᠲᠣᠰᠣᠯᠢᠭ ᠵᠦᠢᠯ᠂ ᠬᠥᠪᠥᠩ᠂ ᠰᠢᠬᠢᠷᠯᠢᠭ ᠡᠳ᠋᠂ ᠢᠳᠡᠰᠢᠨ ᠨᠣᠭᠤᠭ᠎ᠠ᠂ ᠲᠡᠵᠢᠭᠡᠯ ᠡᠪᠡᠰᠦ ᠪᠣᠷᠳᠤᠭ᠎ᠠ ᠵᠡᠷᠭᠡ ᠰᠠᠭᠤᠷᠢᠯᠠᠬᠤ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠠᠷᠢᠮᠠᠯ ᠤᠨ ᠵᠦᠢᠯ ᠪᠠᠭᠲᠠᠨ᠎ᠠ᠃ ᠡᠯ᠎ᠡ ᠭᠠᠵᠠᠷ ᠣᠷᠣᠨ ᠳᠤ ᠪᠣᠳᠠᠲᠠᠶ ᠪᠠᠷ ᠠᠪᠴᠤ ᠦᠵᠡᠪᠡᠯ᠂ ᠡᠬᠢ ᠪᠠᠶᠠᠯᠢᠭ ᠤᠨ ᠨᠦᠬᠡᠴᠡ ᠭᠦᠢᠴᠡᠳ᠂ ᠠᠭᠤᠷ ᠠᠮᠢᠰᠬᠤᠯ ᠤᠨ ᠨᠥᠬᠦᠴᠡᠯ᠂ ᠲᠠᠷᠢᠮᠠᠯ ᠤᠨ ᠲᠦᠷᠢᠮ᠂ ᠣᠷᠣᠨ ᠪᠠᠶᠢᠷᠢ ᠶᠢᠨ ᠨᠥᠬᠦᠴᠡᠯ ᠵᠡᠷᠭᠡ ᠬᠦᠴᠦᠨ ᠵᠦᠢᠯ ᠢ ᠦᠨᠳᠦᠰᠦᠯᠡᠨ᠂ ᠦᠨᠳᠦᠰᠦᠨ ᠲᠠᠷᠢᠮᠠᠯ ᠳᠤ ᠪᠠᠰᠠ ᠲᠠᠷᠢᠵᠤ ᠤᠷᠭᠤᠭᠤᠯᠤᠭᠰᠠᠨ ᠲᠡᠦᠬᠡ᠂ ᠠᠵᠤ ᠦᠢᠯᠡᠰ ᠤᠨ ᠳᠠᠪᠠᠭᠤᠯᠢᠭ ᠵᠢᠴᠢ ᠦᠢᠯᠡᠳᠪᠦᠷᠢᠯᠡᠯ ᠠᠮᠢᠳᠤᠷᠠᠯ ᠳᠤ ᠡᠷᠬᠡᠪᠰᠢ ᠪᠦᠷᠢᠯᠳᠦᠭᠦᠯᠬᠦ ᠣᠷᠣᠨ ᠪᠦᠰᠡ ᠶᠢᠨ ᠴᠢᠨᠠᠷᠲᠠᠶ ᠵᠦᠢᠯ ᠲᠦᠷᠦᠯ ᠤᠳ ᠢ ᠪᠠᠭᠲᠠᠭᠠᠨ᠎ᠠ᠃ ᠦᠨᠳᠦᠰᠦᠨ ᠲᠠᠷᠢᠮᠠᠯ ᠨᠢ ᠣᠷᠣᠰᠢᠨ ᠲᠣᠭᠲᠠᠨᠢᠬᠤ ᠠᠮᠤᠷ ᠲᠦᠪᠰᠢᠨ᠂ ᠤᠯᠤᠰ ᠤᠨ ᠠᠮᠤᠷ ᠲᠦᠪᠰᠢᠨ ᠲᠠᠢ ᠰᠢᠭᠤᠳ ᠬᠤᠯᠪᠣᠭᠳᠠᠬᠤ ᠪᠣᠯᠬᠤᠷ᠂ ᠲᠠᠷᠢᠶᠠᠨ ᠭᠠᠵᠠᠷ ᠤᠨ ᠡᠬᠢ ᠪᠠᠶᠠᠯᠢᠭ ᠤᠨ ᠠᠰᠢᠭᠯᠠᠯᠲᠠ ᠶᠢᠨ ᠲᠠᠯ᠎ᠠ ᠪᠠᠷ ᠡᠩ ᠲᠡᠷᠢᠭᠦᠨ ᠳᠤ ᠪᠠᠲᠤᠯᠠᠭ᠎ᠠ ᠬᠠᠩᠭᠠᠬᠤ ᠴᠢᠬᠤᠯᠠ ᠲᠠᠢ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号