| ︽ᠡᠭᠦᠰᠦᠮᠡᠯ ᠵᠣᠬᠢᠶᠠᠮᠠᠯ ᠣᠶᠣᠨᠯᠢᠭ︾ | ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨ ᠭᠡᠳᠡᠭ ᠨᠢ ᠵᠣᠬᠢᠶᠠᠮᠠᠯ ᠣᠶᠤᠨ ᠤ ᠨᠢᠭᠡᠨ ᠰᠠᠯᠪᠤᠷᠢ ᠪᠠᠶᠢᠵᠤ | ᠂ ᠪᠤᠳᠤᠬᠤ ᠠᠷᠭ᠎ᠠ᠂ ᠵᠠᠭᠪᠤᠷ᠂ ᠲᠦᠷᠢᠮ ᠳᠤ ᠰᠠᠭᠤᠷᠢᠯᠠᠨ ᠲᠣᠪᠬᠢᠮᠠᠯ᠂ ᠵᠢᠷᠤᠭ᠂ ᠳᠠᠭᠤᠤ᠂ ᠸᠢᠳᠢᠣ᠋᠂ ᠺᠣᠳ᠋ ᠵᠡᠷᠭᠡ | ᠠᠭᠤᠯᠭ᠎ᠠ ᠶᠢ ᠡᠭᠦᠰᠭᠡᠬᠦ ᠮᠡᠷᠭᠡᠵᠢᠯ ᠪᠣᠯᠤᠨ᠎ᠠ᠃ ᠡᠨᠡ ᠬᠦ ᠮᠡᠷᠭᠡᠵᠢᠯ ᠨᠢ ᠬᠡᠷᠡᠭᠯᠡᠭᠴᠢᠳ ᠤᠨ ᠬᠡᠷᠡᠭᠴᠡᠭᠡ ᠳᠤ | ᠴᠢᠭᠯᠡᠭᠦᠯᠦᠨ᠂ ᠤᠷᠢᠳ ᠢᠶᠠᠷ ᠪᠣᠯᠪᠠᠰᠤᠷᠠᠭᠤᠯᠤᠭᠰᠠᠨ ᠤᠯᠠᠨ ᠲᠥᠯᠥᠪ ᠤᠨ ᠰᠠᠭᠤᠷᠢ ᠶᠡᠭᠡ ᠵᠠᠭᠪᠤᠷ ᠵᠡᠷᠭᠡ ᠳᠤ | ᠲᠦᠰᠢᠭᠯᠡᠨ ᠬᠡᠷᠡᠭᠯᠡᠭᠴᠢ ᠶᠢᠨ ᠥᠷᠥᠵᠦ ᠣᠷᠤᠭᠤᠯᠤᠭᠰᠠᠨ ᠬᠠᠮᠢᠶ᠎ᠠ ᠪᠦᠬᠦᠢ ᠮᠠᠲ᠋ᠧᠷᠢᠶᠠᠯ ᠢ ᠠᠰᠢᠭᠯᠠᠵᠤ᠂ ᠵᠣᠬᠢᠬᠤ | ᠯᠣᠭᠢᠭ ᠤᠨ ᠴᠢᠨᠠᠷᠲᠠᠢ ᠪᠠ ᠬᠤᠯᠪᠣᠯᠳᠤᠯ ᠤᠨ ᠴᠢᠨᠠᠷᠲᠠᠢ ᠠᠭᠤᠯᠭ᠎ᠠ ᠶᠢ ᠡᠭᠦᠰᠭᠡᠳᠡᠭ᠃ ᠤᠯᠠᠮᠵᠢᠯᠠᠯᠲᠤ ᠵᠣᠬᠢᠶᠠᠮᠠᠯ | ᠣᠶᠤᠨ ᠯᠤᠭ᠎ᠠ ᠠᠳᠠᠯᠢ ᠦᠭᠡᠢ ᠲᠠᠯ᠎ᠠ ᠭᠡᠪᠡᠯ᠂ ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨ ᠨᠢ ᠥᠷᠥᠵᠦ | ᠣᠷᠣᠭᠤᠯᠤᠭᠰᠠᠨ ᠲᠤᠭ᠎ᠠ ᠪᠠᠷᠢᠮᠲᠠ ᠶᠢ ᠰᠢᠢᠳᠪᠦᠷᠢᠯᠡᠬᠦ ᠪᠠᠷ ᠪᠠᠷᠠᠬᠤ ᠦᠭᠡᠢ᠂ ᠨᠡᠩ ᠴᠤ ᠬᠡᠷᠡᠭ ᠪᠣᠳᠠᠰ ᠤᠨ | ᠳᠣᠲᠣᠭᠠᠳᠤ ᠵᠢᠮ᠎ᠡ ᠶᠣᠰᠣ ᠶᠢ ᠰᠤᠷᠤᠯᠴᠠᠬᠤ ᠪᠠ ᠳᠠᠭᠤᠷᠢᠶᠠᠵᠤ᠂ ᠰᠢᠨ᠎ᠡ ᠠᠭᠤᠯᠭ᠎ᠠ ᠶᠢ ᠥᠪᠡᠰᠦᠪᠡᠨ ᠡᠭᠦᠳᠦᠨ | ᠪᠦᠲᠦᠭᠡᠵᠦ ᠴᠢᠳᠠᠨ᠎ᠠ᠃ | ︽ᠠᠵᠢᠯ ᠣᠯᠭᠤᠯᠲᠠ ᠶᠢᠨ ᠰᠢᠨ᠎ᠡ ᠭᠡᠯᠪᠡᠷᠢ ᠪᠠᠶᠢᠳᠠᠯ︾ | ᠠᠵᠢᠯ ᠣᠯᠭᠤᠯᠲᠠ ᠶᠢᠨ ᠰᠢᠨ᠎ᠡ ᠭᠡᠯᠪᠡᠷᠢ ᠪᠠᠶᠢᠳᠠᠯ ᠭᠡᠳᠡᠭ ᠨᠢ ᠢᠨᠲ᠋ᠧᠷ ᠰᠦᠯᠵᠢᠶᠡᠨ ᠤ ᠮᠡᠷᠭᠡᠵᠢᠯ ᠤᠨ | ᠬᠡᠷᠡᠭᠯᠡᠯᠲᠡ ᠪᠠ ᠳ᠋ᠢᠭᠢᠲ᠋ᠠᠯ ᠠᠵᠤ ᠠᠬᠤᠶ ᠶᠢᠨ ᠬᠥᠭᠵᠢᠯᠲᠡ ᠶᠢ ᠳᠠᠭᠠᠯᠳᠤᠨ ᠢᠯᠡᠷᠡᠭᠰᠡᠨ ᠠᠵᠢᠯ ᠤᠨ ᠬᠡᠪ ᠵᠠᠭᠪᠤᠷ ᠢ | ᠵᠢᠭᠠᠵᠤ ᠪᠣᠶ᠂ ᠵᠢᠱᠢᠶᠡᠯᠡᠪᠡᠯ ᠢᠨᠲ᠋ᠧᠷ ᠰᠦᠯᠵᠢᠶᠡᠨ ᠤ ᠲᠠᠪᠴᠠᠩ ᠳᠤ ᠲᠦᠰᠢᠭᠯᠡᠨ ᠠᠵᠢᠯ ᠣᠯᠤᠭᠰᠠᠨ | ᠰᠦᠯᠵᠢᠶ᠎ᠡ ᠪᠠᠷ ᠪᠣᠯᠵᠣᠬᠤ ᠳᠣᠭᠢᠷᠠᠭᠤᠯᠤᠨ ᠬᠦᠷᠭᠡᠭᠴᠢ᠂ ᠰᠦᠯᠵᠢᠶ᠎ᠡ ᠪᠠᠷ ᠪᠣᠯᠵᠣᠬᠤ ᠲᠡᠷᠭᠡᠨ ᠵᠢᠯᠣᠭᠤᠴᠢ᠂ ᠢᠨᠲ᠋ᠧᠷ | ᠰᠦᠯᠵᠢᠶᠡᠨ ᠤ ᠡᠵᠡᠩᠨᠡᠨ ᠪᠣᠷᠣᠯᠠᠭᠤᠯᠤᠭᠴᠢ ᠵᠡᠷᠭᠡ ᠪᠣᠯᠤᠨ᠎ᠠ᠃ ᠠᠵᠢᠯ ᠣᠯᠭᠤᠯᠲᠠ ᠶᠢᠨ ᠰᠢᠨ᠎ᠡ ᠬᠡᠯᠪᠡᠷᠢ | ᠪᠠᠶᠢᠳᠠᠯ ᠳᠤ ᠬᠥᠳᠡᠯᠮᠦᠷᠢ ᠶᠢᠨ ᠬᠠᠷᠢᠴᠠᠭ᠎ᠠ ᠨᠢ ᠠᠮᠢᠳᠤᠯᠢᠭ᠂ ᠠᠵᠢᠯ ᠤᠨ ᠠᠭᠤᠯᠭ᠎ᠠ ᠨᠢ ᠣᠯᠠᠨ ᠶᠠᠩᠵᠤ ᠶᠢᠨ᠂ | ᠠᠵᠢᠯ ᠤᠨ ᠠᠷᠭ᠎ᠠ ᠮᠠᠶ᠋ᠢᠭ ᠨᠢ ᠬᠠᠷᠢᠮᠠᠬᠠᠶ ᠴᠢᠨᠠᠷ ᠲᠠᠢ᠂ ᠦᠢᠯᠡᠰ ᠪᠣᠰᠬᠠᠬᠤ ᠲᠣᠬᠢᠶᠠᠯ ᠬᠠᠷᠢᠯᠴᠠᠨ ᠬᠤᠯᠪᠣᠯᠳᠤᠬᠤ | ᠵᠡᠷᠭᠡ ᠣᠨᠴᠠᠯᠢᠭ ᠲᠠᠢ ᠪᠠᠶᠢᠵᠤ᠂ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠬᠦ᠂ ᠬᠥᠳᠡᠯᠮᠦᠷᠢ ᠬᠦᠴᠦᠨ ᠤ | ᠵᠠᠬ᠎ᠠ ᠳᠡᠯᠭᠡᠭᠦᠷ ᠢ ᠲᠣᠬᠢᠷᠠᠭᠤᠯᠬᠤ ᠳᠤ ᠴᠢᠬᠤᠯᠠ ᠦᠢᠯᠡᠳᠦᠯ ᠲᠠᠢ ᠮᠥᠷᠲᠡᠭᠡᠨ ᠪᠠᠰᠠ ᠠᠵᠢᠯ ᠣᠯᠭᠤᠯᠲᠠ ᠶᠢᠨ ᠶᠠᠰᠤ | ᠴᠢᠨᠠᠷ ᠢ ᠳᠡᠭᠡᠭᠰᠢᠯᠡᠭᠦᠯᠬᠦ᠂ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠬᠤ ᠳᠤ ᠰᠢᠨ᠎ᠡ | ᠱᠠᠭᠠᠷᠳᠠᠯᠭ᠎ᠠ ᠳᠤᠷᠠᠳᠴᠤ᠂ ᠬᠥᠭᠵᠢᠭᠦᠯᠬᠦ ᠶᠢ ᠵᠣᠷᠢᠭᠵᠢᠭᠤᠯᠬᠤ ᠮᠥᠷᠲᠡᠭᠡᠨ ᠪᠠᠰᠠ ᠲᠡᠭᠦᠨ ᠢ ᠵᠢᠷᠤᠮᠵᠢᠭᠤᠯᠬᠤ | ᠴᠢᠬᠤᠯᠠᠲᠠᠢ ᠪᠠᠶᠢᠳᠠᠭ᠃ | ︽ᠨᠢᠭᠲᠠ ᠬᠡᠯᠪᠡᠷᠢ ᠶᠢᠨ ᠡᠮᠨᠡᠯᠭᠡ ᠶᠢᠨ ᠬᠤᠯᠪᠣᠭᠠᠲᠤ ᠴᠣᠭᠴᠠ︾ | ᠨᠢᠭᠲᠠ ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ᠭᠡᠳᠡᠭ ᠨᠢ ᠵᠣᠬᠢᠬᠤ ᠣᠷᠣᠨ ᠪᠦᠰᠡ ᠶᠢᠨ | ᠳᠣᠲᠣᠷᠠᠬᠢ ᠡᠮᠴᠢᠯᠡᠭᠡᠨ ᠤ ᠬᠡᠰᠡᠭ ᠪᠠᠶᠢᠭᠤᠯᠤᠮᠵᠢ ᠶᠢᠨ ᠬᠤᠭᠤᠷᠣᠨᠳᠣᠬᠢ ᠠᠵᠢᠯ ᠬᠤᠪᠢᠶᠠᠷᠢᠯᠠᠨ ᠬᠠᠮᠵᠢᠯᠴᠠᠬᠤ | ᠲᠣᠭᠲᠠᠴᠠ᠂ ᠬᠤᠤᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ ᠲᠣᠭᠲᠠᠴᠠ ᠪᠠ ᠤᠷᠮᠠᠰᠢᠭᠤᠯᠤᠨ ᠬᠢᠵᠠᠭᠠᠷᠯᠠᠬᠤ ᠶᠢ | ᠬᠠᠷᠢᠯᠴᠠᠨ ᠵᠣᠬᠢᠴᠠᠯᠳᠤᠭᠤᠯᠤᠭᠰᠠᠨ ᠠᠰᠢᠭ ᠲᠤᠰᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠬᠤ ᠪᠠᠷ | ᠳᠠᠮᠵᠢᠭᠤᠯᠤᠨ᠂ ᠠᠵᠢᠯᠲᠠᠨ᠂ ᠮᠡᠷᠭᠡᠵᠢᠯ᠂ ᠦᠢᠯᠡᠴᠢᠯᠡᠭᠡ᠂ ᠬᠠᠮᠢᠶᠠᠷᠤᠯᠲᠠ ᠶᠢ ᠬᠠᠮᠵᠢᠯᠴᠠᠭᠤᠯᠤᠨ ᠬᠠᠮᠲᠤ ᠪᠠᠷ | ᠡᠳ᠋ᠯᠡᠬᠦ ᠶᠢ ᠠᠬᠢᠭᠤᠯᠵᠤ᠂ ᠦᠨᠳᠦᠰᠦᠨ ᠱᠠᠲᠤᠨ ᠤ ᠴᠢᠳᠠᠪᠤᠷᠢ ᠶᠢ ᠳᠡᠭᠡᠭᠰᠢᠯᠡᠭᠦᠯᠦᠨ᠂ ᠬᠠᠷᠢᠭᠤᠴᠠᠯᠭ᠎ᠠ᠂ | ᠬᠠᠮᠢᠶᠠᠷᠤᠯᠲᠠ᠂ ᠦᠢᠯᠡᠴᠢᠯᠡᠭᠡ᠂ ᠠᠰᠢᠭ ᠲᠤᠰᠠ ᠶᠢᠨ ᠬᠠᠮᠲᠤ ᠶᠢᠨ ᠴᠣᠭᠴᠠ ᠶᠢ ᠪᠠᠶᠢᠭᠤᠯᠵᠤ᠂ ᠬᠠᠮᠢᠶ᠎ᠠ ᠪᠦᠬᠦᠢ | ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣᠬᠢ ᠡᠮᠴᠢᠯᠡᠭᠡᠨ ᠤ ᠦᠢᠯᠡᠴᠢᠯᠡᠭᠡ ᠪᠠ ᠬᠠᠮᠢᠶᠠᠷᠤᠯᠲᠠ ᠶᠢ ᠨᠢᠭᠡ | ᠴᠣᠭᠴᠠᠵᠢᠭᠤᠯᠤᠨ ᠠᠵᠢᠯᠯᠠᠭᠤᠯᠬᠤ ᠶᠢ ᠪᠡᠶᠡᠯᠡᠭᠦᠯᠦᠨ᠂ ᠡᠮᠴᠢᠯᠡᠭᠡᠨ ᠤ ᠡᠬᠢ ᠪᠠᠶᠠᠯᠢᠭ ᠢ ᠬᠠᠮᠲᠤ ᠪᠠᠷ ᠡᠳ᠋ᠯᠡᠵᠦ | ᠬᠠᠮᠲᠤ ᠪᠠᠷ ᠬᠡᠷᠡᠭᠯᠡᠬᠦ ᠶᠢ ᠠᠬᠢᠭᠤᠯᠵᠤ᠂ ᠡᠬᠢ ᠪᠠᠶᠠᠯᠢᠭ ᠢ ᠲᠣᠬᠢᠷᠠᠭᠤᠯᠬᠤ ᠪᠠ ᠠᠰᠢᠭᠯᠠᠬᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠠᠵᠢᠯᠯᠠᠭᠠᠨ ᠤ ᠬᠥᠭᠵᠢᠯᠲᠡ ᠶᠢᠨ ᠦᠷᠭᠦᠯᠵᠢᠯᠡᠬᠦ ᠶᠢ ᠪᠠᠲᠤᠯᠠᠵᠤ᠂ ᠠᠷᠠᠳ ᠣᠯᠠᠨ ᠤ ᠣᠶᠢᠷ᠎ᠠ | ᠬᠠᠪᠢ ᠳᠤ ᠪᠠᠨ ᠳᠥᠭᠦᠮᠯᠡᠬᠦ ᠳᠤ ᠨᠠᠩ ᠲᠥᠪ ᠭᠤᠤᠯᠴᠢ ᠪᠥᠭᠡᠳ ᠬᠦᠷᠦᠯᠴᠡᠬᠦ᠋ᠢᠴᠡ᠂ ᠣᠯᠠᠨ ᠲᠠᠰ | ᠳᠠᠪᠬᠤᠷᠭ᠎ᠠ ᠶᠢᠨ᠂ ᠦᠷᠭᠦᠯᠵᠢᠯᠡᠭᠰᠡᠨ ᠰᠢᠰᠲ᠋ᠧᠮ ᠲᠠᠢ ᠡᠮᠴᠢᠯᠡᠭᠡᠨ ᠡᠷᠡᠭᠦᠯ ᠬᠠᠮᠠᠭᠠᠯᠠᠯ ᠤᠨ ᠦᠢᠯᠡᠴᠢᠯᠡᠭᠡ | ᠬᠠᠩᠭᠠᠬᠤ ᠶᠢ ᠵᠢᠭᠠᠵᠤ ᠪᠣᠶ᠃ | | |