ᠪᠦᠭᠦᠳᠡ ᠬᠤᠷᠠᠯᠳᠤᠭᠠᠨ ᠤ ︽ᠲᠣᠭᠲᠠᠭᠠᠯ︾ ᠳᠠᠬᠢ ᠡᠳᠡᠭᠡᠷ ᠨᠡᠷ᠎ᠡ ᠦᠭᠡᠰ ᠢ ᠣᠶᠢᠯᠠᠭᠠᠶ᠎ᠠ ︵ᠨᠠᠢᠮᠠ︶
ᠨᠡᠶᠢᠲᠡᠯᠡᠭᠰᠡᠨ ᠴᠠᠭ᠄
2024/10/9
        ︽ᠦᠷᠡᠵᠢᠯ ᠳᠤ ᠡᠭᠡᠯᠢᠲᠡᠢ ᠨᠡᠶᠢᠭᠡᠮ︾              ᠦᠷᠡᠵᠢᠯ ᠳᠤ ᠡᠭᠡᠯᠢᠲᠡᠢ ᠨᠡᠶᠢᠭᠡᠮ ᠭᠡᠳᠡᠭ ᠨᠢ ᠨᠡᠶᠢᠭᠡᠮ ᠤᠨ ᠡᠯ᠎ᠡ ᠲᠠᠯ᠎ᠠ ᠶᠢᠨ ᠬᠢᠨ ᠦᠷᠡᠵᠢᠯ ᠢ ᠴᠢᠬᠤᠯᠠᠴᠢᠯᠠᠳᠠᠭ᠂ ᠦᠷᠡᠵᠢᠯ ᠢ ᠳᠡᠮᠵᠢᠳᠡᠭ ᠨᠡᠶᠢᠭᠡᠮ ᠤᠨ ᠰᠠᠶᠢᠨ ᠰᠠᠶᠢᠬᠠᠨ ᠪᠠᠶᠢᠳᠠᠯ ᠢ ᠵᠢᠭᠠᠵᠤ ᠪᠤᠶ᠃ ᠵᠠᠰᠠᠭ ᠤᠨ ᠤᠷᠳᠤᠨ ᠪᠦᠭᠦ ᠬᠥᠮᠥᠰ ᠢ ᠬᠠᠮᠤᠷᠤᠭᠰᠠᠨ᠂ ᠠᠮᠢ ᠨᠠᠰᠤᠨ ᠤ ᠪᠥᠬᠦ ᠦᠶᠡᠯᠡᠯ ᠳᠠᠬᠢ ᠭᠦᠮᠦᠨ ᠠᠮᠠ ᠳᠤ ᠦᠢᠯᠡᠴᠢᠯᠡᠭᠡ ᠬᠠᠩᠭᠠᠬᠤ ᠪᠠᠷ ᠲᠠᠮᠵᠢᠭᠤᠯᠤᠨ᠂ ᠦᠷᠡᠵᠢᠯ ᠢ ᠲᠡᠮᠵᠢᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠬᠦᠯᠬᠦ ᠪᠠ ᠨᠠᠶᠢᠳᠠᠪᠤᠷᠢᠵᠢᠭᠤᠯᠵᠤ᠂ ᠤᠯᠠᠨ ᠲᠦᠮᠡᠨ ᠢ ᠦᠷᠬᠡᠨ ᠢᠶᠠᠷ ᠲᠠᠶᠢᠴᠢᠯᠠᠨ ᠣᠷᠣᠯᠴᠠᠭᠤᠯᠵᠤ᠂ ᠪᠦᠭᠦ ᠨᠡᠶᠢᠬᠡᠮ ᠳᠤ ᠦᠷᠡᠵᠢᠯ ᠳᠤ ᠠᠰᠢᠨᠨᠳᠠᠢ ᠤᠷᠤᠭᠯᠠᠬᠤ ᠬᠡᠯᠪᠡᠷᠢ ᠵᠠᠬᠪᠤᠷ᠂ ᠰᠤᠶᠤᠯ ᠪᠠ ᠶᠠᠷᠢᠶ᠎ᠠ ᠬᠡᠯᠡᠯᠴᠡᠬᠡᠨ ᠤ ᠠᠭᠤᠷ ᠠᠮᠢᠰᠬᠤᠯ᠂ ᠤᠷᠮᠠᠰᠢᠭᠤᠯᠬᠤ ᠲᠤᠨᠨᠳᠠᠴᠠ᠂ ᠦᠢᠯᠡᠴᠢᠯᠡᠬᠡᠨ ᠤ ᠲᠣᠭᠲᠠᠯᠴᠠᠭ᠎ᠠ᠂ ᠵᠠᠬ᠎ᠠ ᠲᠡᠯᠬᠡᠭᠦᠷ ᠤᠨ ᠨᠦᠭᠦᠴᠡᠯ ᠵᠡᠷᠬᠡ ᠶᠢ ᠪᠦᠷᠢᠯᠳᠦᠭᠦᠯᠦᠨ᠂ ᠰᠠᠶᠢᠨ ᠰᠠᠢᠬᠠᠨ ᠲᠦᠷᠦ ᠶᠢᠨ ᠪᠤᠳᠤᠯᠭ᠎ᠠ᠂ ᠨᠡᠶᠢᠬᠡᠮ᠂ ᠵᠠᠬ᠎ᠠ ᠲᠡᠯᠬᠡᠭᠦᠷ ᠪᠠ ᠬᠡᠷ ᠪᠦᠯᠢ ᠶᠢᠨ ᠤᠷᠴᠢᠨ ᠨᠦᠭᠦᠴᠡᠯ ᠢᠶᠠᠷ ᠵᠣᠷᠢᠯᠭ᠎ᠠ ᠪᠣᠯᠭᠠᠵᠤ᠂ ᠦᠷᠡᠵᠢᠬᠦ ᠪᠤᠶᠢᠵᠢᠭᠤᠯᠬᠤ ᠲᠡᠵᠢᠭᠡᠬᠦ ᠬᠥᠮᠥᠵᠢᠭᠦᠯᠬᠦ ᠦᠪᠡᠷ ᠤᠨ ᠦᠷᠳᠡᠭ ᠢ ᠪᠠᠭᠤᠷᠠᠭᠤᠯᠤᠨ᠂ ᠵᠠᠯᠠᠭᠤᠴᠤᠳ ᠢ ᠭᠦᠳᠦᠯᠦᠨ ᠵᠢᠯᠤᠭᠤᠳᠴᠤ ᠪᠠᠶᠢᠭᠠᠳ ᠢᠳᠡᠪᠬᠢᠲᠡᠢ ᠤᠷᠤᠭ ᠬᠤᠷᠢᠮ ᠤᠨ ᠦᠵᠡᠯᠳᠡ᠂ ᠦᠷᠡᠵᠢᠯ ᠤᠨ ᠦᠵᠡᠯᠳᠡ᠂ ᠬᠡᠷ ᠪᠦᠯᠢ ᠶᠢᠨ ᠦᠵᠡᠯᠳᠡ ᠶᠢ ᠪᠣᠢ ᠪᠣᠯᠭᠠᠵᠤ᠂ ᠵᠣᠬᠢᠬᠤ ᠨᠠᠰᠤᠨ ᠳᠤ ᠪᠠᠨ ᠤᠷᠤᠭᠯᠠᠬᠤ ᠦᠷᠡᠵᠢᠬᠦ ᠪᠠ ᠬᠠᠨᠢ ᠨᠥᠬᠦᠷ ᠨᠢ ᠬᠡᠦᠬᠡᠳ ᠬᠥᠮᠥᠵᠢᠭᠦᠯᠬᠦ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ ᠪᠣᠯᠭᠠᠨ᠂ ᠪᠤᠯᠪᠠᠰᠤᠨ ᠵᠤᠯ ᠵᠢᠷᠭᠠᠯᠳᠤ ᠬᠡᠷ ᠪᠦᠯᠢ ᠶᠢ ᠪᠠᠶᠢᠭᠤᠯᠤᠨ᠂ ᠳᠤᠷᠠᠲᠠᠶ᠎ᠠ ᠬᠡᠦᠬᠡᠳ ᠲᠥᠷᠥᠬᠦ᠂ ᠡᠷᠡᠭᠦᠯ ᠲᠥᠷᠥᠭᠦᠯᠵᠦ ᠬᠥᠩᠭᠡᠵᠢᠬᠦ᠂ ᠲᠥᠷᠥᠭᠡᠳ ᠲᠡᠵᠢᠭᠡᠵᠦ ᠳᠡᠶᠢᠯᠬᠦ᠂ ᠰᠠᠶᠢᠲᠤᠷ ᠪᠤᠶᠢᠵᠢᠭᠤᠯᠵᠤ ᠥᠰᠬᠡᠬᠦ ᠰᠠᠶᠢᠨ ᠤᠷᠴᠢᠯ ᠢ ᠪᠦᠷᠢᠯᠳᠦᠭᠦᠯᠵᠦ᠂ ᠵᠣᠬᠢᠬᠤ ᠦᠷᠡᠵᠢᠯ ᠤᠨ ᠬᠢᠷᠢ ᠲᠦᠪᠰᠢᠨ ᠪᠠ ᠭᠦᠮᠦᠨ ᠠᠮᠠ ᠶᠢᠨ ᠬᠡᠪᠴᠢᠶ᠎ᠡ ᠶᠢ ᠬᠦᠴᠦᠯᠡᠨ ᠪᠠᠲᠤᠯᠠᠨ᠎ᠠ᠃          ︽ᠰᠢᠭᠢᠳᠬᠡᠯᠲᠦ ᠮᠠᠶ᠋ᠢᠭ ᠢᠶᠠᠷ ᠨᠠᠶᠢᠳᠠᠨ ᠰᠠᠭᠠᠲᠠᠭᠤᠯᠬᠤ︾        ᠰᠢᠭᠢᠳᠬᠡᠯᠲᠦ ᠮᠠᠶ᠋ᠢᠭ ᠢᠶᠠᠷ ᠨᠠᠶᠢᠳᠠᠨ ᠰᠠᠭᠠᠲᠠᠭᠤᠯᠬᠤ ᠭᠡᠳᠡᠭ ᠨᠢ ᠨᠡᠶᠢᠭᠡᠮ ᠲᠣᠭᠤᠷᠢᠭ ︵ᠬᠤᠷᠢᠶᠠᠯᠠᠯ︶ ᠤᠨ ᠨᠡᠶᠢᠲᠡ ᠶᠢᠨ ᠣᠷᠣᠨ ᠵᠠᠶ ᠳᠤ ᠴᠢᠳᠠᠮᠵᠢᠲᠤ ᠪᠡᠯᠡᠳᠬᠡᠮᠵᠢ ᠰᠢᠭᠢᠳᠬᠡᠬᠦ ᠪᠠᠷ ᠳᠠᠮᠵᠢᠭᠤᠯᠤᠨ᠂ ᠬᠡᠷ ᠤᠨ ᠣᠶᠢᠷ᠎ᠠ ᠬᠠᠪᠢ ᠳᠤ ᠨᠢ ᠨᠠᠶᠢᠳᠠᠨ ᠰᠠᠭᠠᠲᠠᠭᠤᠯᠬᠤ ᠦᠢᠯᠡᠴᠢᠯᠡᠭᠡ ᠬᠠᠩᠭᠠᠬᠤ ᠶᠢ ᠵᠢᠭᠠᠵᠤ ᠪᠣᠶ᠃ ᠡᠭᠦᠨ ᠳᠤ ᠨᠢᠷᠠᠢ ᠨᠢᠯᠬ᠎ᠠ ᠬᠡᠦᠬᠡᠳ ᠢ ᠪᠦᠬᠦᠯᠢ ᠡᠳᠦᠷ ᠢᠶᠠᠷ ᠰᠠᠭᠠᠲᠠᠭᠤᠯᠬᠤ᠂ ᠬᠠᠭᠠᠰ ᠡᠳᠦᠷ ᠢᠶᠠᠷ ᠰᠠᠭᠠᠲᠠᠭᠤᠯᠬᠤ᠂ ᠴᠠᠭ ᠢᠶᠠᠷ ᠪᠣᠳᠣᠵᠤ ᠰᠠᠭᠠᠲᠠᠭᠤᠯᠬᠤ᠂ ᠲᠦᠷ ᠴᠠᠭ ᠰᠠᠭᠠᠲᠠᠭᠤᠯᠬᠤ ᠵᠡᠷᠭᠡ ᠣᠯᠠᠨ ᠬᠡᠯᠪᠡᠷᠢ ᠶᠢᠨ ᠠᠰᠠᠷᠠᠬᠤ ᠦᠢᠯᠡᠴᠢᠯᠡᠭᠡ ᠪᠠᠭᠲᠠᠨ᠎ᠠ᠃ ᠰᠢᠭᠢᠳᠬᠡᠯᠲᠦ ᠮᠠᠶ᠋ᠢᠭ ᠢᠶᠠᠷ ᠨᠠᠶᠢᠳᠠᠨ ᠰᠠᠭᠠᠲᠠᠭᠤᠯᠬᠤ ᠨᠢ ᠨᠡᠶᠢᠲᠡ ᠶᠢᠨ ᠠᠰᠠᠷᠠᠮᠵᠢ ᠶᠢᠨ ᠴᠢᠨᠠᠷ ᠬᠢᠭᠡᠳ ᠵᠠᠬ᠎ᠠ ᠳᠡᠯᠭᠡᠭᠦᠷᠴᠢᠯᠡᠬᠦ ᠯᠦᠭᠡ ᠤᠶᠠᠯᠳᠤᠭᠤᠯᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠢᠯᠡᠳᠦᠯ ᠢ ᠨᠢ ᠪᠠᠳᠠᠷᠠᠭᠤᠯᠬᠤ ᠶᠢ ᠴᠢᠬᠤᠯᠠᠴᠢᠯᠠᠵᠤ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠨᠡᠶᠢᠭᠡᠮ ᠢᠶᠠᠷ ᠢᠶᠠᠨ ᠣᠷᠣᠯᠴᠠᠬᠤ᠂ ᠵᠠᠬ᠎ᠠ ᠳᠡᠯᠭᠡᠭᠦᠷ ᠬᠠᠮᠵᠢᠯᠴᠠᠬᠤ ᠵᠠᠭᠪᠤᠷ ᠢᠶᠠᠷ ᠠᠵᠢᠯᠯᠠᠨ᠎ᠠ᠃                ︽ᠪᠤᠭᠤᠷᠤᠯᠴᠤᠳ ᠤᠨ ᠠᠵᠤ ᠠᠬᠤᠢ︾            ᠪᠤᠭᠤᠷᠤᠯᠴᠤᠳ ᠤᠨ ᠠᠵᠤ ᠠᠬᠤᠶ ᠪᠣᠯ ᠨᠠᠰᠤᠲᠠᠶᠢᠴᠤᠳ ᠲᠤ ᠦᠢᠯᠡᠳᠬᠦᠨ ᠪᠤᠶᠤ ᠦᠢᠯᠡᠴᠢᠯᠡᠭᠡ ᠬᠠᠩᠭᠠᠬᠤ ᠵᠢᠴᠢ ᠨᠠᠰᠤᠵᠢᠯ ᠤᠨ ᠱᠠᠲᠤᠨ ᠤ ᠪᠡᠯᠡᠳᠬᠡᠯ ᠬᠢᠬᠦ ᠵᠡᠷᠭᠡ ᠠᠯᠢ ᠣᠯᠠᠨ ᠠᠵᠤ ᠠᠬᠤᠶ ᠶᠢᠨ ᠬᠥᠳᠡᠯᠭᠡᠭᠡᠨ ᠤ ᠨᠡᠶᠢᠯᠡᠪᠦᠷᠢ ᠪᠣᠯᠤᠨ᠎ᠠ᠃ ᠡᠭᠦᠨ ᠳᠤ ᠨᠠᠰᠤᠲᠠᠶᠢᠴᠤᠳ ᠤᠨ ᠬᠤᠭᠤᠯᠠ ᠢᠳᠡᠬᠦ᠂ ᠡᠪᠡᠳᠴᠢᠨ ᠦᠵᠡᠭᠦᠯᠬᠦ᠂ ᠠᠰᠠᠷᠠᠵᠤ ᠰᠤᠪᠢᠯᠠᠬᠤ᠂ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠬᠢᠬᠦ ᠵᠡᠷᠭᠡ ᠠᠵᠢᠯ ᠦᠢᠯᠡᠰ ᠤᠨ ᠬᠡᠪᠴᠢᠶᠡᠨ ᠤ ᠣᠯᠠᠨ ᠨᠡᠶᠢᠲᠡ ᠶᠢᠨ ᠦᠢᠯᠡᠴᠢᠯᠡᠭᠡ ᠶᠢ ᠪᠠᠭᠲᠠᠭᠠᠭᠰᠠᠨ ᠪᠥᠭᠡᠳ ᠨᠠᠰᠤᠲᠠᠶᠢᠴᠤᠳ ᠪᠠ ᠨᠠᠰᠤᠵᠢᠵᠤ ᠥᠲᠡᠯᠵᠦ ᠪᠠᠶᠢᠭ᠎ᠠ ᠬᠥᠮᠥᠰ ᠤᠨ ᠣᠯᠠᠨ ᠲᠠᠰ ᠳᠠᠪᠬᠤᠷᠭ᠎ᠠ᠂ ᠣᠯᠠᠨ ᠶᠠᠩᠵᠤ ᠶᠢᠨ ᠦᠢᠯᠡᠳᠬᠦᠨ ᠪᠠ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠢ ᠬᠠᠩᠭᠠᠬᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠠᠵᠢᠯᠯᠠᠭ᠎ᠠ ᠶᠢ ᠬᠠᠮᠤᠷᠴᠤ ᠪᠠᠶᠢᠨ᠎ᠠ᠂ ᠵᠢᠱᠢᠶᠡᠯᠡᠪᠡᠯ ᠨᠠᠰᠤᠲᠠᠶᠢᠴᠤᠳ ᠤᠨ ᠬᠡᠷᠡᠭᠰᠡᠯ᠂ ᠣᠶᠤᠨᠲᠤ ᠪᠥᠭᠡᠳ ᠡᠷᠡᠭᠦᠯ ᠬᠡᠯᠪᠡᠷᠢ ᠶᠢᠨ ᠨᠠᠰᠤᠵᠢᠯ ᠤᠨ ᠠᠰᠠᠷᠠᠮᠵᠢ᠂ ᠡᠷᠡᠭᠦᠯᠵᠢᠯ ᠤᠨ ᠲᠤᠰᠠᠯᠠᠬᠤ ᠪᠠᠭᠠᠵᠢ᠂ ᠥᠲᠡᠯᠬᠦ ᠠᠴᠠ ᠰᠡᠷᠭᠡᠶᠢᠯᠡᠬᠦ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡᠨ ᠤ ᠨᠡᠷᠡᠳᠬᠦᠨ᠂ ᠨᠠᠰᠤᠲᠠᠶᠢᠴᠤᠳ ᠤᠨ ᠵᠢᠭᠤᠯᠴᠢᠯᠠᠯ ᠤᠨ ᠦᠢᠯᠡᠴᠢᠯᠡᠭᠡ᠂ ᠨᠠᠰᠤᠵᠢᠯ ᠳᠤ ᠳᠣᠭᠢᠷᠠᠬᠤ ᠰᠢᠨᠡᠴᠢᠯᠡᠯᠲᠡ ᠵᠡᠷᠭᠡ ᠳᠠᠯᠳᠠ ᠬᠦᠴᠦᠨ ᠪᠦᠬᠦᠢ ᠠᠵᠤ ᠦᠢᠯᠡᠰ ᠢ ᠬᠥᠭᠵᠢᠭᠦᠯᠬᠦ ᠶᠠᠪᠤᠳᠠᠯ ᠪᠣᠯᠣᠨ᠎ᠠ᠃ ᠪᠤᠭᠤᠷᠤᠯᠴᠤᠳ ᠤᠨ ᠠᠵᠤ ᠠᠬᠤᠢ ᠶᠢ ᠬᠥᠭᠵᠢᠭᠦᠯᠬᠦ ᠪᠣᠯ ᠬᠥᠮᠦᠨ ᠠᠮᠠ ᠶᠢᠨ ᠨᠠᠰᠤᠵᠢᠯ ᠢ ᠢᠳᠡᠪᠬᠢᠲᠡᠢ ᠠᠷᠭᠠᠴᠠᠭᠠᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠪᠤᠶᠢᠵᠢᠭᠤᠯᠤᠨ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠠ ᠵᠠᠶᠢᠯᠠᠰᠢ ᠦᠭᠡᠢ ᠱᠠᠭᠠᠷᠳᠠᠯᠭ᠎ᠠ ᠮᠥᠨ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号