| 2024 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ 3 ᠤ ᠡᠳᠦᠷ ᠪᠣᠯᠲᠠᠯ᠎ᠠ᠂ ᠣᠯᠠᠨ ᠤᠯᠤᠰ ᠤᠨ | ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠦᠵᠡᠰᠬᠦᠯᠡᠩ ᠪᠡᠭᠡᠵᠢᠩ ᠤᠨ ᠣᠯᠠᠨ ᠤᠯᠤᠰ ᠤᠨ ᠰᠣᠶᠣᠯ | ᠵᠢᠭᠤᠯᠴᠢᠯᠠᠯ ᠤᠨ ᠦᠵᠡᠰᠬᠦᠯᠡᠩ ᠳᠤ ᠡᠬᠢᠯᠡᠪᠡ᠃ ᠪᠤᠭᠤᠲᠤ ᠶᠢᠨ ᠰᠤᠶᠤᠯ ᠤᠨ ᠪᠦᠲᠦᠭᠡᠯᠴᠢ ᠮᠧᠩ ᠨᠦᠩ ᠰᠢᠯᠢᠳᠡᠭ | ᠪᠦᠲᠦᠭᠡᠭᠳᠡᠬᠦᠨ ︵ᠪᠡᠭᠡᠵᠢᠩ︶ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ | ᠨᠡᠭᠦᠳᠡᠯ ᠮᠠᠯᠵᠢᠯ ᠤᠨ ᠰᠠᠭᠤᠭᠳᠠᠯ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢ ᠺᠸᠤ | ᠬᠤᠶᠢᠴᠢᠰ ᠪᠦᠲᠦᠭᠡᠯᠴᠢ ᠬᠢᠵᠠᠭᠠᠷᠲᠤ ᠺᠣᠮᠫᠠᠨᠢ᠂ ᠭᠤᠣᠯ ᠤᠨ ᠮᠣᠲᠤ ᠰᠣᠶᠣᠯ ᠵᠠᠭᠤᠴᠢᠯᠠᠭᠤᠷ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠥᠪᠥᠷ ᠮᠣᠩᠭᠤᠯ ᠤᠨ ᠦᠵᠡᠭᠦᠯᠦᠯᠭᠡ ᠶᠢᠨ ᠲᠣᠭᠤᠷᠢᠭ ᠲᠤ ᠭᠤᠶᠢᠳᠠ ᠰᠠᠶᠢᠬᠠᠨ | ᠢᠯᠡᠷᠡᠪᠡ᠃ ᠦᠵᠡᠰᠬᠦᠯᠡᠩ ᠤᠨ ᠠᠬᠤᠢ ᠲᠠᠯᠠᠪᠠᠢ ᠳᠤ᠂ ᠭᠤᠣᠯ ᠤᠨ ᠮᠣᠲᠤ ᠰᠣᠶᠣᠯ ᠵᠠᠭᠤᠴᠢᠯᠠᠭᠤᠷ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ︽DUDU ᠪᠣᠯᠣᠨ ᠲᠡᠭᠦᠨ ᠤ ᠨᠠᠶᠢᠵᠠ ᠨᠠᠷ︾ IP ᠲᠦᠷᠭᠡᠨ ᠭᠢᠯᠠᠯᠵᠠᠬᠤ᠂ | ᠺᠠᠷᠲ ᠤᠨ ᠲᠠᠮᠠᠭ᠎ᠠ ᠴᠤᠭᠯᠠᠭᠤᠯᠬᠤ ᠵᠡᠷᠭᠡ ᠬᠠᠷᠢᠯᠴᠠᠨ ᠬᠥᠳᠡᠯᠦᠯᠴᠡᠬᠦ ᠭᠤᠭᠴᠤᠭ᠎ᠠ ᠶᠢ ᠭᠠᠷᠭᠠᠵᠤ᠂ | ᠦᠵᠡᠭᠴᠢᠳ ᠲᠤ ᠥᠪᠥᠷ ᠮᠣᠩᠭᠤᠯ ᠤᠨ ᠰᠣᠶᠣᠯ ᠤᠨ ᠥᠪᠡᠷᠮᠢᠴᠡ ᠷᠢᠳᠢ ᠰᠢᠳᠢ ᠶᠢ ᠭᠦᠨᠵᠡᠭᠡᠶ ᠮᠡᠳᠡᠷᠡᠭᠦᠯᠪᠡ᠃ ᠰᠢ | ᠺᠧᠦ ᠰᠣᠶᠣᠯ ᠨᠢ ᠪᠡᠭᠡᠵᠢᠩ ᠤᠨ ᠶᠦᠩ ᠾᠧ ᠣᠷᠳᠣᠨ ᠵᠡᠷᠭᠡ ᠠᠵᠤ ᠠᠬᠤᠶᠢᠯᠠᠯ ᠲᠠᠢ ᠵᠣᠯᠭᠠᠵᠤ᠂ ᠵᠠᠬ᠎ᠠ | ᠳᠡᠯᠭᠡᠭᠦᠷ ᠢ ᠥᠷᠭᠡᠳᠭᠡᠵᠡᠢ᠃ ᠨᠡᠭᠦᠳᠡᠯ ᠮᠠᠯᠵᠢᠯ ᠪᠠ ᠴᠢ ᠮᠢᠩ ᠠᠮᠢᠳᠤ ᠪᠣᠳᠠᠰ ᠪᠣᠬᠢᠷᠲᠤᠯ ᠦᠭᠡᠢ᠂ ᠣᠷᠴᠢᠨ | ᠲᠣᠭᠤᠷᠢᠨ ᠢ ᠬᠠᠮᠠᠭᠠᠯᠠᠬᠤ᠂ ᠡᠷᠡᠭᠦᠯ ᠴᠢᠭᠢᠷᠠᠭ ᠪᠦᠲᠦᠭᠡᠭᠳᠡᠬᠦᠨ ᠢᠶᠠᠷ ᠬᠡᠷᠡᠭᠯᠡᠭᠴᠢᠳ ᠤᠨ ᠪᠠᠭ᠋ᠠᠷᠬᠠᠯ ᠢ ᠶᠡᠬᠡᠳᠡ | ᠣᠯᠤᠭᠰᠠᠨ ᠪᠠᠶᠢᠨ᠎ᠠ᠃ ᠡᠭᠦᠨ ᠤ ᠬᠠᠮᠲᠤ᠂ ᠦᠵᠡᠰᠬᠦᠯᠡᠩ ᠳᠤ ᠣᠷᠣᠯᠴᠠᠭᠰᠠᠨ ᠠᠵᠤ ᠠᠬᠤᠶᠢᠯᠠᠯ ᠡᠨᠡ ᠤᠳᠠᠭᠠᠨ ᠤ | ᠦᠵᠡᠰᠬᠦᠯᠡᠩ ᠤᠨ ᠴᠤᠭᠯᠠᠭᠠᠨ ᠳᠤ ᠪᠠᠰᠠ ᠥᠪᠥᠷ ᠮᠣᠩᠭᠤᠯ ᠤᠨ ᠣᠨᠴᠠᠯᠢᠭᠲᠤ IP ᠬᠢᠭᠡᠳ ᠦᠵᠡᠮᠵᠢ ᠶᠢᠨ ᠣᠷᠣᠨ | ᠂ ᠪᠠᠭᠤᠳᠠᠯ᠂ ᠢᠳᠡᠭᠡᠨ ᠤᠮᠳᠠᠭᠠᠨ ᠵᠢᠴᠢ ᠬᠡᠷᠡᠭᠯᠡᠭᠡᠨ ᠤ ᠵᠦᠢᠯ ᠦᠢᠯᠡᠳᠪᠦᠷᠢᠯᠡᠬᠦ ᠠᠵᠤ ᠠᠬᠤᠶᠢᠯᠠᠯ ᠵᠡᠷᠭᠡ ᠣᠯᠠᠨ | ᠲᠠᠯ᠎ᠠ ᠶᠢᠨ ᠬᠢᠨ ᠤ ᠬᠠᠮᠲᠤᠷᠠᠯᠴᠠᠨ ᠬᠡᠷᠡᠭᠯᠡᠬᠦ ᠶᠢ ᠢᠳᠡᠪᠬᠢᠲᠡᠢ ᠰᠦᠪᠡᠭᠴᠢᠯᠡᠵᠦ᠂ ᠥᠪᠥᠷ ᠮᠣᠩᠭᠤᠯ ᠤᠨ | ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠳᠤ ᠰᠢᠨ᠎ᠡ ᠠᠮᠢᠵᠢᠷᠠᠯ ᠤᠨ ᠬᠦᠴᠦᠨ | ᠨᠡᠮᠡᠷᠢᠯᠡᠪᠡ᠃ ᠵᠠᠯᠭᠠᠭᠠᠳ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︽ | ᠦᠪᠤᠷ ᠮᠤᠩᠭᠤᠯ ᠤᠨ ᠰᠣᠶᠣᠯ ᠵᠢᠭᠤᠯᠴᠢᠯᠠᠯ︾ ᠨᠠᠷᠠᠲᠤ ᠲᠡᠮᠳᠡᠭ ᠢᠶᠠᠷ ᠵᠢᠯᠣᠭᠤᠳᠤᠮᠵᠢ ᠪᠣᠯᠭᠠᠵᠤ᠂ ᠰᠣᠶᠣᠯ ᠤᠨ | ᠡᠭᠦᠳᠦᠯᠲᠡ ᠶᠢᠨ ᠨᠠᠷᠠᠲᠤ ᠲᠡᠮᠳᠡᠭ ᠢ ᠦᠷᠭᠦᠯᠵᠢᠯᠡᠨ ᠪᠣᠶ ᠪᠣᠯᠭᠠᠬᠤ ᠪᠥᠭᠡᠳ ᠡᠯ᠎ᠡ ᠰᠣᠶᠣᠯ ᠤᠨ ᠡᠭᠦᠳᠦᠯᠲᠡ ᠶᠢᠨ | ᠠᠵᠤ ᠠᠬᠤᠶᠢᠯᠠᠯ᠂ ᠤᠶᠢᠯᠡᠳᠪᠦᠷᠢ ᠶᠢᠨ ᠤᠶᠢᠯᠡᠳᠪᠦᠷᠢ ᠶᠢ ᠳᠠᠭᠠᠭᠤᠯᠤᠨ ᠡᠯ᠎ᠡ ᠵᠦᠢᠯ ᠤᠨ ᠦᠵᠡᠭᠦᠯᠦᠯᠭᠡ ᠶᠢᠨ | ᠴᠤᠭᠯᠠᠭᠠᠨ᠂ ᠰᠣᠯᠢᠯᠴᠠᠭᠠᠨ ᠤ ᠴᠤᠭᠯᠠᠭᠠᠨ ᠳᠤ ᠢᠳᠡᠪᠬᠢᠲᠡᠶ ᠣᠷᠣᠯᠴᠠᠵᠤ᠂ ᠥᠪᠥᠷ ᠮᠣᠩᠭᠤᠯ ᠤᠨ ᠰᠣᠶᠣᠯ | ᠰᠣᠶᠣᠯ ᠤᠨ ᠡᠭᠦᠳᠦᠯᠲᠡ ᠶᠢᠨ ᠠᠵᠤ ᠤᠶᠢᠯᠡᠰ ᠤᠨ ᠬᠥᠭᠵᠢᠯᠲᠡ ᠶᠢ ᠠᠬᠢᠭᠤᠯᠤᠨ᠂ ᠪᠤᠭᠤᠲᠤ ᠶᠢᠨ ᠰᠣᠶᠣᠯ ᠤᠨ | ᠡᠭᠦᠳᠦᠯᠲᠡ ᠶᠢᠨ ᠠᠵᠤ ᠤᠶᠢᠯᠡᠰ ᠤᠨ ᠤᠬᠠᠭᠤᠯᠭ᠎ᠠ ᠶᠢ ᠴᠢᠩᠭᠠᠳᠬᠠᠵᠤ᠂ ᠰᠣᠶᠣᠯ ᠵᠢᠭᠤᠯᠴᠢᠯᠠᠯ + ᠶᠢᠨ | ᠠᠭᠤᠰᠤᠯᠴᠠᠨ ᠨᠡᠭᠡᠭᠡᠨ ᠬᠥᠭᠵᠢᠭᠦᠯᠦᠯᠲᠡ ᠶᠢ ᠪᠣᠶ ᠪᠣᠯᠭᠠᠵᠤ᠂ ᠪᠤᠭᠤᠲᠤ ᠶᠢᠨ ᠰᠣᠶᠣᠯ ᠵᠢᠭᠤᠯᠴᠢᠯᠠᠯ ᠤᠨ ᠠᠵᠤ | ᠤᠶᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ | | | | | | | | | | | | ᠁ |