| ︵ᠰᠤᠷᠪᠤᠯᠵᠢᠯᠠᠭᠴᠢ ᠶᠦᠨ ᠵᠢᠩ︶ 11 ᠳ᠋ᠦ᠋ᠭᠡᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ | ᠭᠠᠩ ᠲᠤᠰᠬᠠᠢ ᠰᠡᠳᠦᠪᠲᠦ ᠬᠤᠷᠠᠯ ᠡᠷᠬᠢᠯᠡᠨ ᠬᠤᠷᠠᠯᠳᠤᠭᠤᠯᠵᠤ᠂ ᠮᠠᠨ ᠤ ᠬᠤᠲᠠ ᠶᠢᠨ ︽ᠨᠢᠭᠡ ᠬᠤᠩᠬᠢᠯ ᠬᠤᠶᠠᠷ | ᠲᠡᠩᠭᠡᠯᠢᠭ ᠲᠠᠪᠤᠨ ᠪᠦᠰᠡ︾ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ | ᠬᠠᠢ ᠳ᠋ᠦᠩ ᠣᠷᠣᠯᠴᠠᠵᠠᠢ᠃ ᠬᠤᠯᠪᠤᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ | ᠳᠠᠷᠠᠭ᠎ᠠ᠂ ᠪᠣᠣ ᠭᠠᠩ ᠬᠡᠯᠡᠬᠦ ᠳᠡᠭᠡᠨ᠂ ᠣᠷᠣᠨ ᠤ ᠲᠥᠪ ᠬᠤᠲᠠ ᠶᠢᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ | ᠬᠥᠭᠵᠢᠭᠦᠯᠬᠦ ᠪᠠᠶᠢᠷᠢᠰᠢᠯ ᠢ ᠰᠢᠰᠲ᠋ᠧᠮ ᠲᠠᠢ ᠲᠥᠯᠥᠪᠵᠢᠭᠦᠯᠦᠨ ᠠᠬᠢᠭᠤᠯᠬᠤ ᠪᠣᠯ ᠶᠡᠷᠦᠩᠬᠡᠢ ᠱᠦᠵᠢ ᠰᠢ ᠶᠢᠨ | ᠫᠢᠩ ᠤᠨ ᠰᠣᠶᠣᠯ ᠤᠨ ᠦᠵᠡᠯ ᠰᠠᠨᠠᠭ᠎ᠠ ᠶᠢ ᠲᠤᠭᠤᠰᠢᠯᠠᠭᠤᠯᠬᠤ᠂ ︽ᠬᠤᠶᠠᠷ ᠢ ᠤᠶᠠᠯᠳᠤᠭᠤᠯᠬᠤ︾ ᠴᠢᠬᠤᠯᠠ ᠶᠡᠭᠡ | ᠨᠤᠲᠠᠯᠠᠯᠲᠠ ᠶᠢ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠂ ᠪᠠᠰᠠ ᠴᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ᠂ ︽ | ᠤᠮᠠᠷᠠᠲᠤ ᠬᠢᠯᠢ ᠶᠢᠨ ᠰᠣᠶᠣᠯ︾ ᠤᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠭᠠᠷᠳᠠᠴᠠ ᠮᠥᠨ᠃ ᠣᠶᠢᠷ᠎ᠠ ᠶᠢᠨ | ᠵᠢᠯ ᠳᠤ᠂ ᠮᠠᠨ ᠤ ᠬᠤᠲᠠ ᠲᠡᠤᠬᠡ ᠰᠣᠶᠣᠯ ᠤᠨ ᠡᠬᠢ ᠪᠠᠶᠠᠯᠢᠭ᠂ ᠪᠠᠶᠢᠭᠠᠯᠢ ᠶᠢᠨ ᠠᠮᠢ ᠠᠬᠤᠶ ᠶᠢᠨ ᠳᠠᠪᠠᠭᠤᠯᠢᠭ ᠪᠠ | ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ ᠰᠠᠭᠤᠷᠢᠨ ᠳᠤ ᠲᠦᠰᠢᠭᠯᠡᠨ᠂ ︽ᠨᠢᠭᠡ ᠬᠤᠩᠬᠢᠯ ᠬᠤᠶᠠᠷ | ᠲᠡᠩᠭᠡᠯᠢᠭ ᠲᠠᠪᠤᠨ ᠪᠦᠰᠡ︾ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠵᠤ᠂ | ᠦᠷᠭᠦᠯᠵᠢᠯᠡᠨ ᠬᠦᠴᠦᠯᠡᠵᠦ᠂ ᠤᠳᠠᠭᠠᠨ ᠳᠠᠭᠠᠭᠠᠮᠠᠭᠠᠢ ᠴᠢᠷᠮᠠᠶᠢᠨ᠂ ᠦᠷᠭᠦᠯᠵᠢᠯᠡᠨ ᠬᠤᠯᠠ ᠶᠢᠨ ᠬᠠᠷᠠᠴᠠ᠂ ᠶᠡᠭᠡ | ᠪᠠᠶᠢᠷᠢᠰᠢᠯᠲᠠ᠂ ᠭᠦᠨᠵᠡᠭᠡᠶ ᠰᠢᠰᠲ᠋ᠧᠮ ᠢᠶᠠᠷ ᠲᠥᠯᠥᠪᠵᠢᠭᠦᠯᠦᠨ ᠠᠬᠢᠭᠤᠯᠬᠤ ᠬᠡᠷᠡᠭᠲᠡᠶ᠃ ᠡᠯ᠎ᠡ ᠲᠦᠷᠦᠯ ᠤᠨ ᠰᠣᠶᠣᠯ | ᠵᠢᠭᠤᠯᠴᠢᠯᠠᠯ ᠤᠨ ᠡᠬᠢ ᠪᠠᠶᠠᠯᠢᠭ ᠢ ᠰᠠᠶᠢᠲᠤᠷ ᠨᠡᠭᠡᠭᠡᠨ ᠠᠰᠢᠭᠯᠠᠵᠤ᠂ 4A᠂ 5A ᠲᠡᠰ ᠤᠨ ᠦᠵᠡᠮᠵᠢ ᠶᠢᠨ | ᠣᠷᠣᠨ ᠢ ᠡᠭᠦᠳᠦᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠳ᠋ᠠ ᠶᠣᠣ ᠵᠡᠷᠭᠡ ᠪᠠᠭᠤᠷᠢ ᠶᠢᠨ ᠴᠡᠴᠡᠷᠯᠢᠭ ᠢ | ᠢᠳᠡᠪᠬᠢᠲᠡᠢ ᠭᠤᠶᠤᠴᠢᠯᠠᠨ ᠪᠠᠶᠢᠭᠤᠯᠵᠤ᠂ ᠠᠷᠠᠳ ᠲᠤ ᠠᠰᠢᠭᠲᠠᠢ ᠳᠠᠯᠠᠨ ᠬᠠᠷ᠎ᠠ ᠠᠭᠤᠯᠠ ᠶᠢᠨ ᠠᠮᠢ ᠠᠬᠤᠢ ᠶᠢᠨ | ᠵᠤᠭᠠᠴᠠᠯ ᠢ ᠢᠳᠡᠪᠬᠢᠲᠡᠢ ᠠᠬᠢᠭᠤᠯᠵᠤ᠂ ᠰᠣᠶᠣᠯ ᠵᠢᠭᠤᠯᠴᠢᠯᠠᠯ ᠤᠨ ᠬᠠᠩᠭᠠᠯᠭ᠎ᠠ ᠶᠢᠨ ᠶᠠᠰᠤ ᠴᠢᠨᠠᠷ ᠢ ᠲᠠᠰᠤᠷᠠᠯᠲᠠ | ᠦᠭᠡᠢ ᠳᠡᠭᠡᠭᠰᠢᠯᠡᠭᠦᠯᠬᠦ ᠬᠡᠷᠡᠭᠲᠡᠢ᠃ ᠣᠨᠴᠠᠯᠢᠭ ᠢ ᠳᠤᠪᠤᠶᠢᠯᠭᠠᠵᠤ᠂ ᠦᠨᠳᠦᠷᠯᠢᠭ ᠤᠨ ᠲᠠᠯ᠎ᠠ ᠨᠤᠲᠤᠭ᠂ ᠬᠤᠳᠠ ᠶᠢᠨ | ᠦᠵᠡᠮᠵᠢ ᠶᠢᠨ ᠲᠠᠯ᠎ᠠ ᠨᠤᠲᠤᠭ᠂ ᠬᠠᠳᠤᠨ ᠭᠤᠣᠯ ᠤᠷᠳᠤ ᠴᠠᠭᠠᠨ ᠬᠡᠷᠡᠮ ᠂ ᠬᠤᠳᠠ ᠶᠢᠨ ᠲᠡᠭᠦᠷᠭᠡ ᠶᠢᠨ | ᠵᠢᠭᠤᠯᠴᠢᠯᠠᠯ ᠵᠡᠷᠭᠡ ᠤᠨᠴᠠᠯᠢᠬᠳᠤ ᠰᠣᠶᠣᠯ ᠵᠢᠭᠤᠯᠴᠢᠯᠠᠯ ᠢ ᠰᠠᠶᠢᠲᠤᠷ ᠬᠢᠵᠦ᠂ ᠲᠦᠷᠦᠯ ᠲᠡᠮᠳᠡᠭ ᠡᠭᠦᠳᠬᠦ ᠬᠡᠷᠡᠭᠲᠡᠢ | ᠃ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠡᠯᠡᠨ ᠦᠵᠡᠮᠵᠢ ᠶᠢᠨ ᠣᠷᠣᠨ ᠤ ᠡᠵᠡᠩᠨᠡᠯᠲᠡ ᠪᠠ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠦᠵᠡᠮᠵᠢ ᠶᠢᠨ ᠣᠷᠣᠨ ᠤ ᠵᠠᠮ ᠬᠠᠷᠢᠯᠴᠠᠭ᠎ᠠ᠂ ᠲᠡᠷᠭᠡᠨ | ᠵᠣᠭᠰᠣᠭᠠᠯ ᠵᠡᠷᠭᠡ ᠢᠵᠢ ᠪᠦᠷᠢᠳᠦᠭᠦᠯᠬᠦ ᠠᠵᠢᠯ ᠢ ᠨᠠᠷᠢᠯᠢᠬᠵᠢᠭᠤᠯᠤᠨ ᠰᠠᠶᠢᠲᠤᠷ ᠬᠢᠬᠦ ᠬᠡᠷᠡᠭᠲᠡᠶ᠃ ᠬᠤᠳᠠ ᠶᠢᠨ | ᠬᠡᠪᠴᠢᠶᠡᠨ ᠳᠤ ᠨᠢᠭᠡᠳᠦᠯᠲᠡᠢ ᠲᠥᠯᠥᠪᠵᠢᠭᠦᠯᠬᠦ ᠪᠠ ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠬᠦ ᠶᠢ | ᠴᠢᠩᠭᠠᠳᠬᠠᠵᠤ᠂ ︽ᠢᠳᠡᠬᠦ᠂ ᠰᠠᠭᠤᠬᠤ᠂ ᠶᠠᠪᠤᠬᠤ᠂ ᠵᠤᠭᠠᠴᠠᠬᠤ᠂ ᠬᠤᠳᠠᠯᠳᠤᠨ ᠠᠪᠬᠤ᠂ ᠴᠡᠩᠬᠡᠬᠦ︾ ᠰᠣᠶᠣᠯ | ᠵᠢᠭᠤᠯᠴᠢᠯᠠᠯ ᠤᠨ ᠪᠦᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠨᠢᠭᠡ ᠴᠤᠬᠴᠠᠵᠢᠭᠤᠯᠤᠨ ᠠᠬᠢᠭᠤᠯᠬᠤ | ᠬᠦᠴᠦᠷᠬᠡᠭ ᠶᠡᠭᠡ ᠬᠠᠮᠲᠤᠷᠠᠯ ᠢ ᠪᠣᠢ ᠪᠣᠯᠭᠠᠬᠤ ᠬᠡᠷᠡᠭᠲᠡᠢ᠃ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠲᠥᠰᠦᠪᠯᠡᠨ | ᠤᠬᠠᠭᠤᠯᠬᠤ ᠠᠵᠢᠯ ᠢ ᠰᠠᠶᠢᠲᠤᠷ ᠠᠳᠬᠤᠵᠤ᠂ ᠡᠯ᠎ᠡ ᠲᠦᠷᠦᠯ ᠤᠨ ᠦᠵᠡᠮᠵᠢ ᠶᠢᠨ ᠣᠷᠣᠨ᠂ ᠰᠣᠶᠣᠯ | ᠦᠵᠡᠰᠬᠦᠯᠡᠩ ᠤᠨ ᠣᠷᠳᠣᠨ᠂ ᠤᠨᠴᠠᠯᠢᠬᠳᠤ ᠵᠡᠭᠡᠯᠢ ᠭᠤᠳᠤᠮᠵᠢ᠂ ᠳᠠᠭᠠᠯᠳᠤᠯ ᠪᠦᠲᠦᠭᠡᠭᠳᠡᠬᠦᠨ ᠵᠡᠷᠭᠡ ᠶᠢ | ᠬᠥᠭᠵᠢᠭᠦᠯᠦᠨ᠂ ᠬᠤᠳᠠ ᠶᠢᠨ ᠠᠷᠠᠳ᠂ ᠵᠤᠭᠠᠴᠠᠭᠰᠠᠳ ᠤᠨ ᠮᠡᠳᠡᠷᠡᠮᠵᠢ ᠪᠣᠯᠤᠨ ᠬᠠᠨᠤᠮᠵᠢ ᠶᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠣᠷᠣᠨ ᠤ ᠲᠥᠪ ᠬᠤᠲᠠ ᠶᠢ ᠦᠨᠡᠨᠬᠦ ᠡᠯ᠎ᠡ ᠭᠠᠵᠠᠷ ᠤᠨ ᠵᠤᠭᠠᠴᠠᠭᠰᠠᠳ ᠤᠨ ᠵᠢᠷᠦᠬᠡ | ᠰᠡᠳᠬᠢᠯ ᠳᠤ ᠰᠠᠭᠤᠭᠳᠠᠭᠰᠠᠨ ᠵᠢᠭᠤᠯᠴᠢᠯᠠᠯ ᠤᠨ ᠵᠣᠷᠢᠭᠰᠠᠨ ᠭᠠᠵᠠᠷ ᠪᠣᠯᠭᠠᠬᠤ ᠬᠡᠷᠡᠭᠲᠡᠢ ᠭᠡᠵᠡᠢ᠃ ᠯᠢᠦ ᠵᠢᠢ ᠶᠢᠩ᠂ | ᠸᠠᠩ ᠺᠦᠨ᠂ ᠼᠤᠤ ᡁᠢ᠂ ᠯᠢ ᠰᠢᠶᠣᠣ ᠶᠠᠨ᠂ ᠸᠠᠩ ᠢᠦᠢ ᠲᠢᠶᠠᠨ᠂ ᠵᠤᠤ ᠶᠠᠨ ᠷᠤ᠋ ᠨᠠᠷ ᠣᠷᠣᠯᠴᠠᠪᠠ᠃ | | | | | | | | | | | | ᠁ |