ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠡᠪᠦᠯ ᠤᠨ ᠤᠯᠠᠷᠢᠯ ᠤᠨ ᠵᠤᠭᠠᠴᠠᠯ ᠢ ︽ᠬᠦᠢᠲᠡᠨ ᠡᠬᠢ‌‍ᠪᠠᠶᠠᠯᠢᠭ︾ ᠠᠴᠠ ︽ᠬᠠᠯᠠᠭᠤᠨ ᠠᠵᠤ ᠦᠢᠯᠡᠰ︾ ᠪᠣᠯᠭᠠᠨ ᠬᠤᠪᠢᠷᠠᠭᠤᠯᠬᠤ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/11/15
        ︽ᠥᠪᠥᠷ ᠮᠣᠩᠭᠤᠯ · ᠪᠠᠶᠠᠷ ᠪᠠᠶᠠᠰᠬᠤᠯᠠᠩᠳᠤ ᠮᠥᠰᠥ ᠴᠠᠰᠤᠨ ᠤ ᠤᠯᠠᠷᠢᠯ︾ ᠤᠨ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠢ ᠤᠯᠠᠮ ᠨᠢᠭᠡ ᠠᠯᠬᠤᠮ ᠤᠬᠠᠭᠤᠯᠵᠤ᠂ ᠤᠯᠠᠭᠠᠨᠴᠠᠪ ᠤᠨ ᠭᠠᠯᠲᠤ ᠠᠭᠤᠯᠠ ᠶᠢᠨ ᠥᠪᠡᠷᠮᠢᠴᠡ ᠰᠣᠶᠣᠯ ᠤᠨ ᠲᠠᠲᠠᠬᠤ ᠬᠦᠴᠦᠨ ᠪᠠ ᠮᠥᠰᠥ ᠴᠠᠰᠤᠨ ᠤ ᠵᠠᠩ ᠦᠢᠯᠡ ᠶᠢ ᠳᠡᠯᠭᠡᠨ ᠦᠵᠡᠭᠦᠯᠬᠦ ᠶᠢᠨ ᠲᠥᠯᠥᠭᠡ᠂ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤ ᠨᠠᠷᠢᠨ ᠨᠢᠮᠪᠠᠢ ᠲᠥᠯᠥᠪᠯᠡᠵᠦ᠂ ︽ᠭᠠᠯᠲᠤ ᠠᠭᠤᠯᠠ ᠪᠠᠷ ᠵᠤᠭᠠᠴᠠᠵᠤ · ᠣᠷᠭᠢᠯᠤᠮ᠎ᠠ ᠰᠡᠳᠬᠢᠯᠭᠡ ᠪᠠᠨ ᠰᠡᠷᠭᠦᠭᠡᠬᠦ︾ ᠪᠠᠷ ᠭᠤᠣᠯ ᠰᠡᠳᠦᠪ ᠪᠣᠯᠭᠠᠭᠰᠠᠨ ᠰᠢᠷᠢᠰ ᠠᠵᠢᠯᠯᠠᠭ᠎ᠠ ᠶᠢ ᠶᠠᠪᠤᠭᠳᠠᠭᠤᠯᠵᠤ᠂ ᠭᠠᠯᠲᠤ ᠠᠭᠤᠯᠠ ᠶᠢᠨ ᠡᠪᠦᠯ ᠤᠨ ᠵᠤᠭᠠᠴᠠᠯ ᠢ ︽ᠬᠥᠭᠵᠢᠶᠡᠨ ᠲᠠᠢ︾ ᠪᠣᠯᠭᠠᠪᠠ᠃ 11ᠰᠠᠷ᠎ᠠ ᠶᠢᠨ 16 ᠤ ᠡᠳᠦᠷ ᠠᠴᠠ ᠡᠬᠢᠯᠡᠨ᠂ 88 ᠡᠳᠦᠷ ᠤᠨ ᠬᠤᠭᠤᠴᠠᠭ᠎ᠠ ᠲᠠᠢ ︽ᠭᠠᠯᠲᠤ ᠠᠭᠤᠯᠠ ᠪᠠᠷ ᠵᠤᠭᠠᠴᠠᠵᠤ · ᠣᠷᠭᠢᠯᠤᠮ᠎ᠠ ᠰᠡᠳᠬᠢᠯᠭᠡ ᠪᠠᠨ ᠰᠡᠷᠭᠦᠭᠡᠬᠦ︾ ᠰᠡᠳᠦᠪᠳᠦ ᠡᠪᠦᠯ ᠤᠨ ᠤᠯᠠᠷᠢᠯ ᠤᠨ ᠵᠤᠭᠠᠴᠠᠯ ᠤᠨ ᠰᠢᠷᠢᠰ ᠠᠵᠢᠯᠯᠠᠭ᠎ᠠ ᠤᠯᠠᠭᠠᠨᠴᠠᠪ ᠤᠨ ᠭᠠᠯᠲᠤ ᠠᠭᠤᠯᠠᠨ ᠳᠤ ᠦᠪᠡᠳᠡᠭᠰᠢ ᠶᠡᠭᠡ ᠪᠠᠷ ᠡᠬᠢᠯᠡᠬᠦ ᠪᠣᠯᠤᠨ᠎ᠠ᠃      ᠨᠢᠭᠡ᠂ ᠣᠬᠢ ᠰᠢᠯᠢᠳᠡᠭ ᠡᠪᠦᠯ ᠤᠨ ᠤᠯᠠᠷᠢᠯ ᠤᠨ ᠵᠤᠭᠠᠴᠠᠯ ᠤᠨ ᠵᠠᠮ ᠱᠤᠭᠤᠮ᠃ ᠵᠤᠭᠠᠴᠠᠭᠰᠠᠳ ᠢ ᠣᠬᠤᠷᠬᠠᠨ ᠬᠤᠭᠤᠴᠠᠭᠠᠨ ᠤ ᠳᠣᠲᠣᠷ᠎ᠠ ᠣᠯᠠᠨ ᠵᠤᠭᠠᠴᠠᠯ ᠤᠨ ᠦᠵᠡᠮᠵᠢ ᠶᠢᠨ ᠣᠷᠣᠨ ᠳᠤ ᠣᠴᠢᠭᠤᠯᠵᠦ᠂ᠵᠤᠭᠠᠴᠠᠨ ᠨᠠᠭᠠᠳᠬᠤ ᠴᠠᠭ ᠢ ᠠᠷᠪᠢᠯᠠᠵᠦ᠂ ᠵᠤᠭᠠᠴᠠᠯ ᠤᠨ ᠠᠶᠢᠵᠠᠮ ᠢ ᠨᠡᠩ ᠨᠢᠭᠲᠠ ᠪᠣᠯᠭᠠᠬᠤ ᠶᠢᠨ ᠲᠥᠯᠥᠭᠡ᠂ᠡᠮᠦᠨ᠎ᠡ ᠬᠡᠰᠡᠭ ᠂ ᠬᠤᠶᠢᠳᠤ ᠬᠡᠰᠡᠭ ᠤᠨ ᠵᠤᠭᠠᠴᠠᠭᠰᠠᠳ ᠤᠨ ᠲᠥᠪ᠂ 3 ᠳ᠋ᠤᠭᠠᠷ ᠨᠣᠮᠧᠷᠲᠤ ᠭᠠᠯᠲᠤ ᠠᠭᠤᠯᠠ ᠵᠢ‌ᠬᠤᠯᠪᠣᠯᠳᠤᠭᠤᠯᠵᠤ᠂ ᠦᠵᠡᠮᠵᠢ ᠶᠢᠨ ᠣᠷᠣᠨ ᠤ ᠡᠮᠦᠨ᠎ᠡ ᠤᠮᠠᠷ᠎ᠠ ᠵᠠᠮ ᠤᠨ ᠬᠡᠰᠡᠭ ᠢ ᠬᠤᠯᠪᠣᠬᠤ ᠶᠢᠨ ᠬᠠᠮᠲᠤ‌ᠤᠳᠤᠨ ᠮᠡᠴᠢᠳ ᠢ ᠰᠤᠨᠢᠷᠬᠠᠬᠤ ᠭᠠᠵᠠᠷ᠂ ᠠᠷᠠᠳ ᠤᠨ ᠣᠷᠣᠨ ᠰᠠᠭᠤᠴᠠ᠂ ᠠᠮᠲᠠᠲᠤ ᠢᠳᠡᠭᠡᠨ ᠵᠡᠷᠭᠡ ᠵᠢ‌ᠤᠶᠠᠯᠳᠤᠭᠤᠯᠤᠨ ᠡᠪᠦᠯ ᠤᠨ ᠤᠯᠠᠷᠢᠯ ᠤᠨ ᠵᠤᠭᠠᠴᠠᠯ ᠤᠨ ᠰᠣᠳᠣᠨ ᠵᠠᠮ ᠱᠤᠭᠤᠮ ᠢ ᠪᠤᠢ ᠪᠣᠯᠭᠠᠪᠠ᠃      ᠬᠤᠶᠠᠷ᠂ ︽ᠭᠠᠯᠲᠤ ᠠᠭᠤᠯᠠ ᠶᠢᠨ ᠰᠥᠨᠢ︾ ᠰᠡᠳᠦᠪᠳᠦ ᠳᠠᠭᠤᠤ ᠬᠥᠭᠵᠢᠮ ᠰᠤᠨᠢᠷᠬᠠᠬᠤ ᠵᠠᠮ ᠱᠤᠭᠤᠮ᠃ᠭᠠᠯᠲᠤ ᠠᠭᠤᠯᠠ ᠶᠢᠨ ᠨᠠᠶᠢᠷᠠᠯ ᠳᠠᠭᠤᠤ ᠪᠠᠷ ᠡᠬᠢᠯᠡᠯᠲᠡ ᠪᠣᠯᠭᠠᠵᠤ᠂ ︽ᠲᠥᠮᠥᠰᠥᠨ ᠪᠥᠵᠢᠭ︾ ᠤᠨ ᠲᠣᠭᠯᠠᠯᠲᠠ᠂ᠬᠤᠸᠠᠷ ᠫᠤᠤᠵᠢᠩ ᠤᠨ ᠦᠵᠡᠭᠦᠯᠭᠡ᠂ ᠭᠠᠯᠲᠤ ᠳᠡᠪᠦᠷ᠎ᠡ ᠶᠢᠨ ᠲᠣᠭᠯᠠᠯᠲᠠ ᠵᠡᠷᠭᠡ ᠠᠵᠢᠯᠯᠠᠭᠠᠨ ᠲᠠᠢ ᠬᠠᠮᠵᠢᠯᠴᠠᠨ᠂ᠡᠪᠦᠯ ᠤᠨ ᠤᠯᠠᠷᠢᠯ ᠤᠨ ᠵᠤᠭᠠᠴᠠᠯ ᠤᠨ ︽ᠬᠦᠭᠵᠢᠶᠡᠨ︾ ᠢ ᠨᠣᠴᠣᠭᠠᠪᠠ᠃ ᠡᠭᠦᠨ ᠤ ᠬᠠᠮᠲᠤ᠂ ᠭᠠᠷᠠᠭ ᠪᠦᠷᠢ‌‍ᠰᠦ᠋ ᠲᠠᠢ ᠴᠠᠢ᠂ ᠺᠣᠹᠧ᠂ ᠬᠥᠯᠳᠡᠭᠡᠭᠰᠡᠨ ᠲᠥᠮᠥᠰᠥ᠂ ᠰᠢᠷᠠᠮᠠᠯ ᠲᠥᠮᠥᠰᠥ᠂ ᠬᠥᠯᠳᠡᠭᠦᠦ ᠠᠯᠢᠮ᠎ᠠ ᠵᠢᠴᠢ ᠮᠣᠩᠭᠤᠯ‌‍ᠭᠡᠷ᠂ ᠲᠦᠳᠡᠭ ᠭᠠᠯ ᠵᠡᠷᠭᠡ ᠶᠢ ᠵᠢᠭᠤᠯᠴᠢᠯᠠᠭᠰᠠᠳ ᠲᠤ ᠦᠨ᠎ᠡ ᠲᠥᠯᠥᠪᠦᠷᠢ ᠦᠭᠡᠢ ᠪᠠᠷ ᠬᠠᠩᠭᠠᠬᠤ ᠪᠤᠯᠤᠨ᠎ᠠ᠃      ᠭᠤᠷᠪᠠ᠂ ︽ᠭᠠᠯᠲᠤ ᠠᠭᠤᠯᠠ ᠶᠢᠨ ᠬᠥᠮᠦᠨ ᠦᠭᠡᠢ ᠨᠢᠰᠭᠡᠯ ᠤᠨ ᠵᠢᠭᠰᠠᠭᠠᠯ︾ ᠰᠡᠳᠦᠪᠳᠦ ᠬᠠᠷᠠᠭᠠᠨ ᠰᠠᠷᠠᠯ ᠤᠨ ᠦᠪᠡᠳᠡᠭᠰᠢ ᠳᠠᠢᠯᠠᠯᠭ᠎ᠠ᠃ 3 ᠳ᠋ᠤᠭᠠᠷ ᠨᠣᠮᠧᠷᠲᠦ ᠭᠠᠯᠲᠤ ᠠᠭᠤᠯᠠ ᠶᠢᠨ ᠭᠤᠣᠯ ᠴᠣᠭᠴᠠ ᠶᠢᠨ ᠳᠡᠭᠡᠷ᠎ᠡ 2000 ᠬᠥᠮᠦᠨ ᠥᠬᠡᠢ ᠨᠢᠰᠭᠡᠯ ᠢᠶᠠᠷ ᠳᠠᠮᠵᠢᠨ ᠰᠢᠨ᠎ᠡ ᠡᠭᠦᠳᠦᠯᠲᠡ ᠶᠢᠨ ᠦᠵᠡᠭᠦᠯᠦᠯᠭᠡ ᠬᠢᠨ᠎ᠡ᠃ ᠵᠢᠭᠰᠠᠭᠠᠯ ‍ᠤᠨ‌‍ᠬᠡᠯᠪᠡᠷᠢ ᠪᠠᠷ ᠭᠠᠯᠲᠤ ᠠᠭᠤᠯᠠ ᠶᠢᠨ ᠦᠵᠡᠮᠵᠢ ᠶᠢᠨ ᠣᠷᠣᠨ ᠤ ᠥᠩᠭᠡ ᠦᠵᠡᠮᠵᠢ ᠵᠢᠴᠢ ᠥᠪᠥᠷ ᠮᠣᠩᠭᠤᠯ ‍ᠤᠨ‌ᠣᠨᠴᠠᠯᠢᠭᠲᠤ ᠡᠯᠧᠮᠧᠨ᠋ᠲ ᠤᠨ ᠵᠢᠷᠤᠭ ᠳᠦᠷᠰᠦ ᠢ ᠪᠦᠷᠢᠯᠳᠦᠭᠦᠯᠵᠦ᠂ ᠲᠣᠰ ᠤᠳᠠᠭᠠᠨ ᠤ ᠠᠵᠢᠯᠯᠠᠭ᠎ᠠ ᠶᠢᠨ ᠭᠤᠤᠯ‌‍ᠰᠡᠳᠦᠪᠲᠦ ᠥᠰᠥᠭ ᠢ ᠪᠦᠷᠢᠯᠳᠦᠭᠦᠯᠦᠨ᠎ᠡ᠃      ᠲᠦᠷᠪᠡ᠂ ︽ᠭᠤᠸᠠᠩ ᠬᠠᠨ ᠬᠦᠩ ᠣᠷᠳᠣᠨ ᠳᠠᠬᠢ ᠴᠠᠩ ᠧ︾ ᠭᠡᠬᠦ ᠭᠤᠣᠯ ᠰᠡᠳᠦᠪᠲᠦ IP ᠶᠢ ᠪᠠᠶᠢᠭᠤᠯᠤᠨ᠎ᠠ᠃ ᠡᠪᠦᠯ ᠤᠨ ᠤᠯᠠᠷᠢᠯ ᠤᠨ ᠭᠠᠯᠲᠤ ᠠᠭᠤᠯᠠ ᠶᠢᠨ ᠰᠠᠷᠠᠨ ᠪᠥᠮᠪᠥᠷᠴᠡᠭ ᠤᠨ ᠭᠠᠵᠠᠷ ᠤᠨ ᠭᠠᠳᠠᠷᠭᠤ ᠲᠠᠢ ᠲᠦᠰᠳᠡᠢ ᠥᠪᠡᠷᠮᠢᠴᠡ ᠣᠨᠴᠠᠯᠢᠭ ᠢ ᠠᠰᠢᠭᠯᠠᠨ᠂ ︽ᠰᠢ ᠠᠨ ᠤ ᠳ᠋ᠠ ᠲᠠᠩ ᠤᠨ ᠦᠳᠡᠰᠢ ᠦᠭᠡᠢ ᠬᠤᠲᠠ︾ ᠪᠠᠷ ᠪᠠᠷᠢᠮᠵᠢᠶᠠᠯᠠᠵᠤ᠂ ︽ᠭᠤᠸᠠᠩ ᠬᠠᠨ ᠬᠦᠩ ᠣᠷᠳᠣᠨ ᠳᠠᠬᠢ ᠴᠠᠩ ᠧ︾ ᠶᠢᠨ IP ᠢ ᠴᠣᠭᠴᠠᠯᠠᠵᠤ ᠂ᠰᠦᠯᠵᠢᠶᠡᠨ ᠳᠡᠭᠡᠷᠡᠬᠢ ᠰᠣᠶᠣᠯ ᠵᠢᠭᠤᠯᠴᠢᠯᠠᠯ ᠤᠨ ᠬᠠᠯᠠᠮᠰᠢᠯ ᠤᠨ ᠴᠡᠭ ᠪᠣᠯᠭᠠᠬᠤ ᠪᠠᠷ ᠴᠢᠷᠮᠠᠶᠢᠨ᠎ᠡ᠃ᠲᠠᠷᠠᠭᠠᠴᠢ ᠶᠢᠨ ᠠᠯᠬᠤᠮ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠦᠷᠭᠦᠯᠵᠢᠯᠡᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠰᠡᠳᠬᠢᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠡᠪᠦᠯ ᠤᠨ ᠤᠯᠠᠷᠢᠯ ᠤᠨ ᠵᠤᠭᠠᠴᠠᠭᠰᠠᠳ ᠢ 200 ᠲᠦᠮᠡ ᠳᠤ ᠬᠦᠷᠦᠭᠦᠯᠵᠦ᠂ ᠣᠷᠣᠯᠭ᠎ᠠ ᠶᠢ 3 ᠳ᠋ᠦᠩᠰᠢᠭᠤᠷ ᠲᠥᠭᠦᠷᠢᠭ ᠳᠠᠪᠠᠭᠤᠯᠬᠤ ᠪᠠᠷ‌‍ᠴᠢᠷᠮᠠᠶᠢᠵᠤ᠂ ᠭᠠᠯᠲᠤ ᠠᠭᠤᠯᠠ ᠶᠢᠨ ᠵᠢᠭᠤᠯᠴᠢᠯᠠᠯ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
 
ᠢᠷᠡᠯᠲᠡ᠄ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠤᠨ ᠲᠤᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号