11 ᠰᠠᠷ᠎ᠠ ᠶᠢᠨ 16 ᠤ ᠡᠳᠦᠷ᠂ ᠤᠯᠠᠭᠠᠨᠴᠠᠪ ᠤᠨ ᠬᠤᠶᠠᠳᠤᠭᠠᠷ ᠬᠤᠭᠤᠴᠠᠭᠠᠨ ᠤ ︽ᠮᠥᠰᠥ | ᠴᠠᠰᠤᠨ ᠤᠬᠠᠶᠢᠷᠠ︾ ᠵᠢᠭᠤᠯᠴᠢᠯᠠᠯ ᠤᠨ ᠤᠯᠠᠷᠢᠯ ᠥᠪᠥᠷ ᠮᠣᠩᠭᠤᠯ ᠤᠨ ᠤᠯᠠᠭᠠᠨᠴᠠᠪ ᠤᠨ ᠳ᠋ᠠ ᠾᠧ ᠸᠠᠨ | ᠴᠠᠰᠤᠨ ᠳᠤ ᠭᠤᠯᠭᠤᠬᠤ ᠲᠠᠯᠠᠪᠠᠢ ᠳᠤ ᠡᠬᠢᠯᠡᠪᠡ᠃ ᠤᠯᠠᠭᠠᠨ ᠬᠠᠳᠠ ᠶᠢᠨ ᠭᠠᠯᠲᠤ ᠠᠭᠤᠯᠠ᠂ ᠴᠠ ᠬᠠᠨ ᠶᠢᠩ | ᠴᠠᠰᠤᠨ ᠳ᠋ᠤ᠋ᠭᠤᠯᠭᠤᠬᠤ ᠲᠠᠯᠠᠪᠠᠢ᠂ ᠯᠢᠶᠠᠩᠴᠧᠩ ᠤᠨ ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠶᠢᠨ | ᠠᠵᠢᠯᠯᠠᠭᠠᠵᠡᠷᠭᠡᠪᠡᠷ ᠶᠠᠪᠤᠭᠳᠠᠪᠠ᠃ | ᠲᠣᠰ ᠤᠳᠠᠭᠠᠨ ᠤ ᠠᠵᠢᠯᠯᠠᠭ᠎ᠠ ᠨᠢ ︽ᠤᠳᠤ ᠦᠵᠡᠬᠦ᠂ ᠰᠠᠷ᠎ᠠ ᠰᠣᠨᠢᠷᠬᠠᠬᠤ᠂ ᠭᠠᠯᠲᠤ ᠠᠭᠤᠯᠠ ᠪᠠᠷ | ᠵᠤᠭᠠᠴᠠᠬᠤ︾ ︽ᠴᠠᠰᠤᠨ ᠭᠤᠯᠭᠤᠯᠳᠠ᠂ ᠠᠮᠲᠠᠲᠤ ᠢᠳᠡᠭᠡᠨ᠂ ᠬᠠᠯᠠᠭᠤᠨ ᠷᠠᠰᠢᠶᠠᠨ︾ ᠢᠶᠠᠷ ᠭᠤᠤᠯ | ᠰᠢᠵᠢᠮᠪᠣᠯᠭᠠᠵᠤ᠂ 8 ᠭᠤᠣᠯᠳᠠᠯᠭ᠎ᠠ ᠲᠠᠢ ᠦᠵᠡᠮᠵᠢ ᠶᠢᠨ ᠣᠷᠣᠨ ︵ᠲᠤᠬᠠᠶᠢᠯᠠᠪᠠᠯ ᠤᠯᠠᠭᠠᠨᠴᠠᠪ ᠤᠨ ᠭᠠᠯᠲᠤ | ᠠᠭᠤᠯᠠ᠂ᠤᠯᠠᠭᠠᠨᠴᠠᠪ ᠤᠨ ᠰᠥᠨᠢ ᠶᠢᠨ ᠵᠡᠭᠡᠯᠢ ᠲᠣᠭᠤᠷᠢᠭ᠂ ᠯᠢᠨ ᠬᠤ᠋ ᠶᠢᠨ ᠡᠷᠲᠡᠨ ᠤ ᠴᠠᠶᠢᠵᠠ ᠶᠢᠨ | ᠦᠵᠡᠮᠵᠢ ᠶᠢᠨ ᠣᠷᠣᠨ᠂ᠤᠯᠠᠭᠠᠨ ᠬᠠᠳᠠ ᠶᠢᠨ ᠠᠮᠢ ᠠᠬᠤᠶ ᠶᠢᠨ ᠵᠢᠭᠤᠯᠴᠢᠯᠠᠯ ᠤᠨ ᠣᠷᠣᠨ᠂ ᠵᠢᠨᠢᠩ ᠤᠨ ᠣᠯᠠᠨ | ᠤᠯᠤᠰ ᠤᠨ ᠠᠷᠠᠰᠤᠨ ᠡᠳ᠋ᠯᠡᠯ ᠤᠨ ᠬᠤᠲᠠ᠂ ᠳ᠋ᠠ ᠾᠧ ᠸᠠᠨ ᠴᠠᠰᠤᠨ ᠳᠤ ᠭᠤᠯᠭᠤᠬᠤ ᠲᠠᠯᠠᠪᠠᠶ᠂ ᠯᠢᠶᠠᠩᠴᠧᠩ ᠤᠨ | ᠴᠠᠰᠤᠨ ᠳ᠋ᠤ᠋ᠭᠤᠯᠭᠤᠬᠤ ᠲᠠᠯᠠᠪᠠᠶ︶᠂ 45 ᠠᠷᠠᠳ ᠤᠨ ᠪᠠᠭᠤᠳᠠᠯ᠂ 3 ᠶᠡᠭᠡ ᠴᠠᠰᠤᠨ ᠳᠤ ᠭᠤᠯᠭᠤᠬᠤ ᠲᠠᠯᠠᠪᠠᠶ᠂ | 5 ᠬᠠᠯᠠᠭᠤᠨ ᠷᠠᠰᠢᠶᠠᠨ ︵ᠲᠤᠬᠠᠶᠢᠯᠠᠪᠠᠯ ᠮᠣᠷᠢᠨ ᠳᠠᠪᠠᠭ᠎ᠠ ᠶᠢᠨ ᠬᠠᠯᠠᠭᠤᠨ ᠷᠠᠰᠢᠶᠠᠨ᠂ ᠸᠠᠨ ᠳ᠋ᠧᠩ ᠬᠠᠯᠠᠭᠤᠨ | ᠷᠠᠰᠢᠶᠠᠨ᠂ ᠶᠦᠩ ᠯᠢᠶᠠᠩ ᠬᠠᠯᠠᠭᠤᠨ ᠷᠠᠰᠢᠶᠠᠨ︶ ᠵᠡᠷᠭᠡ ᠡᠬᠢ ᠪᠠᠶᠠᠯᠢᠭ ᠲᠤ ᠲᠦᠰᠢᠭᠯᠡᠨ᠂ 2024 ᠣᠨ ᠤ 11 | ᠰᠠᠷ᠎ᠠ ᠶᠢᠨ 16 ᠤ ᠡᠳᠦᠷ ᠪᠥᠬᠦ ᠲᠠᠯ᠎ᠠ ᠪᠠᠷ ᠡᠬᠢᠯᠡᠭᠦᠯᠵᠦ᠂ 2025 ᠣᠨ ᠤ 3 ᠰᠠᠷ᠎ᠠ ᠶᠢᠨ ᠡᠬᠢ ᠪᠠᠷ | ᠳᠠᠭᠤᠰᠤᠨ᠎ᠠ᠃ ︽1ᠴᠡᠭ 7 ᠱᠤᠭᠤᠮ᠂ ᠵᠠᠭᠤᠨ ᠡᠳᠦᠷ ᠵᠠᠭᠤᠨ ᠲᠠᠯᠠᠪᠠᠢ︾ ︵ᠲᠤᠬᠠᠶᠢᠯᠠᠪᠠᠯ ᠤᠯᠠᠭᠠᠨ | ᠬᠠᠳᠠ ᠶᠢᠨ ᠭᠠᠯᠲᠤᠠᠭᠤᠯᠠ ᠶᠢᠨ ᠭᠤᠣᠯ ᠳᠡᠯᠪᠡᠷᠡᠯᠲᠡ ᠶᠢᠨ ᠴᠡᠭ᠂ 7 ᠵᠢᠭᠤᠯᠴᠢᠯᠠᠯ ᠤᠨ ᠵᠠᠮ ᠱᠤᠭᠤᠮ︶ ᠤᠨ | ᠲᠣᠭᠤᠷᠢᠨ ᠳᠤ ᠵᠠᠭᠤᠨᠡᠳᠦᠷ ᠦᠷᠭᠦᠯᠵᠢᠯᠡᠭᠦᠯᠵᠦ᠂ ᠡᠯ᠎ᠡ ᠲᠥᠷᠥᠯ ᠤᠨ ᠠᠵᠢᠯᠯᠠᠭ᠎ᠠ ᠶᠢ ᠪᠠᠷᠤᠭ 100 ᠲᠠᠯᠠᠪᠤᠷ | ᠡᠷᠬᠢᠯᠡᠵᠦ᠂ ︽ᠬᠦᠢᠲᠡᠨᠡᠬᠢ ᠪᠠᠶᠠᠯᠢᠭ︾ ᠢ ︽ᠬᠠᠯᠠᠭᠤᠨ ᠠᠵᠤ ᠦᠢᠯᠡᠰ︾ ᠪᠣᠯᠭᠠᠬᠤ ᠶᠢ ᠠᠬᠢᠭᠤᠯᠤᠨ᠎ᠠ᠃ |