| ᠣᠶᠢᠷ᠎ᠠ ᠳᠤ᠂ ᠬᠥᠬᠡᠬᠤᠲᠠ ᠶᠢᠨ ᠡᠪᠯᠡᠯ ᠤᠨ ᠬᠤᠷᠢᠶ᠎ᠠ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠯᠤᠭ᠎ᠠ ᠬᠠᠮᠲᠤᠷᠠᠨ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠬᠦᠷᠴᠦ᠂ ︽ | ᠬᠦᠬᠡᠬᠤᠲᠠᠨ᠎ᠠ ᠴᠤᠭᠯᠠᠷᠠᠬᠤ︾ ᠪᠠᠷ ︽ᠲᠠᠪᠤᠨ ᠲᠦᠮᠡᠨ ᠣᠶᠤᠲᠠᠨ ᠢ ᠬᠦᠬᠡᠬᠤᠲᠠᠨ᠎ᠠ ᠬᠤᠴᠤᠷᠭᠠᠵᠤ ᠠᠵᠢᠯᠯᠠᠭᠤᠯᠬᠤ | ︾ ᠳᠤ ᠬᠦᠴᠦᠨ ᠨᠡᠮᠡᠷᠢᠯᠡᠬᠦ ᠲᠤᠰᠬᠠᠢ ᠠᠵᠢᠯᠯᠠᠭᠠᠨ · ᠶᠡᠭᠡ ᠳᠡᠭᠡᠳᠦ ᠰᠤᠷᠭᠠᠭᠤᠯᠢ ᠳᠤ ᠲᠥᠷᠥ ᠶᠢᠨ ᠪᠣᠳᠣᠯᠭ᠎ᠠ ᠶᠢ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠪᠡ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ | 200 ᠭᠠᠷᠤᠢ ᠰᠢᠯᠢᠳᠡᠭ ᠵᠠᠯᠠᠭᠤ ᠰᠤᠷᠤᠭᠴᠢᠳ ᠤᠨ ᠲᠦᠯᠦᠭᠡᠯᠡᠭᠴᠢᠳ ᠲᠤᠰ ᠠᠵᠢᠯᠯᠠᠭ᠎ᠠ ᠳᠤ ᠣᠷᠣᠯᠴᠠᠪᠠ᠃ | ᠣᠶᠢᠯᠠᠭᠠᠭᠰᠠᠨ ᠢᠶᠠᠷ᠂ ᠲᠣᠰ ᠲᠠᠯᠠᠪᠤᠷ ᠤᠨ ᠠᠵᠢᠯᠯᠠᠭ᠎ᠠ ᠨᠢ ᠪᠣᠯ ᠬᠥᠬᠡᠬᠤᠲᠠ ᠶᠢᠨ ᠡᠪᠯᠡᠯ ᠤᠨ ᠬᠤᠷᠢᠶᠠᠨ ᠤ | ᠶᠡᠭᠡ ᠳᠡᠭᠡᠳᠦ ᠰᠤᠷᠭᠠᠭᠤᠯᠢ ᠳᠠᠬᠢ ᠠᠩᠬᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠣᠯᠬᠤ ᠪᠦᠭᠡᠳ᠂ | ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ | ᠬᠠᠷᠢᠭᠤᠴᠠᠯᠭᠠᠲᠠᠨ ᠠᠴᠠ ᠰᠤᠷᠤᠭᠴᠢᠳ ᠤᠨ ᠵᠦᠪ ᠣᠨᠤᠪᠴᠢᠲᠠᠢ ᠠᠵᠢᠯ ᠮᠡᠷᠭᠡᠵᠢᠯ ᠤᠨ ᠬᠦᠰᠡᠯᠡᠩ ᠪᠠ ᠠᠵᠢᠯ | ᠮᠡᠷᠭᠡᠵᠢᠯ ᠤᠨ ᠦᠵᠡᠯᠲᠡ ᠲᠠᠢ ᠪᠣᠯᠵᠤ᠂ ᠠᠵᠢᠯ ᠰᠣᠩᠭᠤᠬᠤ ᠰᠢᠢᠳᠪᠦᠷᠢᠲᠦ ᠪᠣᠳᠣᠯᠭ᠎ᠠ ᠵᠢᠴᠢ ᠠᠵᠢᠯ ᠮᠡᠷᠭᠡᠵᠢᠯ ᠤᠨ | ᠬᠦᠰᠡᠯ ᠬᠦᠭᠡᠭᠡᠴᠡᠯᠳᠦᠯ ᠲᠥᠯᠥᠪᠵᠢᠭᠦᠯᠭᠡ ᠪᠠᠨ ᠰᠠᠶᠢᠲᠤᠷ ᠬᠢᠬᠦ ᠳᠤ ᠨᠢ ᠬᠠᠪᠰᠤᠷᠤᠮᠵᠢ ᠦᠵᠡᠭᠦᠯᠬᠦ ᠪᠠᠷ | ᠬᠥᠬᠡᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠯᠤᠭ᠎ᠠ ᠤᠶᠠᠯᠳᠤᠭᠤᠯᠤᠨ᠂ ᠱᠠᠲᠤ | ᠦᠶ᠎ᠡ ᠶᠢᠨ ᠦᠷ᠎ᠡ ᠪᠦᠲᠦᠮᠵᠢ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠲᠠᠪᠴᠠᠩ ᠪᠠᠶᠢᠭᠤᠯᠬᠤ᠂ | ᠦᠢᠯᠡᠴᠢᠯᠡᠭᠡ ᠪᠠᠨ ᠴᠢᠩᠭᠠᠳᠬᠠᠬᠤ ᠵᠡᠷᠭᠡ ᠠᠴᠠ ︽ᠲᠠᠪᠤᠨ ᠲᠦᠮᠡᠨ ᠤᠶᠤᠲᠠᠳ ᠢ ᠬᠥᠬᠡᠬᠤᠲᠠ ᠳᠤ ᠬᠤᠴᠤᠷᠭᠠᠬᠤ | ᠢᠨᠵᠧᠨᠧᠷᠢᠩ︾ ᠢ ᠬᠡᠷᠡᠭᠵᠢᠭᠦᠯᠦᠭᠰᠡᠨ ᠦᠷ᠎ᠡ ᠪᠦᠲᠦᠮᠵᠢ ᠵᠢᠴᠢ ᠤᠶᠤᠲᠠᠳ ᠤᠨ ᠠᠵᠢᠯ ᠤᠯᠬᠤ᠂ ᠠᠳᠠᠯ ᠦᠢᠯᠡᠰ | ᠴᠣᠭᠴᠠᠯᠠᠬᠤ ᠶᠢ ᠨᠢ ᠳᠠᠮᠵᠢᠨ ᠲᠡᠳᠬᠦᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠠᠨᠢᠯᠴᠠᠭᠤᠯᠪᠠ᠃ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ | ᠠᠵᠢᠯᠲᠠᠳ ᠠᠴᠠ ᠤᠶᠤᠲᠠᠳ ᠢ ᠰᠤᠷᠭᠠᠭᠤᠯᠢ ᠲᠡᠭᠦᠰᠦᠭᠰᠡᠨ ᠤ ᠳᠠᠷᠠᠭ᠎ᠠ ᠣᠷᠣᠨ ᠤ ᠲᠥᠪ ᠲᠤ ᠰᠠᠨᠠᠭ᠎ᠠ ᠠᠮᠤᠷ | ᠠᠵᠢᠯᠯᠠᠵᠤ ᠠᠮᠢᠳᠤᠷᠠᠭᠤᠯᠬᠤ ᠪᠠᠷ ᠣᠷᠣᠰᠢᠨ ᠰᠠᠭᠤᠬᠤ ᠳᠤ ᠲᠣᠬᠢᠷᠠᠮᠵᠢᠲᠠᠶ ︽ᠵᠠᠯᠠᠭᠤᠴᠤᠳ ᠲᠤ ᠠᠰᠢᠭ ᠬᠦᠷᠲᠡᠭᠡᠬᠦ | ︾ ᠲᠥᠷᠥ ᠶᠢᠨ ᠪᠣᠳᠣᠯᠭ᠎ᠠ ᠪᠠ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠬᠤ ᠰᠢᠨ᠎ᠡ ᠡᠭᠦᠳᠦᠯᠲᠡ ᠲᠠᠢ ᠠᠷᠭ᠎ᠠ | ᠬᠡᠮᠵᠢᠶ᠎ᠡ ᠶᠢ ᠬᠠᠮᠲᠦ ᠳᠤ ᠪᠠᠨ ᠬᠤᠪᠢᠶᠠᠯᠴᠠᠨ᠂ ᠤᠶᠤᠲᠠᠳ ᠤᠨ ᠬᠡᠷ ᠳᠦᠷᠢᠶᠡᠰᠦᠯᠡᠬᠦ ᠪᠠ ᠬᠤᠳᠠᠯᠳᠤᠨ ᠠᠪᠬᠤ | ᠭᠤᠶᠤᠴᠢᠯᠠᠯ ᠤᠨ ᠨᠥᠬᠦᠴᠡᠯ᠂ ᠲᠥᠷᠥ ᠶᠢᠨ ᠪᠣᠳᠣᠯᠭ᠎ᠠ ᠶᠢᠨ ᠨᠡᠮᠡᠭᠦᠷᠢ ᠵᠡᠷᠭᠡ ᠲᠠᠯ᠎ᠠ ᠪᠠᠷ ᠨᠠᠷᠢᠨ ᠲᠠᠶᠢᠯᠪᠤᠷᠢ ᠬᠢᠪᠡ᠃ | | ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠳᠡᠭᠡᠳᠦ | ᠰᠤᠷᠭᠠᠭᠤᠯᠢ ᠶᠢᠨ ᠵᠠᠯᠠᠭᠤ ᠯᠧᠺᠲ᠋ᠣᠷ ᠨᠢᠶᠧ ᠱᠣ᠋᠂ ᠥᠪᠥᠷ ᠮᠣᠩᠭᠤᠯ ᠤᠨ ᠢᠯᠢ ᠠᠵᠤ ᠦᠢᠯᠡᠰ ᠤᠨ ᠪᠦᠯᠦᠭᠯᠡᠯ ᠤᠨ | ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠬᠠᠶ ᠮᠡᠷᠭᠡᠵᠢᠯ ᠤᠨ | ᠳᠠᠭᠠᠭᠠᠮᠠᠯ ᠵᠠᠩ ᠺᠠᠶ ᠱᠤᠸᠠᠢ ᠨᠠᠷ ᠬᠥᠬᠡᠬᠤᠲᠠ ᠳᠤ ᠴᠢᠷᠮᠠᠶᠢᠨ ᠠᠵᠢᠯᠯᠠᠵᠤ ᠰᠤᠷᠤᠯᠴᠠᠵᠤ ᠪᠠᠶᠢᠭᠰᠠᠨ | ᠦᠩᠭᠡᠷᠡᠯᠲᠡ ᠪᠠᠨ ᠶᠠᠷᠢᠪᠠ᠃ | ᠣᠶᠢᠯᠠᠭᠠᠭᠰᠠᠨ ᠢᠶᠠᠷ᠂ ᠬᠥᠬᠡᠬᠤᠲᠠ ᠶᠢᠨ ᠡᠪᠯᠡᠯ ᠤᠨ ᠬᠤᠷᠢᠶ᠎ᠠ ︽ᠬᠦᠬᠡᠬᠤᠲᠠᠨ᠎ᠠ ᠴᠤᠭᠯᠠᠷᠠᠬᠤ︾ ᠪᠠᠷ ︽ | ᠲᠠᠪᠤᠨ ᠲᠦᠮᠡᠨ ᠤᠶᠤᠲᠠᠳ ᠢ ᠬᠦᠬᠡᠬᠤᠲᠠᠨ᠎ᠠ ᠬᠤᠴᠤᠷᠭᠠᠵᠤ ᠠᠵᠢᠯᠯᠠᠭᠤᠯᠬᠤ︾ ᠳᠤ ᠬᠦᠴᠦᠨ ᠨᠡᠮᠡᠷᠢᠯᠡᠬᠦ ᠲᠤᠰᠬᠠᠢ | ᠠᠵᠢᠯᠯᠠᠭᠠᠨ · ᠶᠡᠭᠡ ᠳᠡᠭᠡᠳᠦ ᠰᠤᠷᠭᠠᠭᠤᠯᠢ ᠳᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ | ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠤ᠂ ᠵᠠᠯᠠᠭᠤᠴᠤᠳ ᠤᠨ ᠬᠥᠭᠵᠢᠯᠲᠡ ᠳᠤ ᠠᠰᠢᠭᠲᠠᠢ ᠬᠤᠲᠠ ᠶᠢ | ᠪᠥᠲᠥᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠷᠰᠠᠷ︾ ᠠᠷᠭ᠎ᠠ ᠬᠡᠮᠵᠢᠶ᠎ᠡ ᠪᠠᠷ | ᠵᠠᠯᠠᠭᠤᠴᠤᠳ ᠤᠨ ᠬᠥᠭᠵᠢᠯᠲᠡ ᠶᠢᠨ ︽ᠬᠠᠮ︾ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠵᠠᠯᠠᠭᠤ | ᠴᠢᠳᠠᠪᠤᠷᠢᠲᠠᠨ ᠢ ᠬᠤᠲᠠ ᠶᠢᠨ ᠬᠥᠭᠵᠢᠯᠲᠡ ᠶᠢᠨ ᠭᠤᠤᠯ ᠪᠠᠶᠢᠷᠢᠨ ᠳᠤ ᠲᠠᠯᠪᠢᠵᠦ᠂ ᠬᠤᠲᠠ ᠶᠢᠨ ᠰᠦᠷ ᠳᠠᠯᠠᠶᠢᠴᠠᠲᠠᠢ | ᠠᠮᠢᠵᠢᠷᠠᠯ ᠬᠦᠴᠦᠨ ᠢ ᠬᠦᠭᠵᠢᠭᠡᠨ᠎ᠡ᠃ | | | | | | | | | | | | | ᠁ |