| ︵ᠰᠤᠷᠪᠤᠯᠵᠢᠯᠠᠭᠴᠢ ᠶᠦᠨ ᠵᠢᠩ︶ 11 ᠳ᠋ᠦ᠋ᠭᠡᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠴᠢᠩ | ᠱᠦᠢ ᠾᠧ ᠰᠢᠶᠠᠨ᠂ ᠬᠤᠷᠢᠨᠭᠡᠷ ᠰᠢᠶᠠᠨ ᠳᠤ ᠬᠦᠷᠴᠦ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠴᠢᠨᠠᠷ | ᠰᠠᠶᠢᠲᠠᠢ ᠬᠥᠭᠵᠢᠭᠦᠯᠬᠦ ᠠᠵᠢᠯ ᠢ ᠪᠠᠶᠢᠴᠠᠭᠠᠨ ᠰᠤᠳᠤᠯᠪᠠ᠃ ᠴᠢᠩ ᠱᠦᠢ ᠡᡁᠧ ᠰᠢᠶᠠᠨ ᠳᠤ᠂ ᠪᠣᠣ ᠭᠠᠩ ᠯᠣᠣ | ᠨᠢᠦ ᠸᠠᠨ ᠤ ᠬᠠᠳᠤᠨ ᠭᠤᠣᠯ ᠤᠨ ᠶᠡᠭᠡ ᠬᠠᠪᠴᠢᠯ ᠤᠨ 5A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ | ᠡᠭᠦᠳᠦᠨ ᠪᠠᠶᠢᠭᠤᠯᠬᠤ ᠠᠵᠢᠯ ᠢ ᠭᠤᠣᠯᠳᠠᠯᠭ᠎ᠠ ᠲᠠᠢ ᠪᠠᠶᠢᠴᠠᠭᠠᠨ ᠰᠤᠳᠤᠯᠵᠤ᠂ ᠴᠧᠩ ᠸᠠᠨ ᠭᠠᠷᠠᠮ᠂ ᠯᠣᠣ ᠨᠢᠦ | ᠸᠠᠨ ᠬᠡᠰᠡᠭ ᠣᠷᠣᠨ᠂ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ ᠤᠨ ᠡᠵᠡᠩᠨᠡᠯᠲᠡ ᠵᠢᠴᠢ ᠲᠡᠦᠬᠡ | ᠰᠣᠶᠣᠯ ᠤᠨ ᠦᠵᠡᠭᠦᠯᠭᠡ ᠵᠡᠷᠭᠡ ᠶᠢ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ᠯᠣᠣ ᠨᠢᠤ ᠸᠠᠨ ᠤ ᠬᠠᠲᠤᠨ | ᠭᠤᠤᠯ ᠤᠨ ᠶᠡᠭᠡ ᠬᠠᠪᠴᠢᠯ ᠤᠨ 5A ᠲᠠᠰ ᠤᠨ ᠦᠵᠡᠮᠵᠢ ᠶᠢᠨ ᠣᠷᠣᠨ ᠢ ᠪᠠᠶᠢᠭᠤᠯᠬᠤ ᠶᠢ ᠳᠥᠯᠭᠢᠨ ᠠᠬᠢᠭᠤᠯᠬᠤ | ᠪᠣᠯ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠴᠢᠨᠠᠷ ᠰᠠᠶᠢᠲᠠᠶ ᠬᠥᠭᠵᠢᠭᠦᠯᠬᠦ ᠪᠣᠳᠠᠲᠠᠶ ᠠᠵᠢᠯᠯᠠᠭ᠎ᠠ ᠪᠣᠯᠬᠤ ᠪᠠᠷ | ᠪᠠᠷᠠᠬᠤ ᠥᠬᠡᠶ᠂ ᠮᠥᠨ ᠴᠤ ᠬᠤᠲᠠ ᠶᠢᠨ ᠠᠷᠠᠳ᠂ ᠵᠢᠭᠤᠯᠴᠢᠯᠠᠭᠴᠢᠳ ᠤᠨ ᠵᠤᠭᠠᠴᠠᠬᠤ ᠪᠣᠳᠠᠲᠤ ᠬᠡᠷᠡᠭᠴᠡᠭᠡ ᠶᠢ | ᠬᠠᠩᠭᠠᠬᠤ ᠶᠠᠪᠤᠳᠠᠯ ᠪᠣᠯᠤᠨ᠎ᠠ᠃ ᠡᠭᠦᠳᠦᠨ ᠪᠠᠶᠢᠭᠤᠯᠬᠤ ᠠᠵᠢᠯ ᠢ ᠴᠢᠨᠠᠷ ᠰᠠᠶᠢᠲᠠᠢ ᠥᠨᠳᠥᠷ ᠪᠠᠷᠢᠮᠵᠢᠶ᠎ᠠ ᠪᠠᠷ ᠬᠢᠵᠦ᠂ | ᠦᠵᠡᠮᠵᠢ ᠶᠢᠨ ᠣᠷᠣᠨ ᠤ ᠢᠵᠢ ᠪᠦᠷᠢᠳᠦᠭᠰᠡᠨ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠦᠵᠡᠮᠵᠢ ᠶᠢᠨ ᠶᠠᠰᠤ | ᠴᠢᠨᠠᠷ ᠢ ᠳᠡᠭᠡᠭᠰᠢᠯᠡᠭᠦᠯᠬᠦ᠂ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠬᠦ ᠵᠡᠷᠭᠡ ᠲᠠᠯ᠎ᠠ ᠪᠠᠷ ᠦᠷᠭᠦᠯᠵᠢᠯᠡᠨ | ᠬᠦᠴᠦᠯᠡᠵᠦ᠂ ᠦᠵᠡᠮᠵᠢ ᠶᠢᠨ ᠣᠷᠣᠨ ᠤ ᠲᠠᠲᠠᠬᠤ ᠬᠦᠴᠦᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ᠃ ᠲᠤᠬᠠᠢ ᠶᠢᠨ ᠭᠠᠵᠠᠷ ᠤᠨ ᠲᠡᠦᠬᠡ ᠰᠣᠶᠣᠯ ᠢ ᠰᠠᠶᠢᠲᠤᠷ ᠠᠭᠤᠳᠠᠯᠵᠤ᠂ ︽ᠬᠠᠳᠤᠨ | ᠭᠤᠣᠯ ᠪᠣᠯᠤᠨ ᠤᠷᠳᠤ ᠴᠠᠭᠠᠨ ᠬᠡᠷᠡᠮ︾ ᠤᠨ ᠦᠯᠢᠭᠡᠷ ᠢ ᠰᠠᠶᠢᠲᠤᠷ ᠶᠠᠷᠢᠵᠤ᠂ ᠬᠠᠳᠤᠨ ᠭᠤᠣᠯ ᠤᠷᠳᠤ ᠴᠠᠭᠠᠨ | ᠬᠡᠷᠡᠮ ᠳᠠᠭᠠᠤ ᠶᠢᠨ ᠦᠵᠡᠮᠵᠢ ᠶᠢ ᠬᠤᠯᠪᠣᠬᠤ ᠪᠠᠷ ᠬᠦᠴᠦᠯᠡᠵᠦ᠂ ᠬᠠᠳᠤᠨ ᠭᠤᠣᠯ ᠤᠷᠳᠤ ᠴᠠᠭᠠᠨ ᠬᠡᠷᠡᠮ ᠤᠨ | ᠰᠣᠶᠣᠯ ᠵᠢᠭᠤᠯᠴᠢᠯᠠᠯ ᠤᠨ ᠪᠦᠰᠡ ᠶᠢᠨ ᠥᠪᠡᠷᠮᠢᠴᠡ ᠰᠠᠶᠢᠬᠠᠨ ᠪᠠᠶᠢᠭᠠᠯᠢ ᠶᠢᠨ ᠦᠵᠡᠮᠵᠢ ᠶᠢ ᠢᠯᠡᠷᠡᠭᠦᠯᠵᠦ᠂ ᠯᠣᠤ | ᠨᠢᠦ ᠸᠠᠨ ᠤ ᠬᠠᠳᠤᠨ ᠭᠤᠣᠯ ᠤᠨ ᠶᠡᠭᠡ ᠬᠠᠪᠴᠢᠯ ᠢ ᠤᠮᠠᠷᠠᠲᠤ ᠬᠢᠯᠢ ᠶᠢᠨ ᠴᠢᠬᠤᠯᠠ ᠵᠢᠭᠤᠯᠴᠢᠯᠠᠯ ᠤᠨ ᠣᠷᠣᠨ | ᠪᠣᠯᠭᠠᠬᠤ ᠬᠡᠷᠡᠭᠲᠡᠢ ᠭᠡᠵᠡᠢ᠃ ᠬᠤᠷᠢᠨᠭᠡᠷ ᠰᠢᠶᠠᠨ ᠳᠤ᠂ ᠪᠣᠣ ᠭᠠᠩ ᠰᠢᠷᠦᠢ ᠶᠢᠨ ᠬᠤᠲᠠ ᠶᠢᠨ ᠪᠠᠭᠤᠷᠢ ᠪᠣᠯᠣᠨ | ᠱᠧᠩ ᠯᠧ ᠮᠦᠽᠧᠢ ᠳᠤ ᠬᠦᠷᠴᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠦᠯᠡᠳᠡᠭᠳᠡᠯ ᠢ ᠬᠠᠮᠠᠭᠠᠯᠠᠬᠤ᠂ | ᠲᠡᠦᠬᠡ ᠶᠢᠨ ᠳᠤᠷᠠᠰᠬᠠᠯᠲᠤ ᠵᠦᠢᠯᠡᠰ ᠢ ᠳᠠᠬᠢᠨ ᠠᠰᠢᠭᠯᠠᠬᠤ ᠪᠠ ᠰᠣᠶᠣᠯ ᠤᠨ ᠦᠵᠡᠰᠬᠦᠯᠡᠩ ᠤᠨ ᠣᠷᠳᠣᠨ ᠤ | ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠲᠡᠦᠬᠡ ᠶᠢᠨ | ᠳᠤᠷᠠᠰᠬᠠᠯᠲᠤ ᠵᠦᠢᠯᠡᠰ ᠪᠣᠯ ᠲᠡᠦᠬᠡ ᠶᠢᠨ ᠭᠡᠷᠡᠴᠢ ᠮᠥᠨ᠂ ᠨᠡᠩ ᠴᠤ ᠰᠣᠶᠣᠯ ᠤᠨ ᠠᠴᠢᠶᠠᠯᠠᠪᠤᠷᠢ᠂ ᠬᠤᠷᠢᠨᠭᠡᠷ | ᠰᠢᠶᠠᠨ ᠤ ᠰᠣᠶᠣᠯ ᠤᠨ ᠤᠯᠠᠮᠵᠢᠯᠠᠯ ᠭᠦᠨ ᠵᠤᠵᠠᠭᠠᠨ᠂ ᠲᠡᠦᠬᠡ ᠶᠢᠨ ᠦᠯᠡᠳᠡᠭᠳᠡᠯ ᠡᠯᠪᠡᠭ ᠪᠠᠶᠠᠯᠢᠭ ᠪᠠᠶᠢᠳᠠᠭ | ᠪᠣᠯᠬᠤᠷ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠷᠢᠮᠲᠠᠯᠠᠵᠤ᠂ ᠰᠢᠰᠲ᠋ᠧᠮ ᠲᠠᠢ | ᠲᠥᠯᠥᠪᠵᠢᠭᠦᠯᠵᠦ᠂ ᠨᠢᠭᠡᠳᠦᠯᠲᠡᠢ ᠠᠬᠢᠭᠤᠯᠤᠨ᠂ ᠬᠠᠭᠤᠴᠢ ᠰᠤᠳᠤᠯᠤᠯ ᠤᠨ ᠪᠠᠭᠤᠷᠢ ᠶᠢ ᠬᠠᠮᠠᠭᠠᠯᠠᠬᠤ᠂ ᠬᠠᠭᠤᠴᠢ | ᠰᠤᠳᠤᠯᠤᠯ ᠤᠨ ᠬᠤᠯᠪᠣᠭᠠᠯᠠᠭᠰᠠᠨ ᠠᠭᠤᠳᠠᠯᠤᠯᠲᠠ ᠬᠢᠬᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠳᠡᠯᠭᠡᠨ | ᠦᠵᠡᠭᠦᠯᠬᠦ᠂ ᠰᠣᠶᠣᠯ ᠤᠨ ᠦᠵᠡᠰᠬᠦᠯᠡᠩ ᠤᠨ ᠣᠷᠳᠣᠨ ᠤ ᠪᠦᠳᠦᠭᠡᠨ ᠪᠠᠶᠢᠭᠤᠯᠤᠯᠲᠠ ᠵᠡᠷᠭᠡ ᠶᠢ ᠤᠶᠠᠯᠳᠤᠭᠤᠯᠵᠤ᠂ | ᠰᠢᠷᠦᠢ ᠶᠢᠨ ᠬᠤᠲᠠ ᠶᠢᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠢ ᠥᠨᠳᠥᠷ | ᠪᠠᠷᠢᠮᠵᠢᠶ᠎ᠠ ᠪᠠᠷ ᠪᠠᠶᠢᠭᠤᠯᠵᠤ᠂ ᠱᠧᠩ ᠯᠧ ᠮᠦᠽᠧᠢ ᠶᠢ ᠤᠯᠤᠰ ᠤᠨ ᠨᠢᠭᠡᠳᠦᠭᠡᠷ ᠳᠡᠰ ᠤᠨ ᠮᠦᠽᠧᠢ ᠪᠣᠯᠭᠠᠨ | ᠪᠠᠶᠢᠭᠤᠯᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠲᠡᠤᠬᠡ ᠶᠢᠨ ᠳᠤᠷᠠᠰᠬᠠᠯᠲᠤ ᠵᠦᠢᠯ ᠤᠨ ᠦᠨ᠎ᠡ ᠥᠷᠲᠡᠭ ᠢ | ᠠᠭᠤᠳᠠᠯᠠᠨ ᠢᠯᠡᠷᠡᠭᠦᠯᠵᠦ᠂ ᠮᠦᠽᠧᠶ ᠳᠤ ᠬᠠᠳᠠᠭᠠᠯᠠᠵᠤ ᠪᠠᠶᠢᠭ᠎ᠠ ᠲᠡᠤᠬᠡ ᠶᠢᠨ ᠳᠤᠷᠠᠰᠬᠠᠯᠲᠤ ᠵᠦᠢᠯ ᠬᠢᠭᠡᠳ ᠳᠡᠯᠭᠡᠨ | ᠦᠵᠡᠭᠦᠯᠵᠦ ᠪᠠᠶᠢᠭ᠎ᠠ ᠲᠡᠦᠬᠡ ᠶᠢᠨ ᠥᠪ ᠬᠥᠷᠥᠩᠭᠡ ᠶᠢ ︽ᠠᠮᠢᠯᠠᠭᠤᠯᠵᠤ︾᠂ ᠲᠡᠤᠬᠡ ᠶᠢᠨ ᠳᠤᠷᠠᠰᠬᠠᠯᠲᠤ | ᠵᠦᠢᠯ ᠤᠨ ᠬᠠᠮᠠᠭᠠᠯᠠᠯᠲᠠ᠂ ᠬᠠᠭᠤᠴᠢ ᠪᠠᠭᠤᠷᠢ ᠶᠢᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠣᠯᠠᠨ ᠲᠦᠮᠡᠨ ᠳᠤ ᠨᠡᠩ ᠶᠡᠭᠡ ᠬᠦᠷᠲᠡᠭᠡᠬᠦ ᠬᠡᠷᠡᠭᠲᠡᠶ ᠭᠡᠪᠡ᠃ ᠪᠠᠶᠢᠴᠠᠭᠠᠨ ᠰᠤᠳᠤᠯᠤᠯᠲᠠ ᠶᠢᠨ ᠳᠤᠮᠳᠠ | ᠂ ᠪᠦᠦ ᠭᠠᠩ ᠪᠠᠰᠠ ᠴᠢᠩ ᠱᠦᠶ ᠾᠧ ᠮᠦᠽᠧᠶ᠂ ᠬᠤᠷᠢᠨᠭᠡᠷ ᠰᠢᠶᠠᠨ ᠤ ᠪᠦᠪᠡᠢ ᠭᠤᠤᠯ ᠤᠨ ᠠᠮᠢ ᠠᠬᠤᠶ ᠶᠢᠨ | ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠯᠢᠦ ᠵᠢᠢ ᠶᠢᠩ᠂ | ᠼᠤᠤ ᡁᠢ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃ | | | | | | | | | | | | ᠁ |