| ︵ᠰᠤᠷᠪᠤᠯᠵᠢᠯᠠᠭᠴᠢ ᠶᠠᠩ ᠼᠠᠢ ᠰᠢᠶᠠ︶ 11 ᠳ᠋ᠦ᠋ᠭᠡᠷ ᠰᠠᠷ᠎ᠠ ᠶᠢᠨ 18 ᠠᠴᠠ 19 ᠤ ᠡᠳᠦᠷ᠂ ᠳᠤᠮᠳᠠᠳᠤ | ᠤᠯᠤᠰ ᠤᠨ ᠤᠯᠠᠨ ᠤᠯᠤᠰ ᠤᠨ ᠨᠥᠬᠦᠷᠰᠡᠭ ᠬᠤᠳᠠ ᠶᠢᠨ ᠶᠡᠭᠡ ᠬᠤᠷᠠᠯ ᠶᠦᠨᠨᠠᠨ ᠮᠤᠵᠢ ᠶᠢᠨ ᠺᠦᠨᠮᠢᠩ ᠬᠤᠳᠠ ᠳᠤ | ᠬᠤᠷᠠᠯᠳᠤᠵᠤ᠂ ᠶᠡᠭᠡ ᠬᠤᠷᠠᠯ ᠠᠴᠠ ᠤᠯᠠᠨ ᠤᠯᠤᠰ ᠤᠨ ᠨᠥᠬᠦᠷᠰᠡᠭ ᠬᠤᠳᠠ ᠶᠢᠨ ᠠᠵᠢᠯ ᠢ ᠭᠢᠯᠠᠷᠠᠭᠤᠯᠤᠮᠠ | ᠥᠷᠨᠢᠭᠦᠯᠦᠭᠰᠡᠨ ᠮᠤᠵᠢ ᠬᠤᠳᠠ ᠶᠢ ᠬᠥᠬᠢᠭᠦᠯᠦᠨ ᠰᠠᠶᠢᠰᠢᠶᠠᠪᠠ᠃ ᠬᠥᠬᠡᠬᠤᠲᠠ ︽ᠣᠯᠠᠨ ᠤᠯᠤᠰ ᠤᠨ ᠨᠥᠬᠦᠷᠰᠡᠭ | ᠬᠤᠲᠠ ᠶᠢᠨ ᠭᠠᠷᠮᠠᠭᠠᠶ ᠬᠤᠪᠢ ᠨᠡᠮᠡᠷᠢ ᠦᠵᠡᠭᠦᠯᠦᠭᠰᠡᠨ ᠱᠠᠩᠨᠠᠯ︾ ᠢ ᠬᠦᠷᠲᠡᠵᠡᠢ᠂ ᠲᠣᠰ ᠱᠠᠩᠨᠠᠯ ᠨᠢ ᠣᠯᠠᠨ | ᠤᠯᠤᠰ ᠤᠨ ᠨᠥᠬᠦᠷᠰᠡᠭ ᠬᠤᠲᠠ ᠶᠢᠨ ᠠᠵᠢᠯ ᠤᠨ ᠬᠠᠮᠤᠭ ᠤᠨ ᠳᠡᠭᠡᠳᠦ ᠱᠠᠩᠨᠠᠯ ᠪᠣᠯᠣᠨ᠎ᠠ᠂ ᠪᠥᠬᠦ ᠤᠯᠤᠰ ᠲᠤ | ᠨᠡᠶᠢᠲᠡ 10 ᠬᠤᠲᠠ ᠲᠤᠰ ᠱᠠᠩᠨᠠᠯ ᠢ ᠬᠦᠷᠲᠡᠪᠡ᠃ ᠲᠣᠰ ᠤᠳᠠᠭᠠᠨ ᠤ ᠱᠠᠩᠨᠠᠯ ᠨᠢ ᠬᠥᠬᠡᠬᠤᠲᠠ ᠶᠢᠨ ᠤᠯᠤᠰ ᠤᠨ | ᠶᠡᠷᠦᠩᠬᠡᠶ ᠭᠠᠳᠠᠭᠠᠳᠤ ᠬᠠᠷᠢᠯᠴᠠᠭ᠎ᠠ ᠳᠤ ᠦᠵᠡᠭᠦᠯᠦᠭᠰᠡᠨ ᠬᠤᠪᠢ ᠨᠡᠮᠡᠷᠢ ᠶᠢ ᠭᠦᠢᠴᠡᠳ ᠨᠤᠲᠠᠯᠠᠭᠰᠠᠨ ᠶᠠᠪᠤᠳᠠᠯ | ᠪᠣᠯᠤᠨ᠎ᠠ᠃ 1987 ᠣᠨ ᠠᠴᠠ ᠣᠲᠣ ᠪᠣᠯᠲᠠᠯ᠎ᠠ᠂ ᠬᠥᠬᠡᠬᠤᠲᠠ ᠨᠢᠭᠡᠨᠲᠡ ᠶᠠᠫᠣᠨ ᠤ ᠭᠠᠩᠴᠢ ᠬᠤᠲᠠ᠂ ᠮᠣᠩᠭᠤᠯ | ᠤᠯᠤᠰ ᠤᠨ ᠤᠯᠠᠭᠠᠨᠪᠠᠭᠠᠲᠤᠷ ᠬᠤᠲᠠ᠂ ᠠᠮᠧᠷᠢᠺᠠ ᠶᠢᠨ ᠯᠤᠰ ᠠᠩᠵᠧᠯᠧᠰ ᠵᠢᠶᠦ᠋ᠨ ᠵᠡᠷᠭᠡ ᠭᠠᠳᠠᠭᠠᠳᠤ ᠶᠢᠨ 8 | ᠬᠤᠲᠠ ᠯᠤᠭ᠎ᠠ ᠨᠥᠬᠦᠷᠰᠡᠭ ᠬᠤᠲᠠ ᠶᠢᠨ ᠬᠠᠷᠢᠴᠠᠭ᠎ᠠ ᠪᠠᠶᠢᠭᠤᠯᠤᠭᠰᠠᠨ ᠪᠦᠭᠡᠳ 20 ᠭᠠᠷᠤᠶ ᠭᠠᠳᠠᠭᠠᠳᠤ ᠶᠢᠨ | ᠬᠤᠲᠠ ᠲᠠᠢ ᠲᠣᠭᠲᠠᠭᠤᠨ ᠰᠣᠯᠢᠯᠴᠠᠭ᠎ᠠ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠤᠭᠰᠠᠨ ᠪᠠᠶᠢᠨ᠎ᠠ᠃ ᠣᠶᠢᠷ᠎ᠠ ᠶᠢᠨ | ᠵᠢᠯ ᠳᠤ᠂ ᠬᠥᠬᠡᠬᠤᠲᠠ ᠭᠠᠳᠠᠭᠠᠳᠤ ᠬᠠᠷᠢᠯᠴᠠᠭᠠᠨ ᠳᠤ ᠰᠢᠭᠤᠷᠬᠠᠶ ᠤᠷᠤᠭᠰᠢᠯᠠᠨ᠂ ᠴᠢᠳᠠᠮᠠᠭᠠᠶ ᠬᠢᠵᠦ ᠴᠢᠳᠠᠮᠠᠭᠠᠶ | ᠪᠦᠲᠦᠭᠡᠵᠦ᠂ ᠨᠥᠬᠦᠷᠰᠡᠭ ᠬᠤᠲᠠ ᠶᠢᠨ ᠪᠠᠶᠢᠷᠢᠰᠢᠭᠤᠯᠤᠯᠲᠠ ᠦᠷᠭᠦᠯᠵᠢᠯᠡᠨ ᠰᠢᠯᠢᠳᠡᠭᠵᠢᠵᠦ᠂ ᠰᠣᠯᠢᠯᠴᠠᠭᠠᠨ ᠤ | ᠠᠷᠭ᠎ᠠ ᠵᠠᠮ ᠪᠥᠬᠦ ᠲᠠᠯ᠎ᠠ ᠪᠠᠷ ᠥᠷᠭᠡᠳᠴᠦ᠂ ᠬᠠᠮᠲᠤᠷᠠᠯᠴᠠᠭᠠᠨ ᠤ ᠲᠠᠪᠴᠠᠩ ᠲᠠᠰᠤᠷᠠᠯᠲᠠ ᠥᠬᠡᠶ ᠳᠡᠭᠡᠭᠰᠢᠯᠡᠵᠦ᠂ | ᠤᠯᠤᠰ ᠤᠨ ᠶᠡᠷᠦᠩᠬᠡᠶ ᠭᠠᠳᠠᠭᠠᠳᠤ ᠬᠠᠷᠢᠯᠴᠠᠭ᠎ᠠ ᠪᠠ ᠣᠷᠣᠨ ᠤ ᠲᠥᠪ ᠬᠤᠲᠠ ᠶᠢᠨ ᠴᠢᠨᠠᠷ ᠰᠠᠶᠢᠲᠠᠶ | ᠬᠥᠭᠵᠢᠯᠲᠡ ᠳᠤ ᠦᠢᠯᠡᠴᠢᠯᠡᠨ ᠢᠳᠡᠪᠬᠢᠲᠡᠶ ᠦᠷ᠎ᠡ ᠪᠦᠲᠦᠮᠵᠢ ᠤᠯᠪᠠ᠃ ᠬᠥᠬᠡᠬᠤᠲᠠ ᠨᠥᠬᠦᠷᠰᠡᠭ ᠬᠤᠲᠠ ᠶᠢᠨ | ᠠᠷᠠᠳ ᠤᠨ ᠬᠤᠭᠤᠷᠣᠨᠳᠣᠬᠢ ᠨᠥᠬᠦᠷᠰᠡᠭ ᠶᠠᠪᠤᠯᠴᠠᠭ᠎ᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠠᠨ | ᠤᠯᠤᠰ ᠤᠨ ᠨᠥᠬᠦᠷᠰᠡᠭ ᠬᠤᠳᠠ ᠯᠤᠭ᠎ᠠ ᠭᠤᠣᠯᠳᠠᠯᠭ᠎ᠠ ᠲᠠᠢ ᠰᠣᠯᠢᠯᠴᠠᠭᠠᠨ ᠤ ᠠᠵᠢᠯᠯᠠᠭ᠎ᠠ ᠵᠠᠭᠤ ᠭᠠᠷᠤᠢ ᠤᠳᠠᠭ᠎ᠠ | ᠥᠷᠨᠢᠭᠦᠯᠵᠦ᠂ ᠨᠥᠬᠦᠷᠰᠡᠭ ᠬᠤᠳᠠ ᠶᠢᠨ ᠬᠤᠭᠤᠷᠣᠨᠳᠣᠬᠢ ᠵᠠᠰᠠᠭ ᠤᠨ ᠣᠷᠳᠣᠨ ᠤ ᠬᠠᠷᠢᠯᠴᠠᠨ ᠠᠶᠢᠯᠴᠢᠯᠠᠬᠤ | ᠪᠦᠯᠬᠦᠮ ᠮᠢᠩᠭ᠎ᠠ ᠭᠠᠷᠤᠢ ᠬᠥᠮᠦᠨ ᠤᠳᠠᠭ᠎ᠠ ᠳᠤ ᠬᠦᠷᠴᠦ᠂ ᠠᠵᠤ ᠠᠬᠤᠢ ᠠᠷᠠᠯᠵᠢᠶ᠎ᠠ᠂ ᠰᠣᠶᠣᠯ ᠢᠷᠭᠡᠨᠰᠢᠯ ᠵᠡᠷᠭᠡ | ᠬᠦᠷᠢᠶᠡᠨ ᠤ ᠨᠥᠬᠦᠷᠰᠡᠭ ᠬᠠᠮᠲᠤᠷᠠᠯᠴᠠᠭᠠᠨ ᠤ ᠰᠠᠨᠠᠮᠵᠢ ᠪᠢᠴᠢᠭ᠂ ᠬᠡᠯᠡᠯᠴᠡᠭᠡᠷ ᠪᠢᠴᠢᠭ 50 ᠭᠠᠷᠤᠢ ᠬᠤᠪᠢ | ᠲᠣᠭᠲᠠᠭᠰᠠᠨ ᠪᠦᠭᠡᠳ ᠲᠤᠮᠤ ᠬᠡᠯᠪᠡᠷᠢ ᠶᠢᠨ ᠤᠯᠠᠨ ᠤᠯᠤᠰ ᠤᠨ ᠦᠵᠡᠰᠬᠦᠯᠡᠩ ᠵᠢᠴᠢ ᠶᠠᠷᠢᠶᠠᠨ ᠤ ᠲᠠᠪᠴᠠᠩ ᠵᠡᠷᠭᠡ | ᠠᠵᠢᠯᠯᠠᠭᠠᠨ ᠳᠤ ᠭᠠᠷ ᠤᠨ ᠦᠰᠦᠭ ᠵᠢᠷᠤᠵᠤ᠂ ᠤᠯᠠᠨ ᠤᠯᠤᠰ ᠤᠨ ᠨᠥᠬᠦᠷᠰᠡᠭ ᠬᠤᠳᠠ ᠶᠢᠨ ᠠᠵᠤ ᠠᠬᠤᠢ | ᠠᠷᠠᠯᠵᠢᠶ᠎ᠠ᠂ ᠰᠣᠶᠣᠯ ᠵᠢᠭᠤᠯᠴᠢᠯᠠᠯ᠂ ᠡᠮ ᠡᠮᠨᠡᠯᠭᠡ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ | ᠵᠡᠷᠭᠡ ᠬᠦᠷᠢᠶᠡᠨ ᠤ ᠬᠠᠮᠲᠤᠷᠠᠯᠴᠠᠭᠠᠨ ᠤ ᠳᠠᠯᠳᠠ ᠬᠦᠴᠦᠨ ᠢ ᠠᠭᠤᠳᠠᠯᠵᠤ᠂ ᠨᠥᠬᠦᠷᠰᠡᠭ ᠬᠤᠳᠠ ᠶᠢᠨ | ᠰᠣᠯᠢᠯᠴᠠᠭᠠᠨ ᠤ ᠲᠡᠰ ᠳᠠᠪᠬᠤᠷᠭ᠎ᠠ ᠶᠢ ᠳᠡᠭᠡᠭᠰᠢᠯᠡᠭᠦᠯᠵᠦ᠂ ᠨᠥᠬᠦᠷᠰᠡᠭ ᠬᠤᠳᠠ ᠶᠢᠨ ᠶᠠᠪᠤᠯᠴᠠᠭ᠎ᠠ ᠶᠢᠨ | ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃ ᠤᠯᠠᠨ ᠵᠢᠯ ᠤᠨ ᠲᠤᠷᠰᠢ᠂ ᠬᠥᠬᠡᠬᠤᠲᠠ ᠪᠣᠯᠤᠨ ᠡᠯ᠎ᠡ | ᠨᠥᠬᠦᠷᠰᠡᠭ ᠬᠤᠳᠠ ᠶᠢᠨ ᠬᠢᠨ ᠰᠣᠶᠣᠯ ᠢᠷᠭᠡᠨᠰᠢᠯ ᠤᠨ ᠬᠦᠷᠢᠶᠡᠨ ᠤ ᠨᠥᠬᠦᠷᠰᠡᠭ ᠰᠣᠯᠢᠯᠴᠠᠭ᠎ᠠ ᠶᠢ ᠢᠳᠡᠪᠬᠢᠲᠡᠢ | ᠥᠷᠨᠢᠭᠦᠯᠵᠦ᠂ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠵᠠᠯᠠᠭᠤᠴᠤᠳ ᠪᠠᠭᠠᠴᠤᠳ ᠢ ᠬᠠᠷᠢᠯᠴᠠᠨ ᠲᠣᠮᠢᠯᠠᠵᠤ | ᠨᠥᠬᠦᠷᠰᠡᠭ ᠰᠣᠯᠢᠯᠴᠠᠭ᠎ᠠ ᠬᠢᠬᠦ ᠪᠦᠯᠬᠦᠮ ᠳᠤᠭᠤᠶᠢᠯᠠᠩ ᠨᠢ ᠵᠠᠭᠤ ᠰᠢᠬᠠᠮ ᠪᠦᠯᠦᠭ ᠮᠢᠩᠭ᠎ᠠ ᠭᠠᠷᠤᠶ ᠬᠥᠮᠦᠨ | ᠤᠳᠠᠭ᠎ᠠ ᠬᠦᠷᠴᠦ᠂ ︽ᠬᠥᠬᠡᠬᠤᠲᠠ ᠶᠢᠨ ᠣᠯᠠᠨ ᠤᠯᠤᠰ ᠤᠨ ᠵᠠᠯᠠᠭᠤᠴᠤᠳ ᠪᠠᠭᠠᠴᠤᠳ ᠤᠨ ᠨᠥᠬᠦᠷᠰᠡᠭ | ᠬᠠᠷᠢᠯᠴᠠᠭ᠎ᠠ︾ ᠶᠢᠨ ᠨᠡᠷᠡᠲᠦ ᠲᠡᠮᠳᠡᠭ ᠢ ᠡᠭᠦᠳᠴᠦ᠂ ᠨᠥᠬᠦᠷᠰᠡᠭ ᠬᠤᠲᠠ ᠶᠢᠨ ᠵᠠᠯᠠᠭᠤᠴᠤᠳ ᠪᠠᠭᠠᠴᠤᠳ ᠢ | ᠬᠦᠬᠡᠬᠤᠲᠠ ᠳᠤ ᠤᠷᠢᠵᠤ ᠡᠯ᠎ᠡ ᠭᠠᠵᠠᠷ ᠤᠨ ᠬᠡᠦᠬᠡᠳ ᠪᠠᠭᠠᠴᠤᠳ ᠬᠠᠷᠢᠯᠴᠠᠨ ᠲᠠᠨᠢᠯᠴᠠᠵᠤ᠂ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠢ ᠣᠶᠢᠯᠭᠠᠵᠤ᠂ ᠣᠷᠣᠨ ᠤ ᠲᠥᠪ ᠬᠤᠲᠠ ᠶᠢᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠪᠠᠶᠢᠳᠠᠯ ᠢ ᠮᠡᠳᠡᠷᠡᠪᠡ᠃ ᠮᠠᠨ ᠤ ᠬᠤᠲᠠ ᠶᠢᠨ ᠳᠤᠮᠳᠠᠳᠤ ᠰᠤᠷᠭᠠᠭᠤᠯᠢ ᠬᠢᠭᠡᠳ ᠮᠣᠩᠭᠤᠯ | ᠤᠯᠤᠰ ᠤᠨ ᠤᠯᠠᠭᠠᠨᠪᠠᠭᠠᠲᠤᠷ ᠬᠤᠲᠠ᠂ ᠣᠷᠣᠰ ᠤᠨ ᠫᠧᠯᠮ ᠬᠤᠲᠠ᠂ ᠬᠠᠩᠭᠠᠷᠢ ᠶᠢᠨ ᠳ᠋ᠧᠪᠦᠯᠧᠰᠡᠨ ᠬᠤᠲᠠ ᠶᠢᠨ | ᠳᠤᠮᠳᠠᠳᠤ ᠰᠤᠷᠭᠠᠭᠤᠯᠢ ᠨᠤᠭᠤᠳ ᠲᠠᠢ ᠲᠣᠰ ᠲᠣᠰ ᠰᠤᠷᠭᠠᠭᠤᠯᠢ ᠶᠢᠨ ᠬᠤᠭᠤᠷᠣᠨᠳᠣᠬᠢ ᠨᠥᠬᠦᠷᠰᠡᠭ | ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠬᠤ ᠶᠢ ᠢᠳᠡᠪᠬᠢᠲᠡᠢ ᠠᠬᠢᠭᠤᠯᠵᠤ᠂ ᠳᠤᠮᠳᠠᠳᠤ ᠶᠢᠨ ᠰᠣᠶᠣᠯ ᠢ ᠤᠯᠠᠮᠵᠢᠯᠠᠵᠤ | ᠂ ᠨᠥᠬᠦᠷᠯᠡᠯ ᠢ ᠵᠤᠵᠠᠭᠠᠳᠬᠠᠵᠠᠢ᠃ ᠳᠤᠮᠳᠠᠳᠤ ᠮᠣᠩᠭᠤᠯ ᠤᠨ ᠬᠠᠮᠲᠤᠪᠠᠷ ᠪᠠᠶᠢᠭᠤᠯᠬᠤ ᠠᠺᠠᠳᠧᠮᠢᠴᠢ ᠶᠢᠨ ᠲᠤᠰᠬᠠᠶ | ᠮᠡᠷᠭᠡᠵᠢᠯᠲᠡᠨ ᠤ ᠠᠵᠢᠯ ᠤᠨ ᠥᠷᠲᠡᠭᠡ ᠵᠡᠷᠭᠡ ᠲᠥᠷᠥᠯ ᠵᠦᠢᠯ ᠢ ᠠᠰᠢᠭᠯᠠᠨ᠂ ᠮᠠᠨ ᠤ ᠬᠤᠲᠠ ᠶᠢᠨ ᠮᠤᠩᠭᠤᠯ ᠡᠮ | ᠡᠮᠨᠡᠯᠭᠡ ᠶᠢᠨ ᠬᠦᠭᠵᠢᠬᠦ ᠶᠢ ᠳᠡᠮᠵᠢᠪᠡ᠃ ᠮᠠᠨ ᠤ ᠬᠤᠲᠠ ᠪᠠ ᠮᠣᠩᠭᠤᠯ ᠤᠯᠤᠰ᠂ ᠹᠢᠨᠯᠠᠨᠳ᠋ ᠵᠡᠷᠭᠡ ᠭᠠᠵᠠᠷ ᠲᠠᠢ | ᠴᠡᠴᠡᠷᠯᠢᠭ ᠤᠨ ᠨᠣᠭᠤᠭᠠᠷᠠᠭᠤᠯᠤᠯᠲᠠ᠂ ᠦᠨᠳᠦᠰᠦᠨ ᠱᠠᠲᠤᠨ ᠤ ᠵᠠᠰᠠᠯᠲᠠ᠂ ᠠᠵᠢᠯ ᠮᠡᠷᠭᠡᠵᠢᠯ ᠤᠨ ᠪᠣᠯᠪᠠᠰᠤᠷᠠᠯ᠂ | ᠨᠠᠰᠤᠲᠠᠶᠢᠴᠤᠳ ᠤᠨ ᠶᠡᠭᠡ ᠰᠤᠷᠭᠠᠭᠤᠯᠢ᠂ ᠬᠡᠤᠬᠡᠳ ᠤᠨ ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ | ᠰᠤᠷᠪᠤᠯᠵᠢᠯᠠᠭ᠎ᠠ ᠪᠠ ᠰᠣᠯᠢᠯᠴᠠᠭ᠎ᠠ ᠶᠢ ᠥᠷᠨᠢᠭᠦᠯᠵᠦ᠂ ᠬᠠᠮᠲᠤᠷᠠᠯᠴᠠᠭᠠᠨ ᠤ ᠣᠷᠣᠨ ᠵᠠᠶ ᠶᠢ ᠲᠠᠰᠤᠷᠠᠯᠲᠠ ᠦᠭᠡᠢ | ᠦᠷᠭᠡᠳᠭᠡᠪᠡ᠃ | | | | | | | | | | | | ᠁ |