ᠮᠠᠨ ᠤ ᠬᠤᠲᠠ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠴᠢᠳᠠᠪᠤᠷᠢ ᠶᠢᠨ ᠬᠢᠷᠢ ᠲᠦᠪᠰᠢᠨ ᠢᠶᠠᠨ ᠬᠦᠴᠦᠯᠡᠨ ᠲᠡᠭᠡᠭᠰᠢᠯᠡᠬᠦᠯᠪᠡ
ᠨᠡᠶᠢᠲᠡᠯᠡᠭᠰᠡᠨ ᠴᠠᠭ᠄
2024/11/22
   ᠰᠢ ᠶᠢᠨ ᠫᠢᠩ ᠶᠡᠷᠦᠩᠬᠡᠶ ᠱᠦᠵᠢ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠮᠠᠨ ᠤ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢ ᠪᠠ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 20 ᠤ ᠡᠳᠦᠷ᠂ ᠮᠠᠨ ᠤ ᠬᠤᠲᠠ ᠦᠬᠠᠶ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠪᠣᠯᠪᠠᠰᠤᠷᠠᠯ ᠤᠨ ᠬᠤᠷᠠᠯ ᠡᠷᠭᠢᠯᠡᠪᠡ᠃ ᠬᠤᠲᠠ᠂ ᠲᠣᠭᠤᠷᠢᠭ ᠬᠤᠶᠠᠷ ᠱᠠᠲᠤᠨ ᠤ ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠥᠪ ᠵᠢᠴᠢ ᠳᠥᠷᠪᠡᠳᠦᠭᠡᠷ ᠣᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠨᠡᠶᠢᠳᠡᠮ ᠪᠠᠶᠢᠴᠠᠭᠠᠬᠤ ᠠᠵᠢᠯ ᠤᠨ ᠲᠤᠰᠬᠠᠢ ᠪᠠᠭ ᠤᠨ ᠪᠦᠷᠢᠯᠳᠦᠬᠦᠨ ᠵᠡᠷᠭᠡ 40 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠪᠠ᠃ ᠪᠣᠯᠪᠠᠰᠤᠷᠠᠯ ᠤᠨ ᠬᠤᠷᠠᠯ ᠳᠡᠭᠡᠷ᠎ᠡ᠂ ᠥᠪᠥᠷ ᠮᠣᠩᠭᠤᠯ ᠤᠨ ᠮᠦᠽᠧᠶ ᠶᠢᠨ ᠬᠦᠷᠢᠶᠡᠯᠡᠩ ᠤᠨ ᠳᠡᠳ᠋ ᠳᠠᠷᠤᠭ᠎ᠠ ᠵᠠᠩ ᠸᠧᠨ ᠫᠢᠩ ᠰᠢ ᠶᠢᠨ ᠫᠢᠩ ᠤᠨ ᠰᠣᠶᠣᠯ ᠦᠵᠡᠯ ᠰᠠᠨᠠᠭᠠᠨ ᠤ ᠰᠢᠨ᠎ᠡ ᠴᠠᠭ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠳᠠᠬᠢ ᠵᠢᠯᠣᠭᠤᠳᠬᠤ ᠠᠴᠢ ᠬᠤᠯᠪᠣᠭᠳᠠᠯ ᠢ ᠭᠦᠨᠵᠡᠭᠡᠢ ᠲᠠᠶᠢᠯᠪᠤᠷᠢᠯᠠᠭᠰᠠᠨ ᠪᠥᠭᠡᠳ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠴᠢᠬᠤᠯᠠᠴᠢᠯᠠᠪᠠ᠃ ᠲᠤᠰᠬᠠᠶ ᠮᠡᠷᠭᠡᠵᠢᠯᠲᠡᠨ ᠵᠢᠭᠠᠵᠤ ᠭᠠᠷᠭᠠᠭᠰᠠᠨ ᠨᠢ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠣᠯ ᠲᠡᠦᠬᠡ ᠰᠣᠶᠣᠯ ᠤᠨ ᠤᠯᠠᠮᠵᠢᠯᠠᠯ ᠪᠣᠯᠬᠤ ᠪᠠᠷ ᠪᠠᠷᠠᠬᠤ ᠥᠬᠡᠶ᠂ ᠨᠠᠩ ᠴᠤ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠤ ᠢᠯᠡᠷᠡᠯ ᠮᠥᠨ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯᠲᠠᠳ ᠡᠷᠬᠡᠪᠰᠢ ︽ᠬᠠᠮᠠᠭᠠᠯᠠᠬᠤ ᠶᠢ ᠲᠡᠷᠢᠭᠦᠨ ᠳᠤ ᠲᠠᠯᠪᠢᠬᠤ︾ ᠵᠠᠷᠴᠢᠮ ᠢ ᠪᠠᠷᠢᠮᠲᠠᠯᠠᠵᠤ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠭᠡᠬᠦ ᠬᠡᠷᠡᠭᠲᠡᠶ ᠭᠡᠵᠡᠢ᠃ ᠡᠭᠦᠨ ᠠᠴᠠ ᠭᠠᠳᠠᠨ᠎ᠠ᠂ ᠪᠣᠯᠪᠠᠰᠤᠷᠠᠯ ᠤᠨ ᠬᠤᠷᠠᠯ ᠨᠢ ᠪᠠᠰᠠ ᠴᠢᠨ ᠤᠯᠤᠰ ᠤᠨ ᠠᠰᠬᠠᠨ ᠵᠠᠮ ᠤᠨ ᠪᠠᠭᠤᠷᠢ ᠡᠪᠳᠡᠯᠡᠭᠡ ᠳᠤ ᠤᠴᠠᠷᠠᠭᠰᠠᠨ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠤᠷᠠᠯ ᠳᠤ ᠣᠷᠣᠯᠴᠠᠭᠰᠠᠳ ᠲᠤ ᠰᠡᠷᠡᠮᠵᠢᠯᠡᠭᠦᠯᠬᠦ ᠬᠥᠮᠦᠵᠢᠯ ᠬᠢᠵᠦ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠤᠯᠢ ᠲᠦᠭᠡᠮᠡᠯᠵᠢᠭᠦᠯᠦᠯᠲᠡ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠵᠤ᠂ ᠪᠥᠬᠦ ᠨᠡᠶᠢᠭᠡᠮ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠲᠠᠨᠢᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠬᠤ ᠬᠡᠷᠡᠭᠳᠡᠢ ᠭᠡᠵᠦ ᠱᠠᠭᠠᠷᠳᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号