ᠬᠡᠷᠡᠯ ᠰᠡᠭᠦᠳᠡᠷ ᠬᠢᠭᠡᠳ ᠥᠩᠭᠡ ᠪᠤᠳᠤᠭ ᠰᠣᠯᠪᠢᠴᠠᠵᠤ᠂ ᠤᠯᠠᠮᠵᠢᠯᠠᠯ ᠬᠢᠭᠡᠳ ᠣᠲᠣ ᠦᠶ᠎ᠡ ᠤᠴᠠᠷᠠᠯᠳᠤᠨᠠ | ᠂ 10 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ | ᠪᠣᠯᠤᠨ ᠥᠪᠥᠷ ᠮᠣᠩᠭᠤᠯ ᠤᠨ ᠤᠷᠠᠯᠢᠭ ᠤᠨ ᠰᠤᠳᠤᠯᠭᠠᠨ ᠤ ᠬᠦᠷᠢᠶᠡᠯᠡᠩ ᠠᠴᠠ ᠭᠤᠤᠯᠯᠠᠨ ᠡᠷᠭᠢᠯᠡᠭᠰᠡᠨ ︽ᠤᠯᠠᠭᠠᠨ | ᠲᠤᠭ ᠬᠥᠩᠭᠡᠨ ᠮᠣᠷᠢᠲᠤ ᠴᠡᠷᠢᠭ ᠭᠡᠶᠢᠭᠦᠯᠬᠦᠢ— ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠬᠤ ᠬᠡᠷᠡᠯ | ᠵᠢᠷᠤᠭ ᠤᠨ ᠦᠵᠡᠭᠦᠯᠭᠡ︾ ᠥᠪᠥᠷ ᠮᠣᠩᠭᠤᠯ ᠤᠨ ᠣᠯᠠᠨ ᠲᠦᠮᠡᠨ ᠤ ᠤᠷᠠᠯᠢᠭ ᠤᠨ ᠣᠷᠳᠣᠨ ᠤ ᠰᠢᠭᠤᠳ ᠬᠠᠷᠢᠶ᠎ᠠ | ᠤᠯᠠᠭᠠᠨᠮᠥ᠋ᠴᠢᠷ ᠤᠨ ᠦᠵᠡᠭᠦᠯᠭᠡ ᠶᠢᠨ ᠲᠢᠩᠬᠢᠮ ᠳᠤ ᠶᠠᠪᠤᠭᠳᠠᠪᠠ᠃ ᠦᠵᠡᠭᠦᠯᠭᠡ ᠳᠤ ᠤᠯᠠᠭᠠᠨᠮᠥ᠋ᠴᠢᠷ ᠢ ᠡᠭᠦᠳᠦᠨ | ᠪᠠᠶᠢᠭᠤᠯᠤᠭᠰᠠᠨ ᠬᠥᠭᠵᠢᠯᠲᠡ᠂ ᠤᠯᠠᠭᠠᠨᠮᠥ᠋ᠴᠢᠷ ᠤᠨ ᠥᠭᠡᠷᠡᠴᠢᠯᠡᠯᠲᠡ ᠶᠢᠨ ᠦᠢᠯᠡᠳᠦᠯᠭᠡ᠂ ᠰᠢᠨ᠎ᠡ ᠴᠠᠭ ᠦᠶ᠎ᠡ ᠶᠢᠨ | ᠤᠯᠠᠭᠠᠨᠮᠥ᠋ᠴᠢᠷ ᠭᠡᠬᠦ ᠭᠤᠷᠪᠠᠨ ᠬᠡᠰᠡᠭ ᠢ ᠪᠠᠭᠲᠠᠭᠠᠵᠤ᠂ ᠪᠤᠳᠤᠭ ᠦᠭᠡᠢ ᠠᠴᠠ ᠥᠩᠭᠡ ᠪᠤᠳᠤᠭ ᠲᠠᠢ ᠬᠦᠷᠲᠡᠯ᠎ᠡ᠂ | ᠪᠠᠯᠠᠷᠬᠠᠶ ᠠᠴᠠ ᠥᠨᠳᠥᠷ ᠲᠣᠳᠣ ᠬᠦᠷᠲᠡᠯ᠎ᠡ᠂ ᠬᠡᠷᠡᠯ ᠵᠢᠷᠤᠭ ᠤᠳ ᠨᠢ 60 ᠭᠠᠷᠤᠶ ᠵᠢᠯ ᠤᠨ ᠲᠤᠷᠰᠢᠬᠢ ᠪᠠᠶᠢᠳᠠᠯ ᠢ | ᠭᠦᠨ ᠰᠡᠳᠬᠢᠯᠭᠡ ᠲᠠᠢ ᠪᠠᠷ ᠡᠷᠭᠢᠴᠡᠭᠦᠯᠵᠦ᠂ ᠤᠯᠠᠭᠠᠨᠮᠥ᠋ᠴᠢᠷ ᠨᠢ ᠨᠠᠮ ᠤᠨ ᠤᠳᠤᠷᠢᠳᠤᠯᠭ᠎ᠠ ᠳᠤᠤᠷ᠎ᠠ᠂ ᠤᠳᠬ᠎ᠠ | ᠤᠷᠠᠯᠢᠭ ᠤᠨ ᠹᠷᠣᠨᠲ ᠳᠡᠭᠡᠷᠡᠬᠢ ᠨᠢᠭᠡᠨ ᠲᠤᠭ ᠲᠡᠮᠳᠡᠭ ᠪᠣᠯᠤᠭᠰᠠᠨ ᠤ ᠬᠤᠪᠢ ᠳᠤ᠂ ᠬᠠᠷᠢᠴᠠᠯᠠᠰᠢ ᠥᠬᠡᠶ ᠦᠨᠡᠨᠴᠢ | ᠰᠢᠳᠤᠷᠭᠤ ᠤᠯᠤᠰ ᠲᠥᠷᠥ ᠶᠢᠨ ᠬᠡᠪ ᠴᠢᠨᠠᠷ ᠢᠶᠠᠨ ᠡᠷᠡᠰ ᠭᠤᠶᠢᠪᠢᠰᠢ ᠥᠬᠡᠶ ᠳᠠᠪᠲᠠᠨ ᠪᠣᠯᠪᠠᠰᠤᠷᠠᠭᠤᠯᠵᠤ᠂ | ᠦᠨᠳᠦᠰᠦ ᠶᠢ ᠪᠤᠶᠢᠵᠢᠭᠤᠯᠵᠤ ᠰᠦᠭ ᠰᠦᠨᠡᠰᠦ ᠶᠢ ᠴᠣᠭᠴᠠᠯᠠᠬᠤ ᠤᠳᠬ᠎ᠠ ᠤᠷᠠᠯᠢᠭ ᠤᠨ ᠡᠭᠦᠷᠭᠡᠯᠡᠯ ᠢᠶᠠᠨ ᠡᠷᠡᠰ | ᠭᠤᠶᠢᠪᠢᠰᠢ ᠥᠬᠡᠶ ᠴᠢᠩᠭᠠᠳᠬᠠᠵᠤ᠂ ᠠᠮᠢᠳᠤᠷᠠᠯ ᠤᠨ ᠰᠢᠮᠡᠯᠢᠭ ᠬᠥᠷᠥᠰᠥᠨ ᠳᠤ ᠦᠨᠳᠦᠰᠦᠯᠡᠬᠦ᠂ ᠮᠠᠯᠴᠢᠨ | ᠲᠠᠷᠢᠶᠠᠴᠢᠨ ᠲᠦᠮᠡᠨ ᠳᠤ ᠦᠢᠯᠡᠴᠢᠯᠡᠬᠦ᠂ ᠤᠳᠬ᠎ᠠ ᠤᠷᠠᠯᠢᠭ ᠤᠨ ᠰᠢᠨ᠎ᠡ ᠶᠢ ᠡᠭᠦᠳᠬᠦ ᠶᠢ ᠠᠬᠢᠭᠤᠯᠬᠤ ᠰᠢᠯᠢᠳᠡᠭ | ᠤᠯᠠᠮᠵᠢᠯᠠᠯ ᠢ ᠡᠷᠡᠰ ᠭᠤᠶᠢᠪᠢᠰᠢ ᠥᠬᠡᠶ ᠪᠠᠳᠠᠷᠠᠭᠤᠯᠤᠭᠰᠠᠨ ᠶᠤᠮ᠃ ᠦᠵᠡᠭᠦᠯᠭᠡ ᠳᠤ ᠨᠡᠶᠢᠲᠡ 100 ᠭᠠᠷᠤᠶ ᠬᠡᠷᠡᠯ | ᠵᠢᠷᠤᠭ ᠤᠨ ᠪᠦᠲᠦᠭᠡᠯ ᠢ ᠳᠡᠯᠭᠡᠨ ᠦᠵᠡᠭᠦᠯᠵᠦ᠂ ᠤᠯᠠᠭᠠᠨᠮᠥ᠋ᠴᠢᠷ ᠪᠠᠶᠢᠭᠤᠯᠤᠭᠳᠠᠭᠰᠠᠨ ᠠᠴᠠ ᠨᠠᠭᠠᠰᠢᠬᠢ ᠲᠣᠭᠯᠠᠯᠲᠠ | ᠂ ᠵᠣᠬᠢᠶᠠᠨ ᠪᠦᠲᠦᠭᠡᠯᠭᠡ᠂ ᠤᠬᠠᠭᠠᠭᠤᠯᠭᠠ᠂ ᠬᠠᠪᠰᠤᠷᠤᠨ ᠵᠢᠯᠤᠭᠤᠳᠤᠯᠭ᠎ᠠ᠂ ᠦᠢᠯᠡᠴᠢᠯᠡᠭᠡ᠂ ᠤᠯᠠᠮᠵᠢᠯᠠᠯ᠂ | ᠰᠢᠨ᠎ᠡ ᠶᠢ ᠡᠭᠦᠳᠬᠦ᠂ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭ᠎ᠠ ᠵᠡᠷᠭᠡ ᠶᠠᠪᠤᠴᠠ ᠳᠤ ᠦᠯᠡᠳᠡᠭᠳᠡᠵᠦ | ᠢᠷᠡᠭᠰᠡᠨ ᠰᠣᠳᠣᠨ ᠪᠦᠲᠦᠭᠡᠯ ᠢ ᠡᠮᠬᠢᠳᠬᠡᠨ ᠴᠤᠭᠯᠠᠭᠤᠯᠵᠠᠶ᠃ ᠵᠢᠷᠤᠭ ᠨᠢ ᠣᠨᠴᠠᠭᠠᠢ ᠬᠠᠷᠠᠭᠠᠰᠤ ᠠᠴᠠ | ᠤᠯᠠᠭᠠᠨᠮᠥ᠋ᠴᠢᠷ ᠢ ᠠᠵᠢᠭᠯᠠᠵᠤ᠂ ᠲᠡᠮᠳᠡᠭᠯᠡᠵᠦ᠂ ᠮᠡᠳᠡᠷᠡᠵᠦ᠂ ᠬᠥᠮᠦᠰ ᠤᠨ ᠰᠡᠳᠬᠢᠯ ᠢ ᠬᠥᠳᠡᠯᠭᠡᠮ᠎ᠡ ᠮᠠᠰᠢ ᠤᠯᠠᠨ | ᠰᠠᠶᠢᠨ ᠰᠠᠶᠢᠬᠠᠨ ᠬᠤᠷᠣᠮ ᠢ ᠲᠣᠭᠲᠠᠭᠠᠭᠰᠠᠨ ᠪᠠᠶᠢᠨ᠎ᠠ᠃ | |