ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠰᠣᠳᠣᠨ ᠪᠦᠲᠦᠭᠡᠯ ᠵᠣᠬᠢᠶᠠᠨ | ᠪᠦᠲᠦᠭᠡᠬᠦ ᠶᠡᠭᠡ ᠬᠤᠷᠠᠯ ᠤᠨ ᠡᠭᠢᠯᠡᠯᠲᠡ ᠶᠢᠨ ᠶᠣᠰᠣᠯᠠᠯ ᠵᠢᠴᠢ ᠭᠤᠣᠯ ᠶᠠᠷᠢᠶᠠᠨ ᠤ ᠲᠠᠪᠴᠠᠩ 11 ᠤ ᠦᠳᠡ ᠶᠢᠨ | ᠡᠮᠦᠨ᠎ᠡ ᠪᠡᠭᠡᠵᠢᠩ ᠳᠤ ᠶᠠᠪᠤᠭᠳᠠᠪᠠ᠃ ᠲᠣᠰ ᠬᠤᠭᠤᠴᠠᠭᠠᠨ ᠤ ᠶᠡᠭᠡ ᠬᠤᠷᠠᠯ ᠨᠢ ︽ᠠᠭᠤᠤ ᠶᠡᠭᠡ ᠴᠠᠭ ᠦᠶ᠎ᠡ ᠶᠢ | ᠪᠢᠴᠢᠭᠯᠡᠵᠦ ᠰᠣᠳᠣᠨ ᠪᠦᠲᠦᠭᠡᠯ ᠢ ᠠᠷᠠᠳ ᠲᠦᠮᠡᠨ ᠳᠤ ᠡᠷᠭᠦᠶ᠎ᠡ︾ ᠭᠡᠬᠦ ᠭᠤᠣᠯ ᠰᠡᠳᠦᠪ ᠲᠤ ᠠᠩᠬᠠᠷᠤᠯ ᠢᠶᠠᠨ | ᠲᠥᠪᠯᠡᠷᠡᠭᠦᠯᠵᠦ᠂ ᠷᠠᠳᠢᠣ᠋ ᠲᠧᠯᠸᠢᠰ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠭᠰᠡᠨ ᠡᠯᠪᠡᠭ ᠦᠷ᠎ᠡ ᠪᠦᠲᠦᠭᠡᠯ ᠢ | ᠢᠯᠡᠷᠡᠭᠦᠯᠵᠦ᠂ ᠪᠦᠭᠦ ᠤᠯᠤᠰ ᠤᠨ ᠷᠠᠳᠢᠣ᠋ ᠲᠧᠯᠸᠢᠰ ᠤᠨ ᠠᠵᠢᠯ ᠲᠥᠷᠥᠯ ᠤᠨ ︽ᠰᠢᠨ᠎ᠡ ᠴᠠᠭ ᠦᠶ᠎ᠡ ᠶᠢᠨ ᠰᠣᠳᠣᠨ | ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠬᠦ ᠪᠠ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠵᠤ᠂ | ᠥᠷᠭᠡᠨ ᠣᠯᠠᠨ ᠠᠷᠠᠳ ᠲᠦᠮᠡᠨ ᠤ ᠣᠶᠤᠨ ᠤ ᠠᠮᠢᠳᠤᠷᠠᠯ ᠢ ᠪᠠᠶᠠᠯᠢᠭᠵᠢᠭᠤᠯᠪᠠ᠃ | ᠭᠤᠣᠯ ᠶᠠᠷᠢᠶᠠᠨ ᠤ ᠲᠠᠪᠴᠠᠩ ᠨᠢ ︽ᠨᠡᠩ ᠤᠯᠠᠨ ᠰᠣᠳᠣᠨ ᠪᠦᠲᠦᠭᠡᠯ᠂ ᠨᠡᠩ ᠥᠷᠭᠡᠨ ᠳᠠᠮᠵᠢᠭᠤᠯᠭ᠎ᠠ᠂ | ᠨᠡᠩ ᠰᠠᠶᠢᠨ ᠪᠡᠶᠡᠴᠢᠯᠡᠨ ᠣᠶᠢᠯᠠᠭᠠᠯᠲᠠ︾ ᠭᠡᠬᠦ ᠭᠤᠣᠯ ᠰᠡᠳᠦᠪ ᠤᠨ ᠲᠣᠭᠤᠷᠢᠨ ᠳᠤ᠂ ᠠᠵᠢᠯ ᠲᠦᠷᠦᠯ ᠤᠨ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠷᠠᠳᠢᠣ᠋ ᠲᠧᠯᠸᠢᠰ ᠤᠨ ᠪᠠᠶᠢᠭᠤᠯᠤᠮᠵᠢ᠂ ᠰᠦᠯᠵᠢᠶᠡᠨ ᠤ ᠬᠠᠷᠠᠭ᠎ᠠ | ᠰᠣᠨᠣᠷ ᠤᠨ ᠲᠠᠪᠴᠠᠩ᠂ ᠺᠢᠨᠣ᠋ ᠲᠧᠯᠸᠢᠰ ᠦᠢᠯᠡᠳᠬᠦ ᠪᠠᠶᠢᠭᠤᠯᠤᠮᠵᠢ ᠶᠢᠨ ᠲᠥᠯᠥᠭᠡᠯᠡᠭᠴᠢ ᠵᠢᠴᠢ ᠤᠳᠬ᠎ᠠ | ᠤᠷᠠᠯᠢᠭ ᠤᠨ ᠵᠣᠬᠢᠶᠠᠭᠴᠢ᠂ ᠤᠳᠬ᠎ᠠ ᠤᠷᠠᠯᠢᠭ ᠤᠨ ᠰᠢᠭᠦᠮᠵᠢᠯᠡᠭᠴᠢ ᠭᠤᠣᠯ ᠰᠡᠳᠦᠪᠲᠦ ᠶᠠᠷᠢᠶ᠎ᠠ ᠲᠠᠯᠪᠢᠪᠠ᠃ | ᠡᠭᠦᠨ ᠠᠴᠠ ᠭᠠᠳᠠᠨ᠎ᠠ᠂ ᠶᠡᠭᠡ ᠬᠤᠷᠠᠯ ᠠᠴᠠ ︽ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠪᠦᠷᠢᠨ | ᠵᠠᠭᠤᠴᠢᠯᠠᠭᠤᠷ ᠤᠨ ᠬᠥᠭᠵᠢᠯᠲᠡ ᠶᠢᠨ ᠮᠡᠳᠡᠭᠦᠯᠦᠯᠲᠡ︾᠂ ︽2023 — 2024 ᠷᠠᠳᠢᠣ᠋ ᠲᠧᠯᠸᠢᠰ ᠤᠨ ᠲᠣᠮᠣ | ᠳᠡᠯᠭᠡᠴᠡ ᠶᠢᠨ ᠭᠥᠯᠢᠶᠡᠨ ᠠᠪᠴᠤ ᠦᠵᠡᠭᠰᠡᠨ ᠲᠤᠭ᠎ᠠ ᠪᠠᠷᠢᠮᠲᠠ ᠶᠢᠨ ᠮᠡᠳᠡᠭᠦᠯᠦᠯᠲᠡ︾ ᠶᠢ ᠨᠡᠶᠢᠲᠡᠯᠡᠵᠦ᠂ ᠪᠦᠭᠦ | ᠤᠯᠤᠰ ᠤᠨ ᠷᠠᠳᠢᠣ᠋ ᠲᠧᠯᠸᠢᠰ ᠤᠨ ᠠᠵᠢᠯ ᠳᠤ ᠭᠠᠷᠤᠭᠰᠠᠨ ᠢᠯᠡᠳᠲᠡ ᠬᠤᠪᠢᠷᠠᠯᠲᠠ ᠶᠢ ᠡᠮᠬᠢᠯᠡᠵᠦ᠂ ᠪᠠᠰᠠ 2023 | ᠣᠨ ᠤ ︽ᠳᠤᠮᠳᠠᠳᠤ ᠤᠯᠤᠰ ᠢ ᠦᠵᠡᠵᠦ ᠰᠣᠨᠣᠰᠤᠶ᠎ᠠ ᠪᠦᠭᠦ ᠪᠥᠮᠪᠥᠷᠴᠡᠭ ᠲᠠᠬᠢ ᠨᠡᠪᠲᠡᠷᠡᠭᠦᠯᠭᠡ︾ ᠶᠢᠨ ᠰᠢᠯᠢᠳᠡᠭ | ᠪᠦᠲᠦᠭᠡᠯ᠂ ᠨᠡᠷ᠎ᠡ ᠳᠤ ᠣᠷᠣᠭᠰᠠᠨ ᠪᠦᠲᠦᠭᠡᠯ ᠪᠠ ᠰᠢᠯᠢᠳᠡᠭ ᠳᠡᠯᠭᠡᠷᠡᠭᠦᠯᠬᠦ ᠪᠠᠶᠢᠭᠤᠯᠤᠮᠵᠢ ᠶᠢᠨ | ᠰᠢᠯᠭᠠᠷᠠᠭᠤᠯᠤᠯᠲᠠ ᠶᠢᠨ ᠦᠷ᠎ᠡ ᠳ᠋ᠦᠩ ᠢ ᠨᠡᠶᠢᠲᠡᠯᠡᠪᠡ᠃ | ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠶᠡᠭᠡ ᠬᠤᠷᠠᠯ ᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ | ᠲᠣᠪᠴᠢᠶ᠎ᠠ᠂ ᠪᠡᠭᠡᠵᠢᠩ ᠬᠤᠲᠠ ᠶᠢᠨ ᠠᠷᠠᠳ ᠤᠨ ᠵᠠᠰᠠᠭ ᠤᠨ ᠣᠷᠳᠣᠨ ᠭᠤᠣᠯᠯᠠᠨ ᠡᠷᠭᠢᠯᠡᠵᠦ᠂ 13 ᠤ ᠡᠳᠦᠷ | ᠪᠤᠯᠲᠠᠯ᠎ᠠ ᠶᠠᠪᠤᠭᠳᠠᠪᠠ᠂ ᠡᠭᠢᠯᠡᠯᠲᠡ ᠶᠢᠨ ᠶᠣᠰᠣᠯᠠᠯ ᠵᠢᠴᠢ ᠭᠤᠣᠯ ᠶᠠᠷᠢᠶᠠᠨ ᠤ ᠲᠠᠪᠴᠠᠩ ᠠᠴᠠ ᠭᠠᠳᠠᠨ᠎ᠠ ᠪᠠᠰᠠ 12 | ᠲᠠᠯᠠᠪᠤᠷ ᠶᠠᠷᠢᠶᠠᠨ ᠤ ᠲᠠᠪᠴᠠᠩ ᠪᠠ 9 ᠲᠠᠯᠠᠪᠤᠷ ᠢᠵᠢ ᠪᠦᠷᠢᠳᠦᠭᠦᠯᠦᠭᠰᠡᠨ ᠠᠵᠢᠯᠯᠠᠭ᠎ᠠ ᠶᠠᠪᠤᠭᠳᠠᠭᠤᠯᠪᠠ᠃ ᠶᠡᠭᠡ | ᠬᠤᠷᠠᠯ ᠳᠤ ᠪᠦᠭᠦ ᠤᠯᠤᠰ ᠤᠨ 1000 ᠭᠠᠷᠤᠢ ᠠᠵᠢᠯ ᠲᠦᠷᠦᠯ ᠤᠨ ᠪᠠᠶᠢᠭᠤᠯᠤᠮᠵᠢ᠂ 5000 ᠭᠠᠷᠤᠢ ᠠᠵᠢᠯ | ᠲᠦᠷᠦᠯ ᠤᠨ ᠲᠥᠯᠥᠭᠡᠯᠡᠭᠴᠢ ᠭᠦᠨᠵᠡᠭᠡᠢ ᠣᠷᠣᠯᠴᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠭᠢᠯᠭᠠᠨ ᠮᠡᠳᠡᠭᠡ︶ | |