2024 ᠳᠤᠮᠳᠠᠳᠤ ᠤᠯᠤᠰ · ᠦᠬᠠᠶ ᠶᠢᠨ ᠡᠯᠡᠰᠦᠨ ᠴᠦᠯ ᠤᠨ ᠨᠣᠭᠤᠭᠠᠨ ᠪᠦᠷᠢᠳᠦ ᠡᠬᠡ ᠭᠠᠵᠠᠷ ᠤᠨ ᠤᠷᠠᠯᠢᠭ ᠤᠨ ᠤᠯᠠᠷᠢᠯ ᠡᠬᠢᠯᠡᠪᠡ
ᠨᠡᠶᠢᠲᠡᠯᠡᠭᠰᠡᠨ ᠴᠠᠭ᠄
2024/11/25
   11 ᠰᠠᠷ᠎ᠠ ᠶᠢᠨ 22 ᠤ ᠡᠳᠦᠷ᠂ 2024 ᠳᠤᠮᠳᠠᠳᠤ ᠤᠯᠤᠰ · ᠦᠬᠠᠶ ᠶᠢᠨ ᠡᠯᠡᠰᠦᠨ ᠴᠦᠯ ᠤᠨ ᠨᠣᠭᠤᠭᠠᠨ ᠪᠦᠷᠢᠳᠦ ᠶᠢᠨ ᠡᠬᠡ ᠭᠠᠵᠠᠷ ᠤᠨ ᠤᠷᠠᠯᠢᠭ ᠤᠨ ᠤᠯᠠᠷᠢᠯ ᠶᠤᠸᠡᠢ ᠢᠦᠢ ᠨᠣᠮ ᠤᠨ ᠪᠠᠭᠠᠷ ᠲᠤ ᠬᠥᠰᠢᠭᠡ ᠪᠠᠨ ᠰᠡᠬᠦᠪᠡ ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠧᠩ ᠫᠸᠢ ᠶᠦᠨ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠦ᠂ ᠬᠤᠲᠠ ᠶᠢᠨ ᠤᠳᠤᠷᠢᠳᠤᠯᠭ᠎ᠠ ᠿᠧᠨ ᠵᠢᠶ ᠬᠤᠸᠠ᠂ ᠵᠠᠩ ᠶᠦᠩ᠂ ᠹᠦ᠋ ᠲᠢᠩ ᠯᠢᠨ ᠠᠵᠢᠯᠯᠠᠭ᠎ᠠ ᠳᠤ ᠣᠷᠣᠯᠴᠠᠪᠡ᠃ ᠡᠬᠢᠯᠡᠯᠲᠡ ᠶᠢᠨ ᠶᠣᠰᠣᠯᠠᠯ ᠳᠡᠭᠡᠷ᠎ᠡ᠂ 4 ᠲᠠᠯᠠᠪᠤᠷ ᠰᠠᠯᠤᠨ ᠤ ᠠᠵᠢᠯᠯᠠᠭ᠎ᠠ ᠨᠢ ᠭᠤᠶᠢᠳᠠ ᠰᠠᠶᠢᠬᠠᠨ ᠪᠣᠯᠵᠣ᠂ ᠠᠵᠢᠯᠯᠠᠭ᠎ᠠ ᠳᠤ ᠣᠷᠣᠯᠴᠠᠭᠰᠠᠨ ᠬᠦᠨᠳᠦᠲᠦ ᠵᠣᠴᠢᠳ ︽ᠦᠬᠠᠶ ᠳᠤ ᠢᠷᠡᠵᠦ᠂ ᠡᠯᠡᠰᠦ ᠪᠠ ᠨᠣᠭᠤᠭᠠᠨ ᠪᠦᠷᠢᠲᠤ ᠶᠢ ᠬᠠᠮᠲᠤ ᠪᠠᠷ ᠰᠣᠨᠢᠷᠬᠠᠶ᠎ᠡ︾ ︽ᠨᠣᠭᠤᠭᠠᠨ ᠦᠬᠠᠶ ᠶᠢ ᠬᠠᠮᠲᠤ ᠪᠠᠷ ᠡᠳ᠋ᠯᠡᠵᠦ᠂ ᠢᠷᠡᠭᠡᠳᠦᠶ ᠪᠠᠨ ᠬᠠᠮᠲᠤ ᠪᠠᠷ ᠴᠤᠭᠴᠠᠯᠠᠶ᠎ᠠ︾ ︽ᠬᠠᠮᠲᠤ ᠪᠠᠷ ᠴᠤᠣᠷᠢᠶᠠᠳᠤᠭᠰᠠᠨ ᠡᠯᠡᠰᠦ ᠪᠠ ᠲᠡᠯᠡᠶ᠂ ᠪᠠᠶᠢᠭᠠᠯᠢ ᠪᠣᠯᠤᠨ ᠤᠷᠠᠯᠢᠭ ᠤᠨ ᠶᠠᠷᠢᠯᠴᠠᠭ᠎ᠠ︾ ︽ᠡᠯᠡᠰᠦ ᠮᠠᠩᠬᠠᠨ ᠳᠤ ᠨᠠᠶᠢᠷᠠᠯᠳᠣᠵᠣ᠂ ᠪᠠᠶᠢᠭᠠᠯᠢ ᠶᠢᠨ ᠬᠦᠴᠦᠨ ᠢ ᠬᠥᠭᠵᠢᠭᠡᠶ᠎ᠡ︾ ᠵᠡᠷᠭᠡ ᠭᠤᠤᠯ ᠰᠡᠳᠦᠪ ᠤᠨ ᠲᠣᠭᠤᠷᠢᠨ ᠳᠤ᠂ ᠣᠳᠣᠬᠢ ᠪᠠᠶᠢᠳᠠᠯ ᠢ ᠵᠠᠳᠠᠯᠵᠤ᠂ ᠰᠡᠳᠬᠢᠴᠡ ᠪᠠᠨ ᠰᠣᠯᠢᠴᠠᠵᠤ᠂ ᠦᠬᠠᠶ ᠬᠤᠲᠠ ᠶᠢᠨ ᠬᠥᠭᠵᠢᠯᠲᠡ ᠶᠢᠨ ᠬᠠᠨᠳᠤᠰᠢ ᠶᠢ ᠬᠠᠮᠲᠤ ᠪᠠᠷ ᠰᠦᠪᠡᠭᠴᠢᠯᠡᠵᠦ᠂ ᠢᠷᠡᠭᠡᠳᠦᠶ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠣᠯᠭᠤᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠳ᠋ᠧᠩ ᠶᠠ ᠫᠢᠩ᠂ ᠵᠠᠩ ᠵᠢᠶᠦ᠋ᠨ ᠨᠢᠩ᠂ ᠲᠠᠨ ᠵᠦᠸᠧ ᠂ ᠰᠢᠶᠠ ᠢᠦᠶ ᠵᠡᠷᠭᠡ 4 ᠨᠡᠷᠡᠲᠦ ᠬᠥᠮᠦᠰ ᠲᠤ ᠲᠣᠰ ᠲᠣᠰ ᠦᠬᠠᠶ ᠬᠤᠲᠠ ᠶᠢᠨ ᠪᠡᠶ᠎ᠡ ᠶᠢᠨ ᠲᠠᠮᠢᠷ ᠰᠣᠶᠣᠯ ᠤᠨ ᠨᠡᠶᠢᠲᠡ ᠶᠢᠨ ᠠᠰᠠᠷᠠᠮᠵᠢ ᠶᠢᠨ ᠲᠠᠨᠢᠯᠴᠠᠭᠤᠯᠭ᠎ᠠ ᠶᠢᠨ ᠡᠯᠴᠢ᠂ ᠦᠬᠠᠶ ᠬᠤᠲᠠ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠨᠡᠶᠢᠲᠡ ᠶᠢᠨ ᠠᠰᠠᠷᠠᠮᠵᠢ ᠶᠢᠨ ᠲᠠᠨᠢᠯᠴᠠᠭᠤᠯᠭ᠎ᠠ ᠶᠢᠨ ᠡᠯᠴᠢ᠂ ᠦᠬᠠᠶ ᠬᠤᠲᠠ ᠶᠢᠨ ᠰᠣᠶᠣᠯ ᠤᠷᠠᠯᠢᠭ ᠤᠨ ᠨᠡᠶᠢᠲᠡ ᠶᠢᠨ ᠠᠰᠠᠷᠠᠮᠵᠢ ᠶᠢᠨ ᠲᠠᠨᠢᠯᠴᠠᠭᠤᠯᠭ᠎ᠠ ᠶᠢᠨ ᠡᠯᠴᠢ᠂ ᠦᠬᠠᠶ ᠬᠤᠲᠠ ᠶᠢᠨ ᠡᠯᠡᠰᠦᠨ ᠴᠦᠯ ᠤᠨ ᠲᠠᠮᠢᠷ ᠤᠨ ᠬᠥᠳᠡᠯᠭᠡᠭᠡᠨ ᠤ ᠨᠡᠶᠢᠲᠡ ᠶᠢᠨ ᠠᠰᠠᠷᠠᠮᠵᠢ ᠶᠢᠨ ᠲᠠᠨᠢᠯᠴᠠᠭᠤᠯᠭ᠎ᠠ ᠶᠢᠨ ᠡᠯᠴᠢ ᠶᠢᠨ ᠢᠷᠠᠭᠤ ᠠᠯᠳᠠᠷ ᠤᠨ ᠴᠣᠯᠠ ᠭᠥᠷᠳᠡᠪᠡ᠃ ᠠᠵᠢᠯᠯᠠᠭ᠎ᠠ ᠶᠢᠨ ᠲᠤᠬᠠᠶ ᠶᠢᠨ ᠡᠳᠦᠷ᠂ ᠭᠤᠤᠯᠯᠠᠨ ᠡᠷᠬᠢᠯᠡᠭᠰᠡᠨ ᠲᠠᠯ᠎ᠠ ᠶᠢᠨ ᠬᠢᠨ ᠪᠠᠰᠠ ᠤᠷᠠᠯᠢᠭ ᠤᠨ ᠲᠣᠨᠣᠭᠯᠠᠯ ᠤᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃    
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号