| ︵ᠰᠤᠷᠪᠤᠯᠵᠢᠯᠠᠭᠴᠢ ᠠᠷᠢᠭᠤᠨ᠎ᠠ︶ 11 ᠳ᠋ᠦ᠋ᠭᠡᠷ ᠰᠠᠷ᠎ᠠ ᠶᠢᠨ 21 ᠤ ᠡᠳᠦᠷ ᠠᠴᠠ 24 ᠤ ᠡᠳᠦᠷ ᠪᠣᠯᠲᠠᠯ᠎ᠠ᠂ | ᠮᠣᠩᠭᠤᠯ ᠤᠯᠤᠰ ᠤᠨ ᠨᠡᠶᠢᠰᠯᠡᠯ ᠤᠨ ᠵᠠᠰᠠᠭ ᠳᠠᠷᠤᠭ᠎ᠠ ᠪᠥᠭᠡᠳ ᠤᠯᠠᠭᠠᠨᠪᠠᠭᠠᠲᠤᠷ ᠬᠤᠲᠠ ᠶᠢᠨ ᠳᠠᠷᠤᠭ᠎ᠠ ᠬᠡ᠊ · | ᠨᠢᠮᠠᠪᠠᠭᠠᠲᠤᠷ ᠲᠥᠯᠥᠭᠡᠯᠡᠭᠴᠢᠳ ᠤᠨ ᠪᠦᠯᠬᠦᠮ ᠢᠶᠠᠨ ᠳᠠᠭᠠᠭᠤᠯᠤᠨ ᠮᠧᠩ ᠼᠤᠤ ᠠᠮᠢ ᠠᠬᠤᠶ ᠶᠢᠨ ᠣᠷᠴᠢᠨ | ᠲᠣᠭᠤᠷᠢᠨ ᠤ ︵ᠪᠦᠯᠦᠭᠯᠡᠯ︶ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠬᠥᠬᠡᠬᠤᠲᠠ ᠶᠢᠨ | ᠲᠥᠯᠥᠪᠵᠢᠭᠦᠯᠭᠡ ᠶᠢᠨ ᠣᠷᠳᠣᠨ᠂ ᠬᠥᠬᠡᠬᠤᠲᠠ ᠶᠢᠨ ᠪᠠᠨᠳᠢ ᠶᠢᠨ ᠠᠶᠢᠯ ᠤᠨ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠵᠡᠷᠭᠡ ᠭᠠᠵᠠᠷ ᠲᠤ ᠠᠶᠢᠯᠴᠢᠯᠠᠨ ᠰᠤᠷᠪᠤᠯᠵᠢᠯᠠᠵᠤ᠂ ᠬᠥᠬᠡᠬᠤᠲᠠ ᠶᠢᠨ ᠴᠡᠴᠡᠷᠯᠢᠭ ᠤᠨ | ᠲᠥᠯᠥᠪᠵᠢᠭᠦᠯᠭᠡ᠂ ᠬᠤᠳᠠ ᠶᠢᠨ ᠪᠦᠳᠦᠭᠡᠨ ᠪᠠᠶᠢᠭᠤᠯᠤᠯᠲᠠ᠂ ᠪᠣᠬᠢᠷ ᠤᠰᠤ ᠰᠢᠢᠳᠪᠦᠷᠢᠯᠡᠬᠦ ᠵᠡᠷᠭᠡ ᠲᠠᠯ᠎ᠠ ᠶᠢᠨ | ᠲᠤᠷᠰᠢᠯᠭ᠎ᠠ ᠠᠷᠭ᠎ᠠ ᠬᠢᠳᠡᠯ ᠢ ᠣᠶᠢᠯᠠᠭᠠᠪᠠ᠃ ᠬᠦᠬᠡᠬᠤᠲᠠ ᠨᠢ ᠤᠯᠠᠨ ᠤᠯᠤᠰ ᠤᠨ ᠨᠥᠬᠦᠷᠰᠡᠭ ᠬᠤᠳᠠ ᠶᠢᠨ | ᠬᠥᠭᠵᠢᠯᠲᠡ ᠳᠤ ᠳᠤᠮᠳᠠᠳᠤ ᠤᠯᠤᠰ ᠤᠨ ᠲᠥᠰᠦᠯ ᠢ ᠬᠠᠩᠭᠠᠵᠠᠢ᠃ ᠠᠶᠢᠯᠴᠢᠯᠠᠵᠤ ᠪᠠᠶᠢᠭ᠎ᠠ ᠬᠤᠭᠤᠴᠠᠭᠠᠨ ᠳᠤ᠂ | ᠬᠥᠬᠡᠬᠤᠲᠠ ᠪᠣᠯᠤᠨ ᠤᠯᠠᠭᠠᠨᠪᠠᠭᠠᠲᠤᠷ ᠬᠤᠳᠠ ︽ᠳᠤᠮᠳᠠᠳᠤ ᠤᠯᠤᠰ ᠤᠨ ᠬᠥᠬᠡᠬᠤᠲᠠ ᠪᠣᠯᠤᠨ ᠮᠣᠩᠭᠤᠯ | ᠤᠯᠤᠰ ᠤᠨ ᠤᠯᠠᠭᠠᠨᠪᠠᠭᠠᠲᠤᠷ ᠬᠤᠳᠠ ᠶᠢᠨ ᠳᠤᠮᠳᠠᠳᠤ ᠮᠣᠩᠭᠤᠯ ᠤᠨ ᠨᠥᠬᠦᠷᠰᠡᠭ ᠬᠠᠷᠢᠯᠴᠠᠭᠠᠨ ᠤ ᠦᠯᠢᠭᠡᠷ | ᠵᠢᠱᠢᠶ᠎ᠡ ᠶᠢ ᠪᠦᠬᠦ ᠲᠠᠯ᠎ᠠ ᠪᠠᠷ ᠴᠤᠭᠴᠠᠯᠠᠬᠤ ᠰᠠᠨᠠᠮᠵᠢ ᠶᠢᠨ ᠪᠢᠴᠢᠭ︾ ᠲᠤ ᠭᠠᠷ ᠤᠨ ᠦᠰᠦᠭ ᠵᠢᠷᠤᠪᠠ᠃ | ᠰᠠᠨᠠᠮᠵᠢ ᠶᠢᠨ ᠪᠢᠴᠢᠭ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠢᠳᠡᠭᠡᠨ ᠪᠣᠯᠪᠠᠰᠤᠷᠠᠭᠤᠯᠬᠤ᠂ ᠪᠣᠬᠢᠷᠲᠤᠯ | ᠦᠭᠡᠢ ᠬᠢᠮᠢ ᠶᠢᠨ ᠠᠵᠤ ᠦᠢᠯᠡᠳᠪᠦᠷᠢ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠬᠤᠳᠠ ᠶᠢᠨ ᠪᠦᠳᠦᠭᠡᠨ | ᠪᠠᠶᠢᠭᠤᠯᠤᠯᠲᠠ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ | ᠭᠤᠣᠯᠳᠠᠯᠭ᠎ᠠ ᠲᠠᠢ ᠠᠬᠢᠭᠤᠯᠵᠤ᠂ ᠬᠤᠶᠠᠷ ᠬᠤᠳᠠ ᠶᠢᠨ ᠠᠷᠠᠳ ᠲᠦᠮᠡᠨ ᠳᠤ ᠨᠡᠩ ᠰᠠᠶᠢᠨ ᠦᠢᠯᠡᠴᠢᠯᠡᠬᠦ ᠪᠣᠯᠣᠨ᠎ᠠ᠃ | ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠭᠰᠠᠨ ᠨᠢ ᠬᠥᠬᠡᠬᠤᠲᠠ᠂ ᠤᠯᠠᠭᠠᠨᠪᠠᠭᠠᠲᠤᠷ ᠬᠤᠳᠠ ᠶᠢᠨ | ᠨᠥᠬᠦᠷᠰᠡᠭ ᠬᠠᠷᠢᠯᠴᠠᠭ᠎ᠠ ᠶᠢ ᠤᠯᠠᠮ ᠨᠢᠭᠡ ᠠᠯᠬᠤᠮ ᠪᠠᠬᠢᠵᠢᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠳᠤᠮᠳᠠᠳᠤ | ᠮᠣᠩᠭᠤᠯ ᠬᠤᠶᠠᠷ ᠤᠯᠤᠰ ᠤᠨ ᠨᠥᠬᠦᠷᠰᠡᠭ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠭᠰᠡᠨ ᠶᠠᠪᠤᠳᠠᠯ ᠪᠣᠯᠤᠨ᠎ᠠ | ᠃ ᠳᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ᠡᠷᠬᠡ ᠲᠡᠭᠰᠢ ᠪᠠᠷ ᠵᠥᠪᠳᠡᠬᠦ᠂ ᠨᠡᠭᠡᠭᠡᠯᠲᠡ ᠲᠠᠢ | ᠪᠠᠭᠲᠠᠭᠠᠮᠵᠢᠲᠠᠢ ᠪᠠᠶᠢᠬᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠢ ᠬᠠᠮᠲᠤ ᠪᠠᠷ | ᠠᠰᠢᠭ ᠬᠦᠷᠳᠡᠬᠦ ᠵᠠᠷᠴᠢᠮ ᠢ ᠪᠠᠷᠢᠮᠲᠠᠯᠠᠵᠤ᠂ ᠳᠤᠮᠳᠠᠳᠤ ᠮᠣᠩᠭᠤᠯ ᠤᠨ ᠨᠥᠬᠦᠷᠰᠡᠭ ᠬᠠᠷᠢᠯᠴᠠᠭᠠᠨ ᠤ ᠦᠯᠢᠭᠡᠷ | ᠵᠢᠱᠢᠶ᠎ᠡ ᠶᠢ ᠬᠠᠮᠲᠤ ᠪᠠᠷ ᠴᠣᠭᠴᠠᠯᠠᠵᠤ᠂ ᠳᠤᠮᠳᠠᠳᠤ ᠮᠣᠩᠭᠤᠯ ᠬᠤᠶᠠᠷ ᠤᠯᠤᠰ ᠤᠨ ᠨᠥᠬᠦᠷᠰᠡᠭ ᠬᠠᠷᠢᠴᠠᠭᠠᠨ ᠳᠤ | ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠣᠯᠣᠨ᠎ᠠ᠃ | | | | | | | | | | | | ᠁ |