| 11 ᠰᠠᠷ᠎ᠠ ᠶᠢᠨ 26 ᠤ ᠡᠳᠦᠷ᠂ ︽ᠲᠠᠭᠤᠲᠤ ᠥᠪᠥᠷ ᠮᠣᠩᠭᠤᠯ · ᠮᠥᠰᠥ ᠴᠠᠰᠤᠨ ᠤ ᠨᠠᠶᠢᠷ · ᠪᠠᠷᠠᠭᠤᠨ | ᠣᠷᠣᠨ ᠤ ᠥᠪᠡᠷ ᠢᠶᠠᠨ ᠲᠡᠷᠭᠡ ᠵᠢᠯᠣᠭᠤᠳᠤᠨ ᠵᠤᠭᠠᠴᠠᠬᠤ︾ 2024 ᠣᠨ ᠤ ᠪᠠᠶᠠᠨᠨᠠᠭᠤᠷ — ᠦᠬᠠᠢ — | ᠠᠯᠠᠱᠠ ᠭᠤᠷᠪᠠᠨ ᠠᠶᠢᠮᠠᠭ ᠬᠤᠳᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ︵ᠪᠡᠭᠡᠵᠢᠩ︶ ᠲᠠᠨᠢᠯᠴᠠᠭᠤᠯᠭ᠎ᠠ | ᠶᠢᠨ ᠬᠤᠷᠠᠯ ᠪᠡᠭᠡᠵᠢᠩ ᠳᠤ ᠬᠤᠷᠠᠯᠳᠤᠪᠠ᠃ ᠲᠠᠨᠢᠯᠴᠠᠭᠤᠯᠭ᠎ᠠ ᠶᠢᠨ ᠬᠤᠷᠠᠯ ᠤᠨ ᠠᠬᠤᠶ ᠲᠠᠯᠠᠪᠠᠶ ᠳᠤ ᠭᠤᠷᠪᠠᠨ | ᠠᠶᠢᠮᠠᠭ ᠬᠤᠲᠠ ᠶᠢᠨ ᠮᠥᠰᠥ ᠴᠠᠰᠤᠨ ᠤ ᠵᠢᠭᠤᠯᠴᠢᠯᠠᠯ ᠤᠨ ᠬᠢᠯᠠᠰ ᠴᠢᠭ ᠢᠶᠠᠷ ᠭᠤᠤᠯ ᠡᠯᠧᠮᠧᠨ᠋ᠲ ᠪᠣᠯᠭᠠᠵᠤ᠂ | ᠮᠥᠰᠥ ᠴᠠᠰᠤ᠂ ᠬᠠᠲᠤᠨ ᠭᠤᠤᠯ᠂ ᠣᠷᠳᠣ ᠴᠠᠭᠠᠨ ᠬᠡᠷᠡᠮ᠂ ᠡᠯᠡᠰᠦ ᠮᠠᠩᠬ᠎ᠠ ᠵᠡᠷᠭᠡ ᠶᠢᠨ ᠣᠨᠴᠠᠯᠢᠭ ᠢ ᠠᠭᠤᠰᠬᠠᠨ | ᠣᠷᠣᠭᠤᠯᠵᠤ᠂ ᠦᠵᠡᠭᠦᠯᠤᠯᠭᠡ ᠶᠢᠨ ᠲᠤᠭᠤᠷᠢᠭ᠂ ᠰᠢᠭᠤᠳ ᠨᠡᠪᠲᠡᠷᠡᠭᠦᠯᠭᠡ ᠶᠢᠨ ᠲᠤᠭᠤᠷᠢᠭ᠂ ᠬᠠᠷᠢᠯᠴᠠᠨ | ᠦᠢᠯᠡᠳᠦᠯᠴᠡᠵᠦ ᠰᠢᠯᠭᠠᠨ ᠦᠨᠡᠯᠡᠬᠦ ᠲᠤᠭᠤᠷᠢᠭ ᠳᠣᠭᠢᠷᠠᠭᠤᠯᠵᠤ᠂ ᠬᠡᠷᠡᠯ ᠰᠡᠭᠦᠳᠡᠷ ᠤᠨ ᠰᠢᠨᠵᠢᠯᠡᠬᠦ ᠤᠬᠠᠭᠠᠨ | ᠮᠡᠷᠭᠡᠵᠢᠯ ᠢᠶᠠᠷ ᠬᠦᠨᠵᠡᠭᠡᠢ ᠪᠡᠶᠡᠴᠢᠯᠡᠨ ᠣᠶᠢᠯᠠᠭᠠᠵᠤ᠂ ᠬᠤᠷᠠᠯ ᠳᠤ ᠣᠷᠣᠯᠴᠠᠭᠰᠠᠳ ᠲᠤ ︽ᠲᠠᠭᠤᠲᠤ ᠥᠪᠥᠷ | ᠮᠣᠩᠭᠤᠯ︾ ᠤᠨ ᠭᠤᠷᠪᠠᠨ ᠠᠶᠢᠮᠠᠭ ᠬᠤᠲᠠ ᠪᠠᠷ ᠵᠤᠭᠠᠴᠠᠵᠤ᠂ ︽ᠪᠠᠶᠠᠰᠬᠤᠯᠠᠩᠲᠤ ᠮᠥᠰᠥ ᠴᠠᠰᠤᠨ ᠤ ᠨᠠᠶᠢᠷ︾ | ᠤᠨ ᠷᠢᠳᠢ ᠰᠢᠳᠢ ᠶᠢ ᠪᠥᠬᠦ ᠲᠠᠯ᠎ᠠ ᠪᠠᠷ ᠣᠶᠢᠯᠠᠭᠠᠭᠤᠯᠪᠠ᠃ ᠣᠯᠠᠨ ᠲᠠᠨᠢᠯᠴᠠᠭᠤᠯᠤᠭᠴᠢ ᠭᠤᠷᠪᠠᠨ ᠬᠤᠲᠠ ᠶᠢᠨ ︽ | ᠪᠠᠶᠠᠰᠬᠤᠯᠠᠩᠲᠤ ᠮᠥᠰᠥ ᠴᠠᠰᠤᠨ ᠤ ᠨᠠᠶᠢᠷ︾ ᠤᠨ ᠮᠥᠰᠥ ᠴᠠᠰᠤᠨ ᠤ ᠠᠶᠠᠨ ᠵᠠᠮ ᠪᠠ ᠦᠪᠡᠳᠡᠭᠰᠢ ᠪᠠᠶᠢᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠦᠬᠠᠶ᠂ ᠪᠠᠶᠠᠨᠨᠠᠭᠤᠷ᠂ ᠠᠯᠠᠱᠠ ᠶᠢᠨ ᠭᠤᠷᠪᠠᠨ ᠠᠶᠢᠮᠠᠭ ᠬᠤᠲᠠ ᠶᠢᠨ ᠡᠪᠦᠯ ᠤᠨ | ᠤᠯᠠᠷᠢᠯ ᠵᠢᠴᠢ ᠪᠥᠬᠦ ᠤᠯᠠᠷᠢᠯ ᠤᠨ ᠡᠯᠪᠡᠭ ᠪᠠᠶᠠᠯᠢᠭ ᠵᠢᠭᠤᠯᠴᠢᠯᠠᠯ ᠠᠮᠠᠷᠠᠯᠲᠠ ᠶᠢᠨ ᠡᠬᠢ ᠪᠠᠶᠠᠯᠢᠭ᠂ ᠭᠤᠷᠪᠠᠨ | ᠠᠶᠢᠮᠠᠭ ᠬᠤᠲᠠ ᠶᠢᠨ ᠰᠢᠵᠢᠷ ᠠᠯᠲᠠᠨ ᠵᠠᠮ ᠱᠤᠭᠤᠮ᠂ ᠮᠥᠰᠥ ᠴᠠᠰᠤᠨ ᠤ ᠭᠤᠤᠯ ᠰᠡᠳᠦᠪᠲᠦ ᠪᠠᠶᠠᠷ | ᠳᠤᠷᠠᠰᠬᠠᠯ ᠤᠨ ᠡᠳᠦᠷ ᠵᠡᠷᠭᠡ ᠠᠭᠤᠯᠭ᠎ᠠ ᠪᠠᠨ ᠲᠠᠨᠢᠯᠴᠠᠭᠤᠯᠵᠤ᠂ ᠥᠷᠭᠡᠨ ᠣᠯᠠᠨ ᠵᠤᠭᠠᠴᠠᠭᠰᠠᠳ ᠢ ᠥᠪᠥᠷ | ᠮᠣᠩᠭᠤᠯ ᠤᠨ ᠥᠪᠡᠷᠮᠢᠴᠡ ᠷᠢᠳᠢ ᠰᠢᠳᠢ ᠶᠢ ᠪᠡᠶᠡᠴᠢᠯᠡᠨ ᠣᠶᠢᠯᠠᠭᠠᠬᠤ ᠶᠢ ᠴᠢᠩ ᠰᠡᠳᠬᠢᠯ ᠠᠴᠠ ᠪᠠᠨ ᠤᠷᠢᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠭᠠᠨᠮᠥ᠋ᠴᠢᠷ ᠤᠨ ᠤᠨᠴᠠᠯᠢᠬᠳᠤ ᠲᠣᠭᠯᠠᠯᠲᠠ᠂ ᠦᠨᠳᠦᠰᠦᠲᠡᠨ ᠤ | ᠬᠤᠪᠴᠠᠰᠤ ᠵᠠᠰᠠᠯ ᠤᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠵᠡᠷᠭᠡ ᠲᠣᠭᠯᠠᠯᠲᠠ ᠨᠢ | ᠦᠵᠡᠭᠴᠢᠳ ᠤᠨ ᠠᠯᠠᠭ᠎ᠠ ᠲᠠᠰᠢᠯᠳᠠ ᠶᠢ ᠲᠠᠰᠤᠷᠠᠯᠳᠠ ᠦᠭᠡᠢ ᠬᠦᠷᠭᠡᠪᠡ᠃ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ | ᠪᠡᠭᠡᠵᠢᠩ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠬᠢᠭᠡᠳ ᠭᠤᠷᠪᠠᠨ ᠬᠤᠲᠠ ᠶᠢᠨ ᠰᠣᠶᠣᠯ | ᠵᠢᠭᠤᠯᠴᠢᠯᠠᠯ ᠤᠨ ᠠᠵᠤ ᠠᠬᠤᠶᠢᠯᠠᠯ ᠬᠠᠮᠲᠤ ᠪᠠᠷ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ | ᠲᠣᠭᠲᠠᠵᠤ᠂ ᠲᠠᠭᠤᠲᠤ ᠥᠪᠥᠷ ᠮᠣᠩᠭᠤᠯ · ᠮᠥᠰᠥ ᠴᠠᠰᠤᠨ ᠤ ᠨᠠᠶᠢᠷ · ᠪᠠᠷᠠᠭᠤᠨ ᠣᠷᠣᠨ ᠤ ᠥᠪᠡᠷ ᠢᠶᠠᠨ ᠲᠡᠷᠭᠡ | ᠵᠤᠭᠠᠴᠠᠬᠤ︾ ᠬᠠᠮᠲᠤᠷᠠᠯᠴᠠᠭ᠎ᠠ ᠶᠢ ᠡᠬᠢᠯᠡᠭᠦᠯᠪᠡ᠃ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶᠠᠨ ᠤ ᠳᠡᠳ᠋ ᠳᠠᠷᠤᠭ᠎ᠠ ᠸᠠᠩ ᠸᠧᠨ ᠽᠧ ᠬᠡᠯᠡᠭᠰᠡᠨ ᠨᠢ᠂ ︽ᠥᠨᠥᠳᠦᠷ ᠤᠨ | ᠲᠠᠨᠢᠯᠴᠠᠭᠤᠯᠭ᠎ᠠ ᠶᠢᠨ ᠬᠤᠷᠠᠯ ᠳᠤ ᠪᠢᠳᠡ ᠭᠤᠷᠪᠠᠨ ᠭᠠᠵᠠᠷ ᠤᠨ ᠵᠢᠭᠤᠯᠴᠢᠯᠠᠯ ᠤᠨ ᠡᠬᠢ ᠪᠠᠶᠠᠯᠢᠭ ᠢᠶᠠᠨ | ᠲᠠᠨᠢᠯᠴᠠᠭᠤᠯᠵᠤ᠂ ᠭᠤᠷᠪᠠᠨ ᠭᠠᠵᠠᠷ ᠤᠨ ᠥᠪᠡᠰᠦᠪᠡᠨ ᠲᠡᠷᠭᠡ ᠵᠢᠯᠣᠭᠤᠳᠬᠤ ᠵᠢᠭᠤᠯᠴᠢᠯᠠᠯ ᠤᠨ ᠵᠠᠮ ᠱᠤᠭᠤᠮ ᠢ | ᠨᠡᠶᠢᠲᠡᠯᠡᠵᠦ᠂ ᠭᠤᠷᠪᠠᠨ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠡᠭᠦᠳᠦᠯᠲᠡ ᠶᠢᠨ | ᠪᠦᠲᠦᠭᠡᠭᠳᠡᠬᠦᠨ ᠢᠶᠠᠨ ᠳᠡᠯᠭᠡᠨ ᠦᠵᠡᠭᠦᠯᠵᠦ᠂ ︿ᠥᠪᠥᠷ ᠮᠣᠩᠭᠤᠯ ᠤᠨ ᠪᠠᠷᠠᠭᠤᠨ ᠣᠷᠣᠨ ᠳᠤ ᠥᠪᠡᠰᠦᠪᠡᠨ ᠲᠡᠷᠭᠡ | ᠵᠢᠯᠣᠭᠤᠳᠤᠨ ᠵᠤᠭᠠᠴᠠᠬᠤ﹀ ᠪᠠ ᠭᠤᠷᠪᠠᠨ ᠠᠶᠢᠮᠠᠭ ᠬᠤᠲᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠨᠠᠷᠠᠲᠤ | ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢᠶᠠᠨ ᠪᠦᠲᠦᠮᠵᠢᠲᠡᠶ ᠳᠡᠭᠡᠭᠰᠢᠯᠡᠭᠦᠯᠵᠦ᠂ ᠨᠠᠩ ᠣᠯᠠᠨ | ᠬᠥᠮᠦᠰ ᠲᠤ ᠦᠬᠠᠶ ᠶᠢ ᠦᠵᠡᠭᠦᠯᠵᠦ᠂ ᠦᠬᠠᠶ ᠳᠤ ᠢᠷᠡᠭᠦᠯᠵᠦ᠂ ᠦᠬᠠᠶ ᠳᠤ ᠬᠠᠶᠢᠷᠠᠲᠠᠶ ᠪᠣᠯᠭᠠᠬᠤ ᠶᠢ ᠬᠦᠰᠡᠵᠦ | ᠪᠠᠶᠢᠨ᠎ᠠ ᠭᠡᠵᠡᠶ᠃ | | | | | | | | | | | | ᠁ |