| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ | ᠥᠪᠥᠷ ᠵᠠᠰᠠᠭ ᠲᠠᠷᠬᠠᠭᠠᠭᠰᠠᠨ ︹2024 ︺ 26 ᠳ᠋ᠤᠭᠠᠷ ᠲᠣᠭᠠᠲᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠤᠭ ᠤᠨ ᠬᠠᠮᠢᠶᠠᠷᠤᠯᠲᠠ ᠶᠢᠨ | ᠠᠵᠢᠯ ᠤᠨ ᠲᠣᠭᠲᠠᠭᠠᠯ︾ ᠢ | ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠤᠭ ᠤᠨ ᠬᠠᠮᠢᠶᠠᠷᠤᠯᠲᠠ ᠶᠢᠨ | ᠠᠵᠢᠯ ᠤᠨ ᠲᠣᠭᠲᠠᠭᠠᠯ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃ | 2024 ᠣᠨ ᠤ 9 ᠳ᠋ᠦ᠋ᠭᠡᠷ ᠰᠠᠷ᠎ᠠ ᠶᠢᠨ 29 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠤᠭ ᠤᠨ ᠬᠠᠮᠢᠶᠠᠷᠤᠯᠲᠠ ᠶᠢᠨ ᠠᠵᠢᠯ ᠤᠨ | ᠲᠣᠭᠲᠠᠭᠠᠯ | ᠨᠢᠭᠡᠳᠦᠭᠡᠷ ᠵᠦᠢᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ︵ᠳᠣᠷᠣᠭᠰᠢ | ᠤᠯᠤᠰ ᠤᠨ ᠲᠤᠭ ᠭᠡᠵᠦ ᠲᠣᠪᠴᠢᠯᠠᠨ᠎ᠠ︶ ᠤᠨ ᠨᠡᠷ᠎ᠡ ᠬᠦᠨᠳᠦ ᠶᠢ ᠬᠠᠮᠠᠭᠠᠯᠠᠵᠤ᠂ ᠤᠯᠤᠰ ᠤᠨ ᠲᠤᠭ ᠤᠨ | ᠬᠠᠮᠢᠶᠠᠷᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠯᠤᠰ ᠤᠨ ᠲᠤᠭ ᠤᠨ ᠬᠠᠤᠯᠢ︾ ︵ᠳᠣᠷᠣᠭᠰᠢ ︽ᠤᠯᠤᠰ ᠤᠨ ᠲᠤᠭ ᠤᠨ ᠬᠠᠤᠯᠢ︾ ᠭᠡᠵᠦ | ᠲᠣᠪᠴᠢᠯᠠᠨ᠎ᠠ︶ ᠬᠢᠭᠡᠳ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠪᠣᠳᠠᠲᠠᠢ ᠲᠠᠢ ᠤᠶᠠᠯᠳᠤᠭᠤᠯᠵᠤ᠂ ᠲᠤᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠲᠤᠰ ᠲᠣᠭᠲᠠᠭᠠᠯ ᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ | ᠤᠯᠤᠰ ᠤᠨ ᠲᠤᠬ ᠬᠢᠬᠦ᠂ ᠪᠣᠷᠣᠯᠠᠭᠤᠯᠬᠤ᠂ ᠡᠯᠭᠦᠵᠦ ᠮᠠᠨᠳᠤᠭᠤᠯᠬᠤ᠂ ᠬᠡᠷᠡᠭᠯᠡᠬᠦ᠂ ᠬᠤᠷᠢᠶᠠᠨ ᠠᠪᠬᠤ ᠵᠢᠴᠢ | ᠬᠠᠮᠢᠶᠠᠷᠬᠤ ᠠᠵᠢᠯᠯᠠᠭ᠎ᠠ ᠳᠤ ᠲᠣᠬᠢᠷᠠᠭᠤᠯᠤᠨ ᠬᠡᠷᠡᠭᠯᠡᠨ᠎ᠡ᠃ | ᠭᠤᠷᠪᠠᠳᠤᠭᠠᠷ ᠵᠦᠢᠯ ᠤᠯᠤᠰ ᠤᠨ ᠲᠤᠬ ᠤᠨ ᠬᠠᠮᠢᠶᠠᠷᠤᠯᠲᠠ ᠶᠢᠨ ᠠᠵᠢᠯ ᠨᠢ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠵᠠᠰᠠᠭ | ᠵᠠᠬᠢᠷᠭᠠᠨ ᠤ ᠣᠷᠣᠨ ᠳᠠᠬᠢ ᠤᠯᠤᠰ ᠤᠨ ᠲᠤᠭ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠨᠢᠭᠡᠳᠦᠯᠲᠡᠢ | ᠲᠥᠯᠥᠪᠯᠡᠨ ᠵᠣᠬᠢᠴᠠᠭᠤᠯᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ | ᠪᠣᠳᠠᠲᠠᠢ ᠰᠠᠯᠠᠭ᠎ᠠ ᠮᠥᠴᠢᠷ ᠢ ᠲᠣᠭᠲᠠᠭᠠᠵᠤ ᠤᠯᠤᠰ ᠤᠨ ᠲᠤᠭ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ | ᠠᠵᠢᠯ ᠢ ᠬᠠᠷᠢᠭᠤᠴᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠥᠬᠦ ᠣᠷᠣᠨ ᠤ ᠤᠯᠤᠰ ᠤᠨ ᠲᠤᠭ ᠤᠨ ᠬᠠᠮᠢᠶᠠᠷᠤᠯᠲᠠ ᠶᠢᠨ ᠬᠤᠯᠪᠣᠭᠳᠠᠯ | ᠪᠦᠬᠦᠢ ᠠᠵᠢᠯ ᠢ ᠨᠢᠭᠡᠳᠦᠯᠲᠡᠢ ᠲᠥᠯᠥᠪᠯᠡᠨ ᠵᠢᠯᠤᠭᠤᠳᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠰᠠᠯᠠᠭ᠎ᠠ ᠮᠥᠴᠢᠷ ᠨᠢ | ᠲᠣᠰ ᠵᠠᠰᠠᠭ ᠵᠠᠬᠢᠷᠭᠠᠨ ᠤ ᠣᠷᠣᠨ ᠳᠠᠬᠢ ᠤᠯᠤᠰ ᠤᠨ ᠲᠤᠭ ᠡᠯᠭᠦᠵᠦ ᠮᠠᠨᠳᠤᠭᠤᠯᠬᠤ᠂ ᠬᠡᠷᠡᠭᠯᠡᠬᠦ ᠪᠠ ᠬᠤᠷᠢᠶᠠᠨ | ᠠᠪᠬᠤ ᠵᠡᠷᠭᠡ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠦᠨ᠎ᠡ᠃ | ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠤᠯᠤᠰ ᠤᠨ ᠲᠤᠬ | ᠬᠢᠬᠦ ᠪᠠ ᠪᠣᠷᠣᠯᠠᠭᠤᠯᠬᠤ ᠠᠵᠢᠯᠯᠠᠭᠠᠨ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ ᠬᠡᠷᠡᠭᠵᠢᠭᠦᠯᠦᠨ᠎ᠡ᠃ | ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ︵ᠬᠤᠲᠠ ᠶᠢᠨ | ᠬᠠᠮᠢᠶᠠᠷᠤᠯᠲᠠ︶᠂ ᠳᠣᠲᠣᠭᠠᠳᠤ ᠶᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ | ᠪᠠ ᠰᠤᠷᠭᠠᠨ ᠬᠥᠮᠦᠵᠢᠯ᠂ ᠰᠣᠶᠣᠯ ᠪᠠ ᠵᠢᠭᠤᠯᠴᠢᠯᠠᠯ᠂ ᠭᠠᠳᠠᠭᠠᠳᠤ ᠶᠠᠪᠤᠳᠠᠯ᠂ ᠪᠡᠶ᠎ᠡ ᠶᠢᠨ ᠲᠠᠮᠢᠷ ᠵᠡᠷᠭᠡ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ | ᠦᠨᠳᠦᠰᠦᠯᠡᠨ᠂ ᠤᠯᠤᠰ ᠤᠨ ᠲᠤᠭ ᠡᠯᠭᠦᠵᠦ ᠮᠠᠨᠳᠤᠭᠤᠯᠬᠤ᠂ ᠬᠡᠷᠡᠭᠯᠡᠬᠦ ᠵᠡᠷᠭᠡ ᠭᠤᠭᠴᠣᠭᠠᠨ ᠳᠤ ᠬᠢᠨᠠᠯᠲᠠ | ᠲᠠᠯᠪᠢᠵᠤ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠢ᠃ | ᠳᠥᠷᠪᠡᠳᠦᠭᠡᠷ ᠵᠦᠢᠯ ︽ᠤᠯᠤᠰ ᠤᠨ ᠲᠤᠬ ᠤᠨ ᠬᠠᠤᠯᠢ︾ ᠶᠢᠨ ᠲᠣᠭᠲᠠᠭᠠᠯ ᠶᠣᠰᠣᠭᠠᠷ ᠤᠯᠤᠰ ᠤᠨ ᠲᠤᠬ | ᠡᠯᠭᠦᠵᠦ ᠮᠠᠨᠳᠤᠭᠤᠯᠬᠤ ᠴᠢᠬᠤᠯᠠᠲᠠᠢ ᠪᠠᠶᠢᠭᠤᠯᠤᠮᠵᠢ ᠶᠢᠨ ᠪᠠᠶᠢᠭ᠎ᠠ ᠭᠠᠵᠠᠷ ᠨᠢ ᠠᠵᠢᠯᠯᠠᠬᠤ ᠡᠳᠦᠷ ᠲᠤ ᠪᠠᠨ | ᠤᠯᠤᠰ ᠤᠨ ᠲᠤᠬ ᠡᠯᠭᠦᠵᠦ ᠮᠠᠨᠳᠤᠭᠤᠯᠬᠤ ᠬᠡᠷᠡᠭᠲᠡᠢ᠃ | ᠰᠤᠷᠭᠠᠭᠤᠯᠢ ᠨᠤᠭᠤᠳ ᠡᠪᠦᠯ ᠤᠨ ᠠᠮᠠᠷᠠᠯᠲᠠ᠂ ᠵᠤᠠ ᠤ ᠠᠮᠠᠷᠠᠯᠲᠠ ᠪᠠ ᠠᠮᠠᠷᠠᠯᠲᠠ ᠶᠢᠨ ᠡᠳᠦᠷ ᠠᠴᠠ ᠭᠠᠳᠠᠨ᠎ᠠ | ᠂ ᠡᠳᠦᠷ ᠪᠦᠷᠢ ᠤᠯᠤᠰ ᠤᠨ ᠲᠤᠬ ᠡᠯᠭᠦᠵᠦ ᠮᠠᠨᠳᠤᠭᠤᠯᠬᠤ ᠬᠡᠷᠡᠭᠲᠡᠢ᠃ ᠨᠥᠬᠦᠴᠡᠯ ᠲᠠᠢ ᠬᠡᠦᠬᠡᠳ ᠤᠨ | ᠴᠡᠴᠡᠷᠯᠢᠭ ᠨᠢ ᠰᠤᠷᠭᠠᠭᠤᠯᠢ ᠶᠢᠨ ᠲᠣᠭᠲᠠᠭᠠᠯ ᠢᠶᠠᠷ ᠯᠠᠪᠯᠠᠯᠲᠠ ᠪᠣᠯᠭᠠᠵᠤ ᠤᠯᠤᠰ ᠤᠨ ᠲᠤᠬ ᠡᠯᠭᠦᠵᠦ ᠮᠠᠨᠳᠤᠭᠤᠯᠬᠤ | ᠬᠡᠷᠡᠭᠲᠡᠢ᠃ | ᠬᠢᠯᠢ ᠠᠴᠠ ᠭᠠᠷᠬᠤ ᠬᠢᠯᠢ ᠪᠠᠷ ᠣᠷᠣᠬᠤ ᠨᠢᠰᠬᠡᠯ ᠤᠨ ᠪᠠᠭᠤᠳᠠᠯ᠂ ᠲᠡᠷᠭᠡᠨ ᠦᠷᠲᠡᠭᠡ᠂ ᠬᠢᠯᠢ ᠶᠢᠨ ᠪᠣᠭᠤᠮᠲᠠ᠂ | ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠵᠡᠷᠭᠡ ᠲᠠᠯᠠᠪᠤᠷ ᠭᠠᠵᠠᠷ ᠲᠤ ᠡᠳᠦᠷ ᠪᠦᠷᠢ ᠤᠯᠤᠰ ᠤᠨ ᠲᠤᠬ | ᠡᠯᠭᠦᠵᠦ ᠮᠠᠨᠳᠤᠭᠤᠯᠬᠤ ᠬᠡᠷᠡᠭᠲᠡᠢ᠃ | ᠨᠣᠮ ᠤᠨ ᠰᠠᠩ᠂ ᠮᠦᠽᠧᠢ᠂ ᠰᠣᠶᠣᠯ ᠤᠨ ᠣᠷᠳᠣᠨ᠂ ᠤᠷᠠᠨ ᠵᠢᠷᠤᠭ ᠤᠨ ᠣᠷᠳᠣᠨ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠣᠷᠳᠣᠨ᠂ ᠳᠤᠷᠠᠰᠬᠠᠯ ᠤᠨ ᠣᠷᠳᠣᠨ᠂ ᠦᠵᠡᠰᠬᠦᠯᠡᠩ ᠤᠨ ᠣᠷᠳᠣᠨ᠂ ᠪᠡᠶ᠎ᠡ ᠶᠢᠨ | ᠲᠠᠮᠢᠷ ᠤᠨ ᠣᠷᠳᠣᠨ᠂ ᠵᠠᠯᠠᠭᠤᠴᠤᠳ ᠪᠠᠭᠠᠴᠤᠳ ᠤᠨ ᠣᠷᠳᠣᠨ ᠵᠡᠷᠭᠡ ᠤᠯᠡᠠ ᠨᠡᠶᠢᠲᠡ ᠶᠢᠨ ᠰᠣᠶᠣᠯ ᠪᠡᠶ᠎ᠡ ᠶᠢᠨ | ᠲᠠᠮᠢᠷ ᠤᠨ ᠪᠡᠯᠡᠳᠬᠡᠮᠵᠢ ᠨᠦᠭᠦᠳ ᠨᠢ ᠨᠡᠭᠡᠭᠡᠯᠲᠡ ᠶᠢᠨ ᠡᠳᠦᠷ ᠲᠤ ᠪᠠᠨ ᠤᠯᠤᠰ ᠤᠨ ᠲᠤᠬ ᠡᠯᠭᠦᠵᠦ ᠮᠠᠨᠳᠤᠭᠤᠯᠬᠤ | ᠬᠡᠷᠡᠭᠲᠡᠢ᠃ | ᠲᠠᠪᠤᠳᠤᠭᠠᠷ ᠵᠦᠢᠯ ᠤᠯᠤᠰ ᠤᠨ ᠪᠠᠶᠠᠷ ᠤᠨ ᠡᠳᠦᠷ᠂ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠤᠨ ᠡᠳᠦᠷ᠂ | ᠰᠢᠨ᠎ᠡ ᠵᠢᠯ᠂ ᠴᠠᠭᠠᠨ ᠰᠠᠷ᠎ᠠ ᠪᠠ ᠤᠯᠤᠰ ᠤᠨ ᠦᠨᠳᠦᠰᠦᠨ ᠬᠠᠤᠯᠢ ᠶᠢᠨ ᠡᠳᠦᠷ ᠵᠡᠷᠭᠡ ᠴᠢᠬᠤᠯᠠ ᠪᠠᠶᠠᠷ ᠤᠨ ᠡᠳᠦᠷ᠂ | ᠳᠤᠷᠠᠰᠬᠠᠯ ᠤᠨ ᠡᠳᠦᠷ᠂ ᠡᠯ᠎ᠡ ᠱᠠᠲᠤᠨ ᠤ ᠲᠦᠷᠦ ᠶᠢᠨ ᠪᠠᠶᠢᠭᠤᠯᠭ᠎ᠠ᠂ ᠡᠯ᠎ᠡ ᠠᠷᠠᠳ ᠤᠨ ᠪᠦᠯᠬᠦᠮ ᠵᠢᠴᠢ ᠲᠣᠮᠣ | ᠬᠡᠯᠪᠡᠷᠢ ᠶᠢᠨ ᠠᠭᠤᠳᠠᠮ ᠲᠠᠯᠠᠪᠠᠢ᠂ ᠴᠡᠴᠡᠷᠯᠢᠭ ᠵᠡᠷᠭᠡ ᠤᠯᠠᠨ ᠨᠡᠶᠢᠲᠡ ᠶᠢᠨ ᠠᠵᠢᠯᠯᠠᠭᠠᠨ ᠤ ᠲᠠᠯᠠᠪᠤᠷ ᠭᠠᠵᠠᠷ ᠲᠤ | ᠤᠯᠤᠰ ᠤᠨ ᠲᠤᠭ ᠡᠯᠭᠦᠵᠦ ᠮᠠᠨᠳᠤᠭᠤᠯᠬᠤ ᠬᠡᠷᠡᠭᠲᠡᠢ︔ ᠠᠵᠤ ᠠᠬᠤᠶᠢᠯᠠᠯ ᠠᠵᠢᠯ ᠦᠢᠯᠡᠰ ᠤᠨ ᠵᠣᠬᠢᠶᠠᠨ | ᠪᠠᠶᠢᠭᠤᠯᠤᠯᠲᠠ᠂ ᠲᠤᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ᠂ ᠰᠠᠭᠤᠭᠠᠯᠢ ᠠᠷᠠᠳ ᠤᠨ | ᠬᠦᠷᠢᠶ᠎ᠡ ︵ᠠᠰᠠᠷ᠂ ᠲᠣᠭᠤᠷᠢᠭ︶ ᠨᠢ ᠨᠥᠬᠦᠴᠡᠯ ᠲᠠᠢ ᠪᠣᠯ ᠤᠯᠤᠰ ᠤᠨ ᠲᠤᠬ ᠡᠯᠭᠦᠵᠦ ᠮᠠᠨᠳᠤᠭᠤᠯᠬᠤ ᠬᠡᠷᠡᠭᠲᠡᠢ᠃ | ᠦᠨᠳᠦᠰᠦᠲᠡᠨ ᠤ ᠥᠪᠡᠷᠲᠡᠭᠡᠨ ᠵᠠᠰᠠᠬᠤ ᠭᠠᠵᠠᠷ ᠣᠷᠣᠨ ᠨᠢ ᠦᠨᠳᠦᠰᠦᠲᠡᠨ ᠤ ᠥᠪᠡᠷᠲᠡᠭᠡᠨ ᠵᠠᠰᠠᠬᠤ ᠭᠠᠵᠠᠷ | ᠣᠷᠣᠨ ᠪᠠᠶᠢᠭᠤᠯᠤᠭᠳᠠᠭᠰᠠᠨ ᠳᠤᠷᠠᠰᠬᠠᠯ ᠤᠨ ᠡᠳᠦᠷ ᠪᠠ ᠦᠨᠳᠦᠰᠦᠲᠡᠨ ᠤ ᠭᠤᠣᠯ ᠤᠯᠠᠮᠵᠢᠯᠠᠯᠲᠤ ᠪᠠᠶᠠᠷ ᠤᠨ | ᠡᠳᠦᠷ ᠲᠤ ᠤᠯᠤᠰ ᠤᠨ ᠲᠤᠬ ᠢ ᠡᠯᠭᠦᠵᠦ ᠮᠠᠨᠳᠤᠭᠤᠯᠬᠤ ᠬᠡᠷᠡᠭᠲᠡᠢ᠃ | ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠬᠤ ᠳᠤ ᠪᠠᠨ ᠲᠠᠩᠭᠠᠷᠢᠭᠯᠠᠬᠤ ᠲᠠᠯᠠᠪᠤᠷ | ᠭᠠᠵᠠᠷ ᠲᠤ ᠤᠯᠤᠰ ᠤᠨ ᠲᠤᠭ ᠡᠯᠭᠦᠬᠦ ᠬᠡᠷᠡᠭᠲᠡᠢ᠃ | ᠵᠢᠷᠭᠤᠳᠤᠭᠠᠷ ᠵᠦᠢᠯ ᠴᠢᠬᠤᠯᠠ ᠶᠡᠭᠡ ᠪᠡᠯᠭᠡᠯᠡᠬᠦ᠂ ᠳᠤᠷᠠᠰᠬᠠᠬᠤ ᠠᠵᠢᠯᠯᠠᠭ᠎ᠠ᠂ ᠲᠣᠮᠣ ᠬᠡᠯᠪᠡᠷᠢ ᠶᠢᠨ ᠰᠣᠶᠣᠯ᠂ | ᠪᠡᠶ᠎ᠡ ᠶᠢᠨ ᠲᠠᠮᠢᠷ ᠤᠨ ᠠᠵᠢᠯᠯᠠᠭ᠎ᠠ᠂ ᠲᠣᠮᠣ ᠬᠡᠯᠪᠡᠷᠢ ᠶᠢᠨ ᠦᠵᠡᠰᠬᠦᠯᠡᠩ ᠥᠷᠨᠢᠭᠦᠯᠬᠦ ᠳᠤ ᠤᠯᠤᠰ ᠤᠨ ᠲᠤᠭ ᠡᠯᠭᠦᠨ | ᠮᠠᠨᠳᠤᠭᠤᠯᠵᠤ ᠪᠣᠯᠣᠨ᠎ᠠ᠃ | ᠳᠣᠯᠣᠳᠤᠭᠠᠷ ᠵᠦᠢᠯ ᠤᠯᠤᠰ ᠤᠨ ᠲᠤᠬ ᠡᠯᠭᠦᠵᠦ ᠮᠠᠨᠳᠤᠭᠤᠯᠬᠤ ᠨᠢᠭᠡᠴᠢ ᠨᠦᠭᠦᠳ ᠪᠣᠳᠠᠲᠠᠢ ᠲᠠᠢ ᠪᠠᠨ | ᠤᠶᠠᠯᠳᠤᠭᠤᠯᠤᠨ᠂ ᠤᠯᠤᠰ ᠤᠨ ᠲᠤᠬ ᠢ ᠲᠣᠪᠤᠶᠢᠮ᠎ᠠ ᠢᠯᠡᠷᠬᠡᠢ ᠭᠠᠵᠠᠷ ᠲᠤ ᠲᠠᠯᠪᠢᠵᠤ᠂ ︽ᠤᠯᠤᠰ ᠤᠨ ᠲᠤᠬ | ᠡᠯᠭᠦᠵᠦ ᠮᠠᠨᠳᠤᠭᠤᠯᠬᠤ ᠲᠣᠨᠣᠭᠯᠠᠯ ᠤᠨ ᠦᠨᠳᠦᠰᠦᠨ ᠱᠠᠭᠠᠷᠳᠠᠯᠭ᠎ᠠ︾ ᠪᠠᠷ ᠯᠠᠪᠯᠠᠯᠲᠠ ᠪᠣᠯᠭᠠᠨ ᠲᠤᠬ ᠤᠨ | ᠰᠢᠷᠤᠭ ᠤᠨ ᠣᠷᠣᠨ ᠪᠠᠶᠢᠷᠢ᠂ ᠥᠨᠳᠥᠷ ᠤᠨ ᠬᠡᠮᠵᠢᠶ᠎ᠡ ᠶᠢ ᠵᠦᠢ ᠵᠣᠬᠢᠰᠲᠠᠢ ᠲᠣᠭᠲᠠᠭᠠᠵᠤ᠂ ᠬᠡᠷᠡᠭᠯᠡᠬᠦ ᠵᠣᠷᠢᠯᠭ᠎ᠠ᠂ | ᠣᠶᠢᠷ᠎ᠠ ᠬᠠᠪᠢ ᠶᠢᠨ ᠪᠠᠷᠢᠯᠭ᠎ᠠ᠂ ᠡᠷᠬᠢᠠ ᠲᠣᠭᠤᠷᠢᠨ ᠤ ᠣᠷᠴᠢᠨ ᠲᠣᠭᠤᠷᠢᠨ ᠲᠠᠢ ᠨᠢ ᠵᠣᠬᠢᠴᠠᠭᠤᠯᠬᠤ ᠬᠡᠷᠡᠭᠲᠡᠢ᠃ | ᠬᠤᠶᠠᠷ ᠠᠴᠠ ᠳᠡᠭᠡᠭᠰᠢ ᠨᠢᠭᠡᠴᠢ ᠨᠢᠭᠡ ᠪᠠᠷᠢᠯᠭ᠎ᠠ ᠪᠤᠶᠤ ᠨᠢᠭᠡ ᠬᠦᠷᠢᠶᠡᠨ ᠳᠤ ᠪᠠᠶᠢᠪᠠᠯ ᠨᠢᠭᠡ ᠯᠡ ᠤᠯᠤᠰ ᠤᠨ ᠲᠤᠬ | ᠡᠯᠭᠦᠨ ᠮᠠᠨᠳᠤᠭᠤᠯᠵᠤ ᠪᠣᠯᠣᠨ᠎ᠠ᠃ | ᠤᠯᠤᠰ ᠤᠨ ᠲᠤᠭ ᠢ ᠶᠡᠷᠦ ᠳᠤ ᠪᠠᠨ ᠬᠥᠨᠳᠡᠯᠡᠨ ᠢᠶᠠᠷ ᠡᠯᠭᠦᠨ ᠮᠠᠨᠳᠤᠭᠤᠯᠵᠤ ᠬᠡᠷᠡᠭᠯᠡᠳᠡᠭ᠃ ᠤᠷᠠᠭᠳᠠᠭᠰᠠᠨ᠂ | ᠭᠬᠢᠷᠲᠦᠭᠰᠡᠨ᠂ ᠥᠩᠭᠡ ᠨᠢ ᠤᠨᠠᠭᠰᠠᠨ ᠪᠤᠶᠤ ᠬᠡᠪ ᠪᠠᠷᠢᠮᠵᠢᠶ᠎ᠠ ᠳᠤ ᠦᠯᠣ ᠨᠡᠶᠢᠴᠡᠬᠦ ᠤᠯᠤᠰ ᠤᠨ ᠲᠤᠬ ᠢ ᠡᠯᠭᠦᠵᠦ | ᠮᠠᠨᠳᠤᠭᠤᠯᠬᠤ ᠪᠤᠶᠤ ᠬᠡᠷᠡᠭᠯᠡᠵᠦ ᠪᠣᠯᠬᠤ ᠦᠭᠡᠢ᠂ ᠲᠣᠩᠭᠤᠷᠠᠭᠤ ᠡᠯᠭᠦᠬᠦ᠂ ᠲᠣᠩᠭᠤᠷᠠᠭᠤ ᠬᠠᠳᠬᠤᠬᠤ ᠪᠤᠶᠤ | ᠤᠯᠤᠰ ᠤᠨ ᠲᠤᠬ ᠤᠨ ᠨᠡᠷ᠎ᠡ ᠬᠦᠨᠳᠦ ᠶᠢ ᠬᠤᠬᠢᠷᠠᠭᠤᠯᠬᠤ ᠪᠤᠰᠤᠳ ᠬᠡᠯᠪᠡᠷᠢ ᠪᠠᠷ ᠤᠯᠤᠰ ᠤᠨ ᠲᠤᠬ ᠢ ᠡᠯᠭᠦᠵᠦ | ᠮᠠᠨᠳᠤᠭᠤᠯᠬᠤ᠂ ᠬᠡᠷᠡᠭᠯᠡᠵᠦ ᠪᠣᠯᠬᠤ ᠦᠭᠡᠢ᠃ | ᠨᠠᠢᠮᠠᠳᠤᠭᠠᠷ ᠵᠦᠢᠯ ᠤᠯᠤᠰ ᠤᠨ ᠲᠤᠬ ᠢ ᠡᠯᠭᠦᠬᠦ᠂ ᠬᠠᠳᠬᠤᠬᠤ᠂ ᠡᠭᠴᠡ ᠡᠯᠭᠦᠬᠦ ᠪᠤᠶᠤ ᠳᠡᠯᠭᠡᠨ | ᠲᠠᠯᠪᠢᠬᠤ ᠳᠤ ᠪᠠᠨ᠂ ᠤᠯᠤᠰ ᠤᠨ ᠲᠤᠬ ᠢ ᠪᠤᠰᠤᠳ ᠡᠳ᠋ ᠪᠣᠳᠠᠰ ᠢᠶᠠᠷ ᠬᠠᠯᠬᠠᠯᠠᠵᠤ ᠪᠣᠯᠬᠤ ᠦᠭᠡᠢ᠃ | ᠣᠨᠴᠠᠭᠠᠢ ᠬᠡᠷᠡᠭᠴᠡᠭᠡ ᠠᠴᠠ ᠪᠣᠯᠵᠤ ᠡᠭᠴᠡ ᠡᠯᠭᠦᠬᠦ᠂ ᠵᠢᠰᠢᠭᠦᠦ ᠬᠠᠳᠬᠤᠬᠤ ᠵᠡᠷᠭᠡ ᠬᠡᠯᠪᠡᠷᠢ ᠪᠠᠷ ᠤᠯᠤᠰ ᠤᠨ | ᠲᠤᠭ ᠢ ᠬᠡᠷᠡᠭᠯᠡᠬᠦ ᠳᠤ ᠪᠠᠨ ᠬᠡᠪ ᠪᠠᠷᠢᠮᠵᠢᠶ᠎ᠠ ᠳᠤ ᠨᠡᠶᠢᠴᠡᠭᠰᠡᠨ ᠤᠯᠤᠰ ᠤᠨ ᠲᠤᠭ ᠢ ᠬᠡᠷᠡᠭᠯᠡᠵᠦ᠂ ᠲᠤᠭ ᠤᠨ ᠨᠢᠭᠤᠷ ᠢ | ᠲᠡᠨᠢᠢᠯᠭᠡᠨ ᠬᠡᠷᠡᠭᠯᠡᠬᠦ᠂ ᠲᠠᠪᠤᠨ ᠣᠳᠣ ᠶᠢ ᠨᠢ ᠳᠡᠭᠡᠷ᠎ᠡ ᠲᠠᠯ᠎ᠠ ᠳᠤ ᠨᠢ ᠪᠠᠶᠢᠯᠭᠠᠬᠤ ᠶᠢ ᠪᠠᠲᠤᠯᠠᠨ᠂ ᠬᠡᠷᠡᠭᠯᠡᠬᠦ ᠣᠷᠣᠨ | ᠴᠠᠭ᠂ ᠡᠷᠭᠢᠨ ᠲᠣᠭᠤᠷᠢᠨ ᠤ ᠣᠷᠴᠢᠨ ᠲᠣᠭᠤᠷᠢᠨ ᠲᠠᠢ ᠨᠢ ᠵᠣᠬᠢᠴᠠᠯᠳᠤᠭᠤᠯᠬᠤ ᠬᠡᠷᠡᠭᠲᠡᠢ᠃ | ᠵᠢᠭᠰᠠᠭᠠᠯ ᠵᠢᠭᠰᠠᠵᠤ ᠤᠯᠤᠰ ᠤᠨ ᠲᠤᠬ ᠪᠠ ᠪᠤᠰᠤᠳ ᠲᠤᠬ ᠢ ᠡᠷᠭᠦᠨ ᠤᠷᠤᠭᠰᠢᠯᠠᠬᠤ ᠳᠤ ᠪᠠᠨ ᠤᠯᠤᠰ ᠤᠨ | ᠲᠤᠬ ᠢ ᠪᠤᠰᠤᠳ ᠲᠤᠬ ᠤᠨ ᠡᠮᠦᠨ᠎ᠡ ᠨᠢ ᠪᠠᠶᠢᠯᠭᠠᠬᠤ ᠬᠡᠷᠡᠭᠲᠡᠢ᠃ | ᠶᠢᠰᠦᠳᠦᠭᠡᠷ ᠵᠦᠢᠯ ᠲᠤᠰ ᠲᠣᠭᠲᠠᠭᠠᠯ ᠤᠨ ᠳᠥᠷᠪᠡᠳᠦᠭᠡᠷ ᠵᠦᠢᠯ᠂ ᠲᠠᠪᠤᠳᠤᠭᠠᠷ ᠵᠦᠢᠯ ᠤᠨ ᠲᠣᠭᠲᠠᠭᠠᠯ | ᠶᠣᠰᠣᠭᠠᠷ ᠤᠯᠤᠰ ᠤᠨ ᠲᠤᠬ ᠢ ᠡᠯᠭᠦᠵᠦ ᠮᠠᠨᠳᠤᠭᠤᠯᠬᠤ ᠳᠤ ᠲᠤᠰ ᠡᠳᠦᠷ ᠤᠨ ᠬᠢᠨᠢ ᠥᠷᠯᠥᠭᠡ ᠡᠯᠭᠦᠨ | ᠮᠠᠨᠳᠤᠭᠤᠯᠵᠤ᠂ ᠲᠤᠰ ᠡᠳᠦᠷ ᠤᠨ ᠬᠢᠨᠢ ᠦᠳᠡᠰᠢ ᠪᠠᠭᠤᠯᠭᠠᠨ ᠬᠤᠷᠢᠶᠠᠬᠤ ᠬᠡᠷᠡᠭᠲᠡᠢ᠂ ᠡᠯᠭᠦᠵᠦ ᠮᠠᠨᠳᠤᠭᠤᠯᠤᠭᠠᠳ | ᠪᠠᠭᠤᠯᠭᠠᠨ ᠬᠤᠷᠢᠶᠠᠬᠤ ᠦᠭᠡᠢ ᠪᠠᠶᠢᠵᠤ ᠪᠣᠯᠬᠤ ᠦᠭᠡᠢ᠃ | ᠲᠤᠬ ᠤᠨ ᠰᠢᠷᠤᠭ ᠲᠤ ᠤᠯᠤᠰ ᠤᠨ ᠲᠤᠬ ᠡᠯᠭᠦᠵᠦ ᠮᠠᠨᠳᠤᠭᠤᠯᠵᠤ ᠪᠠ ᠪᠠᠭᠤᠯᠭᠠᠨ ᠬᠤᠷᠢᠶᠠᠬᠤ ᠳᠤ ᠠᠯᠭᠤᠷ | ᠠᠭᠠᠵᠢᠮ ᠢᠶᠠᠷ ᠡᠯᠭᠦᠵᠦ ᠮᠠᠨᠳᠤᠭᠤᠯᠬᠤ ᠪᠠ ᠪᠠᠭᠤᠯᠭᠠᠨ ᠬᠤᠷᠢᠶᠠᠬᠤ ᠬᠡᠷᠡᠭᠲᠡᠢ᠃ ᠡᠯᠭᠦᠵᠦ ᠮᠠᠨᠳᠤᠭᠤᠯᠬᠤ ᠳᠤ ᠪᠠᠨ | ᠡᠷᠬᠡᠪᠰᠢ ᠤᠯᠤᠰ ᠤᠨ ᠲᠤᠬ ᠢ ᠪᠠᠭᠠᠨ᠎ᠠ ᠶᠢᠨ ᠣᠷᠣᠢ ᠳᠤ ᠨᠢ ᠲᠤᠯᠲᠠᠯ᠎ᠠ ᠮᠠᠨᠳᠤᠭᠤᠯᠬᠤ ᠬᠡᠷᠡᠭᠲᠡᠢ︔ ᠪᠠᠭᠤᠯᠭᠠᠨ | ᠬᠤᠷᠢᠶᠠᠬᠤ ᠳᠤ ᠪᠠᠨ ᠤᠯᠤᠰ ᠤᠨ ᠲᠤᠬ ᠢ ᠭᠠᠵᠠᠷ ᠲᠤ ᠬᠦᠷᠭᠡᠵᠦ ᠪᠣᠯᠬᠤ ᠦᠭᠡᠢ᠃ | ᠤᠯᠡᠠ ᠵᠦᠢᠯ ᠤᠨ ᠲᠤᠬ ᠡᠯᠭᠦᠵᠦ ᠮᠠᠨᠳᠤᠭᠤᠯᠬᠤ ᠳᠤ ᠤᠯᠤᠰ ᠤᠨ ᠲᠤᠬ ᠢ ᠪᠤᠰᠤᠳ ᠲᠤᠬ ᠠᠴᠠ ᠤᠷᠢᠳ ᠢᠶᠠᠷ | ᠡᠯᠭᠦᠨ ᠮᠠᠨᠳᠤᠭᠤᠯᠵᠤ᠂ ᠪᠤᠰᠤᠳ ᠲᠤᠬ ᠠᠴᠠ ᠬᠤᠶᠢᠨ᠎ᠠ ᠪᠠᠭᠤᠯᠭᠠᠨ ᠬᠤᠷᠢᠶᠠᠬᠤ ᠬᠡᠷᠡᠭᠲᠡᠢ᠃ | ᠠᠷᠪᠠᠳᠤᠭᠠᠷ ᠵᠦᠢᠯ ᠤᠯᠤᠰ ᠤᠨ ᠲᠤᠬ ᠢ ᠡᠯᠭᠦᠵᠦ ᠮᠠᠨᠳᠤᠭᠤᠯᠬᠤ ᠦᠶ᠎ᠡ ᠳᠤ᠂ ᠲᠤᠬ ᠡᠯᠭᠦᠵᠦ ᠮᠠᠨᠳᠤᠭᠤᠯᠬᠤ | ᠶᠣᠰᠣᠯᠠᠯ ᠶᠠᠪᠤᠭᠤᠯᠵᠤ ᠪᠣᠯᠣᠨ᠎ᠠ᠃ ᠰᠤᠷᠭᠠᠭᠤᠯᠢ ᠨᠤᠭᠤᠳ ᠠᠮᠠᠷᠠᠯᠲᠠ ᠶᠢᠨ ᠬᠤᠭᠤᠴᠠᠭ᠎ᠠ ᠠᠴᠠ ᠭᠠᠳᠠᠨ᠎ᠠ᠂ ᠭᠠᠷᠠᠭ | ᠪᠦᠷᠢ ᠳᠤ ᠨᠢᠭᠡ ᠤᠳᠠᠭ᠎ᠠ ᠲᠤᠭ ᠮᠠᠨᠳᠤᠭᠤᠯᠬᠤ ᠶᠣᠰᠣᠯᠠᠯ ᠶᠠᠪᠤᠭᠤᠯᠬᠤ ᠬᠡᠷᠡᠭᠲᠡᠢ᠃ | ᠴᠢᠬᠤᠯᠠ ᠶᠡᠭᠡ ᠪᠡᠯᠭᠡᠯᠡᠬᠦ᠂ ᠳᠤᠷᠠᠰᠬᠠᠬᠤ ᠠᠵᠢᠯᠯᠠᠭ᠎ᠠ᠂ ᠲᠣᠮᠣ ᠬᠡᠯᠪᠡᠷᠢ ᠶᠢᠨ ᠰᠣᠶᠣᠯ᠂ ᠪᠡᠶ᠎ᠡ ᠶᠢᠨ ᠲᠠᠮᠢᠷ ᠤᠨ | ᠠᠵᠢᠯᠯᠠᠭ᠎ᠠ᠂ ᠲᠣᠮᠣ ᠬᠡᠯᠪᠡᠷᠢ ᠶᠢᠨ ᠦᠵᠡᠰᠬᠦᠯᠡᠩ ᠤᠨ ᠲᠤᠬ ᠮᠠᠨᠳᠤᠭᠤᠯᠬᠤ ᠶᠣᠰᠣᠯᠠᠯ ᠢ ᠦᠵᠡᠰᠭᠦᠯᠡᠩ | ᠴᠤᠭᠯᠠᠭᠠᠨ ᠤ ᠶᠣᠰᠣᠯᠠᠯ ᠡᠬᠢᠯᠡᠬᠦ ᠦᠶ᠎ᠡ ᠳᠤ ᠶᠠᠪᠤᠭᠳᠠᠭᠤᠯᠬᠤ ᠬᠡᠷᠡᠭᠲᠡᠢ᠃ | ᠤᠯᠤᠰ ᠤᠨ ᠲᠤᠭ ᠡᠯᠭᠦᠵᠦ ᠮᠠᠨᠳᠤᠭᠤᠯᠬᠤ ᠶᠣᠰᠣᠯᠠᠯ ᠶᠠᠪᠤᠭᠳᠠᠭᠤᠯᠬᠤ ᠳᠤ ᠪᠠᠨ ᠨᠢᠭᠡ ᠬᠥᠮᠥᠨ ᠤᠯᠤᠰ ᠤᠨ | ᠲᠤᠭ ᠢ ᠡᠷᠭᠦᠵᠦ᠂ ᠬᠤᠶᠠᠷ ᠬᠥᠮᠥᠨ ᠲᠤᠭ ᠢ ᠬᠠᠮᠠᠭᠠᠯᠠᠨ᠂ ᠲᠤᠭ ᠤᠨ ᠪᠠᠭᠠᠨ᠎ᠠ ᠵᠦᠭ ᠲᠥᠪ ᠶᠡᠬᠡᠮᠰᠦᠭ ᠠᠯᠬᠤᠵᠤ | ᠣᠴᠢᠨ᠎ᠠ᠃ ᠤᠯᠤᠰ ᠤᠨ ᠲᠤᠬ ᠡᠯᠭᠦᠵᠦ ᠮᠠᠨᠳᠤᠭᠤᠯᠬᠤ ᠶᠠᠪᠤᠴᠠ ᠳᠤ ᠤᠯᠤᠰ ᠤᠨ ᠰᠦᠯᠳᠡ ᠳᠠᠭᠤᠤ ᠶᠢ | ᠬᠥᠭᠵᠢᠮᠳᠡᠨ ᠳᠠᠭᠤᠯᠠᠵᠤ᠂ ᠲᠤᠬᠠᠢ ᠶᠢᠨ ᠲᠠᠯᠠᠪᠤᠷ ᠤᠨ ᠬᠥᠮᠥᠰ ᠤᠯᠤᠰ ᠤᠨ ᠲᠤᠬ ᠵᠦᠭ ᠬᠠᠨᠳᠤᠨ ᠲᠥᠪ | ᠵᠣᠭᠰᠣᠬᠤ ᠶᠢᠨ ᠬᠠᠮᠲᠤ᠂ ᠠᠰ ᠰᠢᠷᠳᠡᠨ ᠶᠣᠰᠣ ᠭᠦᠢᠴᠡᠭᠡᠬᠦ ᠪᠤᠶᠤ ᠭᠠᠷ ᠡᠷᠭᠦᠨ ᠶᠣᠰᠣᠯᠠᠬᠤ ᠬᠡᠷᠡᠭᠲᠡᠢ᠃ | ᠠᠷᠪᠠᠨ ᠨᠢᠭᠡᠳᠦᠭᠡᠷ ᠵᠦᠢᠯ ︽ᠤᠯᠤᠰ ᠤᠨ ᠲᠤᠬ ᠤᠨ ᠬᠠᠤᠯᠢ︾ ᠶᠢᠨ ᠲᠣᠭᠲᠠᠭᠠᠯ ᠶᠣᠰᠣᠭᠠᠷ ᠤᠯᠤᠰ ᠤᠨ | ᠲᠤᠬ ᠡᠯᠭᠦᠵᠦ ᠮᠠᠨᠳᠤᠭᠤᠯᠬᠤ ᠳᠤ᠂ ᠶᠡᠭᠡ ᠰᠠᠯᠬᠢ᠂ ᠡᠯᠡᠰᠦᠨ ᠰᠢᠭᠤᠷᠭ᠎ᠠ᠂ ᠳᠤᠮᠳᠠ ᠵᠡᠷᠭᠡ ᠶᠢᠨ ᠪᠣᠷᠣᠭᠠᠨ ᠵᠢᠴᠢ | ᠲᠡᠭᠦᠨ ᠠᠴᠠ ᠳᠡᠭᠡᠭᠰᠢᠬᠢ ᠪᠣᠷᠣᠭᠠᠨ ᠲᠠᠢ ᠡᠳᠦᠷ᠂ ᠳᠤᠮᠳᠠ ᠵᠡᠷᠭᠡ ᠶᠢᠨ ᠴᠠᠰᠤ ᠵᠢᠴᠢ ᠲᠡᠭᠦᠨ ᠠᠴᠠ ᠳᠡᠭᠡᠭᠰᠢᠬᠢ | ᠴᠠᠰᠤ ᠲᠠᠢ ᠡᠳᠦᠷ᠂ ᠮᠥᠨᠳᠥᠷ ᠵᠡᠷᠭᠡ ᠮᠠᠭᠤᠬᠠᠢ ᠴᠠᠭ ᠠᠭᠤᠷ ᠲᠣᠬᠢᠶᠠᠯᠳᠤᠪᠠᠯ ᠡᠯᠭᠦᠨ ᠮᠠᠨᠳᠤᠭᠤᠯᠬᠤ ᠦᠭᠡᠢ | ᠪᠠᠶᠢᠵᠤ ᠪᠣᠯᠣᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢ ᠴᠠᠭ ᠠᠭᠤᠷ ᠤᠨ ᠭᠠᠮᠰᠢᠭ ᠤᠨ ᠤᠷᠢᠳᠴᠢᠯᠠᠭᠰᠠᠨ ᠰᠡᠷᠡᠮᠵᠢᠯᠡᠭᠦᠯᠦᠯ ᠢ ᠨᠡᠶᠢᠲᠡᠯᠡᠬᠦ ᠳᠤ ᠪᠠᠨ ᠤᠯᠤᠰ ᠤᠨ | ᠲᠤᠬ ᠡᠯᠭᠦᠵᠦ ᠮᠠᠨᠳᠤᠭᠤᠯᠬᠤ ᠡᠰᠡᠬᠦ ᠳᠤ ᠲᠣᠬᠢᠷᠠᠭᠤᠯᠤᠯᠲᠠ ᠭᠠᠷᠭᠠᠵᠤ ᠪᠣᠯᠣᠨ᠎ᠠ᠃ | ᠠᠷᠪᠠᠨ ᠬᠤᠶᠠᠳᠤᠭᠠᠷ ᠵᠦᠢᠯ ᠲᠤᠭ ᠢ ᠬᠠᠭᠠᠰ ᠪᠠᠭᠤᠯᠭᠠᠬᠤ ᠴᠢᠬᠤᠯᠠ ᠲᠠᠢ ᠦᠶ᠎ᠡ ᠳᠤ᠂ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠤᠷᠠᠭᠳᠠᠭᠰᠠᠨ᠂ ᠭᠬᠢᠷᠲᠦᠭᠰᠡᠨ᠂ ᠥᠩᠭᠡ ᠨᠢ ᠤᠨᠠᠭᠰᠠᠨ ᠪᠤᠶᠤ ᠬᠡᠪ | ᠪᠠᠷᠢᠮᠵᠢᠶ᠎ᠠ ᠳᠤ ᠦᠯᠦ ᠨᠡᠶᠢᠴᠡᠬᠦ ᠤᠯᠤᠰ ᠤᠨ ᠲᠤᠬ ᠢ ᠡᠭᠡᠭᠦᠯᠦᠨ ᠬᠤᠷᠢᠶᠠᠬᠤ ᠳᠤ ᠨᠢᠭᠡᠴᠢ ᠶᠢᠨ ᠬᠠᠮᠢᠶᠠᠷᠤᠯᠲᠠ | ᠬᠢᠭᠡᠳ ᠬᠠᠷᠢᠶ᠎ᠠ ᠭᠠᠵᠠᠷ ᠤᠨ ᠬᠠᠮᠢᠶᠠᠷᠤᠯᠲᠠ ᠶᠢ ᠤᠶᠠᠯᠳᠤᠭᠤᠯᠬᠤ ᠵᠠᠷᠴᠢᠮ ᠢᠶᠠᠷ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠢ ᠶᠢ ᠲᠤᠰ ᠨᠢᠭᠡᠴᠢ ᠶᠢᠨ | ᠪᠠᠶᠢᠭᠤᠯᠭ᠎ᠠ ᠶᠢᠨ ᠨᠠᠮ ᠤᠨ ᠬᠤᠷᠢᠶ᠎ᠠ ᠪᠤᠶᠤ ᠠᠵᠢᠯᠴᠢᠨ ᠤ ᠡᠪᠯᠡᠯ ᠬᠠᠷᠢᠭᠤᠴᠠᠨ᠎ᠠ︔ ᠰᠤᠷᠭᠠᠭᠤᠯᠢ ᠶᠢᠨ ᠬᠢ ᠶᠢ | ᠲᠤᠬᠠᠢ ᠶᠢᠨ ᠭᠠᠵᠠᠷ ᠤᠨ ᠰᠤᠷᠭᠠᠨ ᠬᠥᠮᠦᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠵᠤ᠂ | ᠲᠠᠷᠢᠶᠠᠯᠠᠬᠤ ᠮᠠᠯᠵᠢᠬᠤ ᠣᠷᠣᠨ ᠤ ᠬᠢ ᠶᠢ ᠪᠠᠶᠢᠭ᠎ᠠ ᠭᠠᠵᠠᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ᠬᠠᠷᠢᠭᠤᠴᠠᠨ᠎ᠠ︔ ᠪᠤᠰᠤᠳ ᠵᠣᠬᠢᠶᠠᠨ ᠪᠠᠶᠢᠭᠤᠯᠤᠯᠲᠠ ᠪᠠ ᠭᠠᠴᠠᠭ᠎ᠠ ᠲᠣᠰᠬᠤᠨ ︵ᠨᠡᠶᠢᠭᠡᠮ | ᠲᠣᠭᠤᠷᠢᠭ︶ ᠤ ᠬᠢ ᠶᠢ ᠪᠠᠶᠢᠭ᠎ᠠ ᠭᠠᠵᠠᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠬᠠᠷᠢᠭᠤᠴᠠᠨ᠎ᠠ᠃ | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠰᠠᠯᠠᠭ᠎ᠠ ᠮᠥᠴᠢᠷ ᠨᠢ | ᠲᠣᠰ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠪᠠᠨ ᠤᠯᠤᠰ ᠤᠨ ᠲᠤᠭ ᠢ ᠡᠭᠡᠭᠦᠯᠦᠨ ᠬᠤᠷᠢᠶᠠᠵᠤ ᠠᠪᠬᠤ ᠴᠡᠭ ᠢ | ᠵᠦᠢ ᠵᠣᠬᠢᠰᠲᠠᠢ ᠪᠠᠶᠢᠷᠢᠯᠠᠭᠤᠯᠵᠤ᠂ ᠲᠥᠪᠯᠡᠷᠡᠭᠦᠯᠦᠨ ᠲᠠᠯᠪᠢᠬᠤ ᠲᠠᠯᠠᠪᠤᠷ ᠭᠠᠵᠠᠷ ᠢ ᠲᠣᠳᠣᠷᠬᠠᠶᠢᠯᠠᠨ᠂ ᠤᠯᠤᠰ ᠤᠨ | ᠲᠤᠭ ᠢ ᠬᠤᠷᠢᠶᠠᠨ ᠠᠪᠴᠤ ᠰᠢᠢᠳᠪᠦᠷᠢᠯᠡᠬᠦ ᠠᠵᠢᠯ ᠢ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠢ᠃ ᠬᠤᠪᠢ ᠬᠥᠮᠥᠨ | ᠪᠠ ᠵᠣᠬᠢᠶᠠᠨ ᠪᠠᠶᠢᠭᠤᠯᠤᠯᠲᠠ ᠶᠢᠨ ᠬᠦᠷᠭᠡᠵᠦ ᠲᠤᠰᠢᠶᠠᠭᠰᠠᠨ ᠤᠷᠠᠭᠳᠠᠭᠰᠠᠨ᠂ ᠭᠬᠢᠷᠲᠦᠭᠰᠡᠨ᠂ ᠥᠩᠭᠡ ᠨᠢ | ᠤᠨᠠᠭᠰᠠᠨ ᠪᠤᠶᠤ ᠬᠡᠪ ᠪᠠᠷᠢᠮᠵᠢᠶ᠎ᠠ ᠳᠤ ᠦᠯᠤ ᠨᠡᠶᠢᠴᠡᠬᠦ ᠤᠯᠤᠰ ᠤᠨ ᠲᠤᠬ ᠢ ᠬᠤᠷᠢᠶᠠᠪᠠᠰᠤ ᠵᠣᠬᠢᠬᠤ ᠶᠢ ᠨᠢ ᠴᠥᠮ | ᠬᠤᠷᠢᠶᠠᠵᠤ᠂ ᠰᠠᠶᠢᠲᠤᠷ ᠬᠠᠳᠠᠭᠠᠯᠠᠨ ᠬᠠᠮᠢᠶᠠᠷᠴᠤ᠂ ᠨᠢᠭᠡᠳᠦᠯᠲᠡᠢ ᠰᠢᠢᠳᠪᠦᠷᠢᠯᠡᠬᠦ ᠬᠡᠷᠡᠭᠲᠡᠢ᠂ ᠨᠡᠶᠢᠭᠡᠮ ᠳᠡᠭᠡᠷ᠎ᠡ | ᠲᠡᠭᠢᠵᠤ ᠭᠠᠷᠭᠠᠵᠤ ᠪᠣᠯᠬᠤ ᠦᠭᠡᠢ᠃ | ᠠᠷᠪᠠᠨ ᠳᠥᠷᠪᠡᠳᠦᠭᠡᠷ ᠵᠦᠢᠯ ᠣᠯᠠᠨ ᠲᠦᠮᠡᠨᠴᠢ ᠴᠢᠨᠠᠷᠲᠠᠢ ᠲᠣᠮᠣ ᠬᠡᠯᠪᠡᠷᠢ ᠶᠢᠨ ᠠᠵᠢᠯᠯᠠᠭᠠᠨ ᠡᠷᠬᠢᠯᠡᠬᠦ ᠵᠡᠷᠭᠡ | ᠲᠤᠬᠠᠢ ᠶᠢᠨ ᠭᠠᠵᠠᠷ ᠲᠤ ᠤᠯᠤᠰ ᠤᠨ ᠲᠤᠬ ᠢ ᠬᠡᠷᠡᠭᠯᠡᠬᠦ ᠳᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠬᠢᠨᠠᠯᠲᠠ ᠲᠠᠯᠪᠢᠵᠤ ᠵᠢᠭᠠᠨ ᠵᠢᠯᠤᠭᠤᠳᠬᠤ ᠪᠠᠨ ᠴᠢᠩᠭᠠᠳᠬᠠᠵᠤ᠂ ᠭᠤᠣᠯᠯᠠᠨ ᠡᠷᠬᠢᠯᠡᠬᠦ ᠲᠠᠯ᠎ᠠ ᠶᠢ ᠰᠢᠮᠳᠠᠭᠤᠯᠵᠤ | ᠪᠠᠶᠢᠭᠠᠳ ᠬᠡᠷᠡᠭᠯᠡᠭᠰᠡᠨ ᠤᠯᠤᠰ ᠤᠨ ᠲᠤᠬ ᠢ ᠴᠠᠭ ᠲᠤᠬᠠᠢ ᠳᠤ ᠨᠢ ᠬᠤᠷᠢᠶᠠᠨ ᠠᠪᠤᠭᠤᠯᠬᠤ ᠶᠢᠨ ᠬᠠᠮᠲᠤ ᠬᠠᠤᠯᠢ | ᠲᠣᠭᠲᠠᠭᠠᠯ ᠶᠣᠰᠣᠭᠠᠷ ᠬᠦᠷᠭᠡᠨ ᠲᠤᠰᠢᠶᠠᠵᠤ ᠰᠢᠢᠳᠪᠦᠷᠢᠯᠡᠭᠦᠯᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠤᠷᠠᠭᠳᠠᠭᠰᠠᠨ᠂ ᠭᠬᠢᠷᠲᠦᠭᠰᠡᠨ᠂ ᠥᠩᠭᠡ ᠨᠢ ᠤᠨᠠᠭᠰᠠᠨ ᠪᠤᠶᠤ ᠬᠡᠪ | ᠪᠠᠷᠢᠮᠵᠢᠶ᠎ᠠ ᠳᠤ ᠥᠯᠥ ᠨᠡᠶᠢᠴᠡᠬᠦ ᠤᠯᠤᠰ ᠤᠨ ᠲᠤᠭ ᠢ ᠲᠥᠪᠯᠡᠷᠡᠭᠦᠯᠦᠨ ᠰᠢᠢᠳᠪᠦᠷᠢᠯᠡᠬᠦ ᠳᠤ ᠪᠠᠨ ᠣᠷᠴᠢᠨ | ᠲᠣᠭᠤᠷᠢᠨ ᠢ ᠬᠠᠮᠠᠭᠠᠯᠠᠬᠤ ᠪᠠ ᠣᠷᠴᠢᠯᠳᠤᠭᠤᠯᠤᠨ ᠠᠰᠢᠭᠯᠠᠬᠤ ᠶᠢ ᠴᠢᠬᠤᠯᠠᠴᠢᠯᠠᠵᠤ᠂ ᠰᠢᠢᠳᠪᠦᠷᠢᠯᠡᠬᠦ ᠶᠠᠪᠤᠴᠠ ᠨᠢ | ᠲᠥᠪ ᠴᠢᠩᠭ᠎ᠠ ᠡᠮᠬᠢ ᠵᠢᠷᠤᠮ ᠲᠠᠢ ᠪᠠᠶᠢᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠠᠷᠠᠳ ᠢᠷᠭᠡᠨ ᠪᠠ ᠵᠣᠬᠢᠶᠠᠨ ᠪᠠᠶᠢᠭᠤᠯᠤᠯᠲᠠ ᠶᠢᠨ ᠲᠣᠬᠢᠷᠠᠮᠵᠢᠲᠠᠢ ᠭᠠᠵᠠᠷ ᠲᠤ | ᠤᠯᠤᠰ ᠤᠨ ᠲᠤᠬ ᠵᠢᠴᠢ ᠲᠡᠭᠦᠨ ᠤ ᠵᠢᠷᠤᠭ ᠳᠦᠷᠰᠦ ᠶᠢ ᠬᠡᠷᠡᠭᠯᠡᠵᠦ᠂ ᠡᠬᠡ ᠣᠷᠣᠨᠴᠢ ᠰᠡᠳᠬᠢᠯᠭᠡ ᠪᠠᠨ | ᠢᠯᠡᠳᠬᠡᠬᠦ ᠶᠢ ᠰᠠᠨᠠᠭᠠᠴᠢᠯᠠᠨ᠎ᠠ᠃ ᠤᠯᠤᠰ ᠤᠨ ᠲᠤᠭ ᠵᠢᠴᠢ ᠲᠡᠭᠦᠨ ᠤ ᠵᠢᠷᠤᠭ ᠳᠦᠷᠰᠦ ᠶᠢ ᠬᠡᠷᠡᠭᠯᠡᠬᠦ ᠳᠤ ᠪᠠᠨ ︽ | ᠤᠯᠤᠰ ᠤᠨ ᠲᠤᠭ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠬᠤ ᠬᠡᠷᠡᠭᠲᠡᠢ᠂ ᠬᠤᠪᠢ | ᠬᠥᠮᠥᠨ ᠤ ᠣᠷᠣᠰᠢᠭᠤᠯᠭ᠎ᠠ ᠶᠢᠨ ᠠᠵᠢᠯᠯᠠᠭ᠎ᠠ ᠵᠡᠷᠭᠡ ᠵᠣᠬᠢᠰ ᠦᠭᠡᠢ ᠪᠠᠶᠢᠳᠠᠯ ᠳᠤ ᠬᠡᠷᠡᠭᠯᠡᠵᠦ ᠪᠣᠯᠬᠤ ᠦᠭᠡᠢ᠂ | ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠢ ᠵᠥᠷᠢᠴᠡᠵᠦ ᠪᠣᠯᠬᠤ ᠦᠭᠡᠢ᠃ | ᠠᠷᠪᠠᠨ ᠳᠣᠯᠣᠳᠤᠭᠠᠷ ᠵᠦᠢᠯ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠡᠬᠡ ᠣᠷᠣᠨᠴᠢ | ᠦᠵᠡᠯ ᠤᠨ ᠬᠥᠮᠦᠵᠢᠯ ᠪᠠ ᠴᠢᠬᠤᠯᠠ ᠶᠡᠭᠡ ᠪᠠᠶᠠᠷ ᠳᠤᠷᠠᠰᠬᠠᠯ ᠤᠨ ᠠᠵᠢᠯᠯᠠᠭ᠎ᠠ ᠲᠠᠢ ᠤᠶᠠᠯᠳᠤᠭᠤᠯᠤᠨ᠂ ︽ | ᠤᠯᠤᠰ ᠤᠨ ᠲᠤᠬ ᠤᠨ ᠬᠠᠤᠯᠢ︾ ᠶᠢᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠰᠣᠨᠢᠨ᠂ ᠷᠠᠳᠢᠣ᠋ ᠨᠡᠪᠲᠡᠷᠡᠭᠦᠯᠭᠡ ᠲᠧᠯᠸᠢᠰ᠂ ᠰᠢᠨ᠎ᠡ ᠵᠠᠭᠤᠴᠢᠯᠠᠭᠤᠷ ᠵᠡᠷᠭᠡ | ᠠᠷᠭ᠎ᠠ ᠵᠡᠮ ᠢᠶᠠᠷ ᠳᠠᠮᠵᠢᠭᠤᠯᠤᠨ ᠤᠯᠤᠰ ᠤᠨ ᠲᠤᠬ ᠤᠨ ᠲᠤᠬᠠᠢ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠵᠦ᠂ | ᠠᠷᠠᠳ ᠢᠷᠭᠡᠳ ᠤᠨ ᠤᠯᠤᠰ ᠤᠨ ᠲᠤᠬᠠᠢ ᠦᠵᠡᠯᠲᠡ ᠶᠢ ᠴᠢᠩᠭᠠᠳᠬᠠᠵᠤ᠂ ᠨᠡᠶᠢᠭᠡᠮ ᠳᠠᠶᠠᠭᠠᠷ ᠲᠤ ᠤᠯᠤᠰ ᠤᠨ | ᠲᠤᠬ ᠢᠶᠠᠨ ᠬᠦᠨᠳᠦᠳᠬᠡᠬᠦ᠂ ᠤᠯᠤᠰ ᠤᠨ ᠲᠤᠬ ᠢᠶᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠬᠤ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠨᠢ ᠤᠯᠤᠰ ᠤᠨ ᠲᠤᠬ ᠤᠨ ᠬᠠᠮᠢᠶ᠎ᠠ ᠪᠦᠬᠦᠢ ᠪᠦᠲᠦᠭᠡᠭᠳᠡᠬᠦᠨ ᠤ ᠶᠠᠰᠤ ᠴᠢᠨᠠᠷ ᠲᠤ ᠬᠢᠨᠠᠨ ᠪᠠᠶᠢᠴᠠᠭᠠᠯᠲᠠ | ᠬᠡᠷᠡᠭᠵᠢᠭᠦᠯᠵᠦ᠂ ᠬᠢᠷᠢ ᠲᠡᠩᠴᠡᠬᠦ ᠦᠭᠡᠢ ᠤᠯᠤᠰ ᠤᠨ ᠲᠤᠬ ᠤᠨ ᠬᠠᠮᠢᠶ᠎ᠠ ᠪᠦᠬᠦᠢ ᠪᠦᠲᠦᠭᠡᠭᠳᠡᠬᠦᠨ ᠢ | ᠦᠢᠯᠡᠳᠪᠦᠷᠢᠯᠡᠬᠦ᠂ ᠪᠣᠷᠣᠯᠠᠭᠤᠯᠬᠤ ᠵᠡᠷᠭᠡ ᠦᠢᠯᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ | ᠬᠡᠷᠡᠭᠲᠡᠢ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠲᠤᠬ ᠵᠢᠴᠢ ᠲᠡᠭᠦᠨ ᠤ ᠵᠢᠷᠤᠭ | ᠳᠦᠷᠰᠦ ᠲᠠᠢ ᠲᠠᠸᠠᠷ ᠢ ᠬᠡᠷᠡᠭᠯᠡᠵᠦ ᠪᠠᠶᠢᠭ᠎ᠠ ᠦᠢᠯᠡ ᠠᠵᠢᠯᠯᠠᠭ᠎ᠠ ᠶᠢ ᠬᠢᠨᠠᠨ ᠬᠠᠮᠢᠶᠠᠷᠴᠤ᠂ ᠲᠠᠸᠠᠷ ᠤᠨ ᠲᠡᠮᠳᠡᠭ᠂ | ᠲᠤᠰᠬᠠᠢ ᠠᠰᠢᠭ ᠤᠨ ᠡᠷᠬᠡ ᠣᠯᠭᠤᠭᠰᠠᠨ ᠭᠠᠳᠠᠷ ᠳᠦᠷᠰᠦ ᠶᠢᠨ ᠵᠢᠷᠤᠭ ᠲᠥᠯᠥᠪᠯᠡᠭᠡ ᠪᠤᠶᠤ ᠬᠤᠳᠠᠯᠳᠤᠭᠠᠨ ᠤ | ᠵᠡᠷ ᠲᠤ ᠤᠯᠤᠰ ᠤᠨ ᠲᠤᠬ ᠵᠢᠴᠢ ᠲᠡᠭᠦᠨ ᠤ ᠵᠢᠷᠤᠭ ᠳᠦᠷᠰᠦ ᠲᠠᠢ ᠲᠠᠸᠠᠷ ᠢ ᠬᠡᠷᠡᠭᠯᠡᠬᠦ ᠵᠡᠷᠭᠡ ᠦᠢᠯᠨ | ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ | ᠠᠷᠪᠠ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠲᠣᠭᠲᠠᠭᠠᠭᠰᠠᠨ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠲᠤᠭ ᠢ | ᠡᠯᠭᠦᠵᠦ ᠮᠠᠨᠳᠤᠭᠤᠯᠤᠭᠰᠠᠨ᠂ ᠬᠡᠷᠡᠭᠯᠡᠭᠰᠡᠨ᠂ ᠡᠭᠡᠭᠦᠯᠦᠨ ᠬᠤᠷᠢᠶᠠᠭᠰᠠᠨ ᠵᠡᠷᠭᠡ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠵᠤ᠂ ᠤᠯᠤᠰ ᠤᠨ ᠲᠤᠭ ᠢ ᠵᠢᠷᠣᠮᠵᠢᠭᠤᠨ ᠪᠤᠰᠤ ᠡᠯᠭᠦᠵᠦ ᠮᠠᠨᠳᠤᠭᠤᠯᠤᠭᠰᠠᠨ᠂ | ᠬᠡᠷᠡᠭᠯᠡᠭᠰᠡᠨ ᠠᠷᠭ᠎ᠠ ᠬᠢᠳᠡᠯ ᠢ ᠴᠠᠭ ᠲᠤᠬᠠᠢ ᠳᠤ ᠨᠢ ᠵᠠᠯᠠᠷᠠᠭᠤᠯᠵᠤ᠂ ᠤᠯᠤᠰ ᠤᠨ ᠲᠤᠭ ᠤᠨ ᠨᠡᠷ᠎ᠡ ᠬᠦᠨᠳᠦ ᠶᠢ | ᠬᠤᠬᠢᠷᠠᠭᠤᠯᠤᠭᠰᠠᠨ ᠥᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠳᠣᠣᠷ᠎ᠠ | ᠵᠢᠭᠰᠠᠭᠠᠭᠰᠠᠨ ᠪᠠᠶᠢᠳᠠᠯ ᠢ ᠣᠯᠵᠤ ᠮᠡᠳᠡᠪᠡᠯ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠭᠤᠯᠬᠤ | ᠬᠡᠷᠡᠭᠲᠡᠢ᠄ | ︵ᠨᠢᠭᠡ︶ ᠤᠯᠤᠰ ᠤᠨ ᠲᠤᠬ ᠢ ᠡᠯᠭᠦᠵᠦ ᠮᠠᠨᠳᠤᠭᠤᠯᠬᠤ ᠶᠣᠰᠣᠲᠠᠢ ᠪᠠᠶᠢᠲᠠᠯ᠎ᠠ ᠡᠯᠭᠦᠵᠦ ᠮᠠᠨᠳᠤᠭᠤᠯᠤᠭᠰᠠᠨ | ᠦᠭᠡᠢ ᠪᠠᠶᠢᠬᠤ︔ | ︵ᠬᠤᠶᠠᠷ︶ ᠤᠯᠤᠰ ᠤᠨ ᠲᠤᠬ ᠢ ᠡᠯᠭᠦᠵᠦ ᠮᠠᠨᠳᠤᠭᠤᠯᠬᠤ ᠣᠷᠣᠨ ᠪᠠᠶᠢᠷᠢ ᠨᠢ ᠵᠣᠬᠢᠰ ᠦᠭᠡᠢ ᠪᠠᠶᠢᠬᠤ︔ | ︵ᠭᠤᠷᠪᠠ︶ ᠲᠣᠭᠲᠠᠭᠠᠯ ᠶᠣᠰᠣᠭᠠᠷ ᠤᠯᠤᠰ ᠤᠨ ᠲᠤᠬ ᠡᠯᠭᠦᠵᠦ ᠮᠠᠨᠳᠤᠭᠤᠯᠤᠭᠰᠠᠨ ᠦᠭᠡᠢ ᠪᠠ ᠪᠠᠭᠤᠯᠭᠠᠨ | ᠬᠤᠷᠢᠶᠠᠭᠰᠠᠨ ᠦᠭᠡᠢ᠂ ᠲᠤᠬ ᠮᠠᠨᠳᠤᠭᠤᠯᠬᠤ ᠶᠣᠰᠣᠯᠠᠯ ᠶᠠᠪᠤᠭᠳᠠᠭᠤᠯᠤᠭᠰᠠᠨ ᠦᠭᠡᠢ ᠪᠠᠶᠢᠬᠤ︔ | ︵ᠳᠥᠷᠪᠡ︶ ᠤᠯᠤᠰ ᠤᠨ ᠲᠤᠬ ᠢ ᠡᠯᠭᠦᠭᠰᠡᠨ᠂ ᠬᠠᠳᠬᠤᠭᠰᠠᠨ᠂ ᠡᠭᠴᠡ ᠡᠯᠭᠦᠭᠰᠡᠨ ᠪᠤᠶᠤ ᠳᠡᠯᠭᠡᠵᠦ | ᠲᠠᠯᠪᠢᠭᠰᠠᠨ ᠨᠢ ᠲᠣᠭᠲᠠᠭᠠᠯ ᠳᠤ ᠨᠡᠶᠢᠴᠡᠬᠦ ᠦᠭᠡᠢ ᠪᠠᠶᠢᠬᠤ︔ | ︵ᠲᠠᠪᠤ︶ ᠲᠣᠭᠲᠠᠭᠠᠯ ᠠᠴᠠ ᠵᠥᠷᠢᠴᠡᠵᠦ ᠤᠯᠤᠰ ᠤᠨ ᠲᠤᠬ ᠵᠢᠴᠢ ᠲᠡᠭᠦᠨ ᠤ ᠵᠢᠷᠤᠭ ᠳᠦᠷᠰᠦ ᠶᠢ | ᠬᠡᠷᠡᠭᠯᠡᠭᠰᠡᠨ︔ | ︵ᠵᠢᠷᠭᠤᠭ᠎ᠠ︶ ᠤᠷᠠᠭᠳᠠᠭᠰᠠᠨ᠂ ᠭᠬᠢᠷᠲᠦᠭᠰᠡᠨ᠂ ᠥᠩᠭᠡ ᠨᠢ ᠤᠨᠠᠭᠰᠠᠨ ᠪᠤᠶᠤ ᠬᠡᠪ ᠪᠠᠷᠢᠮᠵᠢᠶ᠎ᠠ ᠳᠤ ᠦᠯᠦ | ᠨᠡᠶᠢᠴᠡᠬᠦ ᠤᠯᠤᠰ ᠤᠨ ᠲᠤᠬ ᠢ ᠡᠯᠭᠦᠵᠦ ᠮᠠᠨᠳᠤᠭᠤᠯᠤᠭᠰᠠᠨ ᠪᠠ ᠬᠡᠷᠡᠭᠯᠡᠭᠰᠡᠨ︔ | ︵ᠲᠤᠯᠤᠭ᠎ᠠ︶ ᠲᠣᠭᠲᠠᠭᠠᠯ ᠠᠴᠠ ᠵᠥᠷᠢᠴᠡᠵᠦ ᠤᠯᠤᠰ ᠤᠨ ᠲᠤᠬ ᠢ ᠡᠭᠡᠭᠦᠯᠦᠨ ᠬᠤᠷᠢᠶᠠᠵᠤ ᠠᠪᠤᠭᠰᠠᠨ ᠪᠠ | ᠰᠢᠢᠳᠪᠦᠷᠢᠯᠡᠭᠰᠡᠨ︔ | ︵ᠨᠠᠢᠮᠠ︶ ᠤᠯᠤᠰ ᠤᠨ ᠲᠤᠬ ᠢ ᠡᠯᠭᠦᠵᠦ ᠮᠠᠨᠳᠤᠭᠤᠯᠬᠤ ᠪᠠ ᠬᠡᠷᠡᠭᠯᠡᠬᠦ ᠵᠡᠷᠭᠡ ᠠᠵᠢᠯᠯᠠᠭ᠎ᠠ ᠶᠢᠨ | ᠬᠠᠮᠢᠶᠠᠷᠤᠯᠲᠠ ᠶᠢᠨ ᠲᠣᠭᠲᠠᠭᠠᠯ ᠠᠴᠠ ᠵᠥᠷᠢᠴᠡᠭᠰᠡᠨ ᠪᠤᠰᠤᠳ ᠪᠠᠶᠢᠳᠠᠯ᠃ | ᠬᠤᠷᠢᠳᠤᠭᠠᠷ ᠵᠦᠢᠯ ᠲᠤᠰ ᠲᠣᠭᠲᠠᠭᠠᠯ ᠠᠴᠠ ᠵᠥᠷᠢᠴᠡᠵᠦ ᠤᠯᠤᠰ ᠤᠨ ᠲᠤᠬ ᠢ ᠡᠯᠭᠦᠵᠦ ᠮᠠᠨᠳᠤᠭᠤᠯᠤᠭᠰᠠᠨ᠂ | ᠬᠡᠷᠡᠭᠯᠡᠭᠰᠡᠨ ᠥᠢᠯᠡ ᠠᠵᠢᠯᠯᠠᠭ᠎ᠠ ᠶᠢ ᠣᠯᠵᠤ ᠮᠡᠳᠡᠪᠡᠯ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠵᠠᠯᠠᠷᠠᠭᠤᠯᠬᠤ | ᠰᠠᠨᠠᠭᠤᠯᠭ᠎ᠠ ᠳᠤᠷᠠᠳᠬᠤ ᠪᠤᠶᠤ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠲᠣᠭᠲᠠᠭᠠᠭᠰᠠᠨ ᠰᠠᠯᠠᠭ᠎ᠠ ᠮᠥᠴᠢᠷ ᠲᠤ ᠮᠡᠳᠡᠭᠦᠯᠬᠦ ᠡᠷᠬᠡ ᠲᠠᠢ᠃ ᠬᠤᠰᠢᠭᠤ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠲᠣᠭᠲᠠᠭᠠᠭᠰᠠᠨ ᠰᠠᠯᠠᠭ᠎ᠠ ᠮᠥᠴᠢᠷ ᠨᠢ ᠮᠡᠳᠡᠭᠦᠯᠦᠯᠲᠡ ᠶᠢ ᠳᠤᠰᠤᠭᠰᠠᠨ ᠤ ᠳᠠᠷᠠᠭ᠎ᠠ᠂ | ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠃ | ᠬᠤᠷᠢᠨ ᠨᠢᠭᠡᠳᠦᠭᠡᠷ ᠵᠦᠢᠯ ᠲᠣᠰ ᠲᠣᠭᠲᠠᠭᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ | ᠬᠡᠷᠡᠭᠵᠢᠭᠦᠯᠵᠦ᠂ ︽ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠬᠦ | ᠬᠠᠮᠢᠶᠠᠷᠤᠯᠲᠠ ᠶᠢᠨ ᠲᠣᠭᠲᠠᠭᠠᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹ 2020 ︺ | 11 ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 9 ᠳ᠋ᠦ᠋ᠭᠡᠷ ᠰᠠᠷ᠎ᠠ ᠶᠢᠨ 30 ᠤ ᠡᠳᠦᠷ ᠳᠠᠷᠤᠮᠠᠯᠯᠠᠨ ᠲᠠᠷᠬᠠᠭᠠᠪᠠ | |