| 12 ᠰᠠᠷ᠎ᠠ ᠶᠢᠨ 14 ᠤ ᠡᠳᠦᠷ᠂ ︽ᠡᠯᠡᠰᠦᠨ ᠴᠥᠯ ᠤᠨ ᠲᠠᠯᠠᠢ ᠡᠪᠦᠯ ᠤᠯᠠᠷᠢᠯ ᠳᠤ ᠨᠠᠩ ᠭᠤᠶᠢᠳᠠ | ᠰᠠᠶᠢᠬᠠᠨ︾ 2024 — 2025 ᠦᠬᠠᠶ ᠶᠢᠨ ᠡᠪᠦᠯ ᠤᠨ ᠤᠯᠠᠷᠢᠯ ᠤᠨ ᠨᠠᠭᠠᠳᠤᠮ ᠤᠨ ᠰᠣᠶᠣᠯ ᠲᠠᠮᠢᠷ | ᠵᠢᠭᠤᠯᠴᠢᠯᠠᠯ ᠤᠨ ᠰᠢᠷᠢᠰ ᠠᠵᠢᠯᠯᠠᠭ᠎ᠠ ᠶᠣᠸᠡᠢ ᠢᠦᠢ ᠨᠤᠮ ᠤᠨ ᠪᠠᠭᠠᠷ ᠤᠨ ᠤᠷᠠᠨ ᠪᠢᠴᠢᠯᠭᠡ ᠶᠢᠨ ᠠᠭᠤᠳᠠᠮ | ᠲᠠᠯᠠᠪᠠᠶ ᠳᠤ ᠶᠠᠪᠤᠭᠳᠠᠵᠤ᠂ ᠡᠪᠦᠯ ᠤᠨ ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ ᠤᠨ ᠬᠠᠯᠠᠭᠤᠨ ᠥᠷᠨᠢᠯᠲᠡ ᠶᠢ | ᠪᠣᠶ ᠪᠣᠯᠭᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠦᠬᠠᠢ ᠨᠠᠭᠤᠷ ᠤᠨ ︽ᠷᠢᠳᠢ ᠰᠢᠳᠢᠲᠤ ᠶᠢᠷᠲᠢᠨᠴᠦ | · ᠮᠦᠰᠦ ᠴᠠᠰᠣᠨ ᠳᠠᠬᠢ ᠵᠢᠭᠤᠯᠴᠢᠯᠠᠯ︾ ᠤᠨ ᠪᠡᠶᠡᠴᠢᠯᠡᠨ ᠣᠶᠢᠯᠠᠭᠠᠬᠤ ᠭᠠᠵᠠᠷ᠂ ᠦᠬᠠᠢ ᠶᠢᠨ ︽ᠣᠳᠣᠳ ᠤᠨ | ᠲᠠᠨᠢᠯᠴᠠᠭᠤᠯᠭ᠎ᠠ︾ ᠶᠢᠨ ᠶᠡᠭᠡ ᠲᠠᠪᠴᠠᠩ᠂ ᠦᠨᠦᠷ ᠠᠮᠲᠠ ᠪᠠᠷ ᠡᠪᠦᠯ ᠢ ᠳᠤᠯᠠᠭᠠᠴᠠᠭᠤᠯᠬᠤ · ᠶᠡᠭᠡ ᠲᠣᠭᠤᠭᠠᠨ ᠤ | ᠠᠮᠲᠠᠲᠤ ᠢᠳᠡᠭᠡᠨ ᠤ ᠦᠪᠡᠳᠡᠭᠰᠢ ᠨᠠᠶᠢᠷ ᠵᠡᠷᠭᠡ ᠤᠯᠠᠨ ᠵᠦᠢᠯ ᠤᠨ ᠠᠵᠢᠯᠯᠠᠭ᠎ᠠ ᠵᠡᠷᠭᠡᠪᠡᠷ ᠡᠬᠢᠯᠡᠵᠦ᠂ ᠮᠥᠰᠥ | ᠴᠠᠰᠤᠨ ᠤ ᠰᠢᠨ᠎ᠡ ᠲᠦᠷᠦᠯ ᠵᠦᠢᠯ᠂ ᠰᠢᠨ᠎ᠡ ᠨᠠᠭᠠᠳᠬᠤ ᠠᠷᠭ᠎ᠠ ᠨᠢ ᠮᠠᠰᠢ ᠤᠯᠠᠨ ᠬᠤᠳᠠ ᠶᠢᠨ ᠠᠷᠠᠳ᠂ | ᠵᠤᠭᠠᠴᠠᠭᠰᠠᠳ ᠤᠨ ᠠᠩᠬᠠᠷᠤᠯ ᠢ ᠲᠠᠲᠠᠵᠤ᠂ ᠮᠥᠰᠥ ᠴᠠᠰᠤᠨ ᠤ ᠪᠠᠶᠠᠰᠤᠯ ᠢ ᠬᠠᠮᠲᠤᠪᠠᠷ ᠡᠳ᠋ᠯᠡᠪᠡ᠃ ᠦᠬᠠᠶ ᠶᠢᠨ | ᠡᠪᠦᠯ ᠤᠨ ᠤᠯᠠᠷᠢᠯ ᠤᠨ ᠨᠠᠭᠠᠳᠤᠮ ᠤᠨ ᠰᠣᠶᠣᠯ ᠲᠠᠮᠢᠷ ᠵᠢᠭᠤᠯᠴᠢᠯᠠᠯ ᠤᠨ ᠰᠢᠷᠢᠰ ᠠᠵᠢᠯᠯᠠᠭ᠎ᠠ ᠨᠢ 2025 ᠣᠨ ᠤ | 1 ᠰᠠᠷ᠎ᠠ ᠶᠢᠨ 11 ᠤ ᠡᠳᠦᠷ ᠪᠣᠯᠲᠠᠯ᠎ᠠ ᠦᠷᠭᠦᠯᠵᠢᠯᠡᠵᠦ᠂ ᠪᠠᠰᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠣᠯᠠᠨ ᠨᠡᠶᠢᠲᠡ ᠶᠢᠨ ᠮᠥᠰᠥ ᠴᠠᠰᠤᠨ ᠤ ᠤᠯᠠᠷᠢᠯ ᠤᠨ ᠫᠢᠩᠫᠠᠩ ᠪᠥᠮᠪᠦᠭᠡ ᠶᠢᠨ ᠢᠯᠡ ᠤᠷᠤᠯᠳᠤᠭᠠᠨ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠮᠥᠰᠥ ᠴᠠᠰᠤᠨ ᠤ ᠤᠯᠠᠷᠢᠯ ᠤᠨ ᠵᠢᠯ ᠠᠯᠤᠰᠯᠠᠨ | ᠭᠦᠶᠦᠬᠦ ᠠᠵᠢᠯᠯᠠᠭ᠎ᠠ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠮᠥᠰᠥ ᠴᠠᠰᠤᠨ ᠤ | ᠤᠯᠠᠷᠢᠯ ᠤᠨ ᠯᠤᠤᠲᠤ ᠣᠩᠭᠤᠴᠠ ᠶᠢᠨ ᠠᠵᠢᠯᠯᠠᠭ᠎ᠠ ᠵᠡᠷᠭᠡ ᠶᠢ ᠡᠷᠭᠢᠯᠡᠵᠦ᠂ ᠬᠤᠲᠠ ᠶᠢᠨ ᠠᠷᠠᠳ᠂ | ᠵᠤᠭᠠᠴᠠᠭᠰᠠᠳ ᠲᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠪᠠᠶᠠᠷ ᠪᠠᠭ᠋ᠠᠳᠤᠯ ᠢ ᠡᠳ᠋ᠯᠡᠭᠦᠯᠵᠦ᠂ ︽ᠬᠦᠢᠲᠡᠨ︾ | ᠡᠬᠢ ᠪᠠᠶᠠᠯᠢᠭ ᠢᠶᠠᠷ ︽ᠬᠠᠯᠠᠮᠰᠢᠯ︾ ᠦᠷ᠎ᠡ ᠨᠥᠯᠥᠭᠡ ᠦᠵᠡᠭᠦᠯᠬᠦ ᠶᠢ ᠦᠷᠭᠦᠯᠵᠢᠯᠡᠨ ᠠᠬᠢᠭᠤᠯᠤᠨ᠎ᠠ᠃ | | | | | | | | | | | | | ᠁ |