ᠣᠶᠢᠷ᠎ᠠ ᠶᠢᠨ ᠵᠢᠯ ᠤᠳ ᠲᠤ᠂ ᠤᠯᠠᠭᠠᠨᠴᠠᠪ ᠬᠤᠲᠠ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ᠂ | ᠠᠭᠤᠷ ᠠᠮᠢᠰᠬᠤᠯ ᠤᠨ ᠨᠥᠬᠦᠴᠡᠯ ᠪᠠ ᠬᠦᠴᠦᠷᠬᠡᠭ ᠶᠡᠭᠡ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠬᠥᠭᠵᠢᠯᠲᠡ ᠶᠢᠨ ᠬᠠᠨᠳᠤᠰᠢ ᠳᠤ ᠲᠦᠰᠢᠭᠯᠡᠨ᠂ ᠮᠥᠰᠥ ᠴᠠᠰᠤᠨ ᠤ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ | ᠮᠥᠰᠥ ᠴᠠᠰᠤᠨ ᠤ ᠠᠵᠤ ᠠᠬᠤᠶ ᠶᠢ ᠪᠥᠬᠦ ᠬᠤᠲᠠ ᠶᠢᠨ ᠵᠢᠭᠤᠯᠴᠢᠯᠠᠯ ᠤᠨ ᠦᠢᠯᠡᠰ ᠤᠨ | ᠬᠥᠭᠵᠢᠯᠲᠡ ᠵᠢᠨᠭᠤᠤᠯᠳᠠᠯᠭᠠ ᠪᠣᠯᠭᠠᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠰᠢᠨ᠎ᠡ ᠵᠠᠭᠪᠤᠷ ᠢ | ᠪᠦᠷᠢᠯᠳᠦᠭᠦᠯᠪᠡ᠃ ᠲᠣᠰᠤᠳᠠᠭᠠ ᠭᠠᠷᠭᠠᠭᠰᠠᠨ ᠵᠢᠭᠤᠯᠴᠢᠯᠠᠯ ᠤᠨ ᠵᠠᠮ ᠱᠤᠭᠤᠮ ᠨᠢ ᠡᠯᠪᠡᠭ ᠪᠠᠶᠠᠯᠢᠭ ᠮᠥᠰᠥ | ᠴᠠᠰᠤᠨ ᠤ ᠡᠬᠢ ᠪᠠᠶᠠᠯᠢᠭ᠂ᠰᠦᠷᠯᠢᠭ ᠰᠠᠶᠢᠬᠠᠨ ᠭᠠᠵᠠᠷ ᠰᠢᠨᠵᠢᠯᠡᠭᠡᠨ ᠤ ᠦᠵᠡᠮᠵᠢ ᠲᠠᠢ ᠮᠥᠷᠲᠡᠭᠡᠨ ᠪᠠᠰᠠ | ᠤᠨᠴᠠᠯᠢᠬᠳᠤ ᠠᠮᠲᠠᠲᠤ ᠢᠳᠡᠭᠡᠨ᠂ ᠭᠦᠨ ᠵᠤᠵᠠᠭᠠᠨ ᠠᠷᠠᠳ ᠤᠨ ᠵᠠᠩ ᠦᠢᠯᠡ ᠶᠢᠨ ᠲᠡᠦᠬᠡ ᠰᠣᠶᠣᠯ ᠲᠠᠢ ᠪᠠᠶᠢᠵᠤ᠂ | ᠵᠤᠭᠠᠴᠠᠭᠰᠠᠳ ᠲᠤ ᠨᠢᠭᠡᠤᠳᠠᠭᠠᠨ ᠤ ᠮᠠᠷᠲᠠᠭᠳᠠᠰᠢ ᠦᠭᠡᠢ ᠡᠪᠦᠯ ᠤᠨ ᠡᠳᠦᠷ ᠤᠨ ᠠᠶᠠᠯᠠᠯ ᠤᠨ ᠥᠩᠭᠡᠷᠡᠯᠲᠡ ᠶᠢ | ᠤᠯᠭᠤᠬᠤ ᠪᠤᠯᠤᠨ᠎ᠠ᠃ | ᠨᠢᠭᠡᠳᠦᠭᠡᠷ ᠵᠤᠷᠪᠤᠰ ᠵᠠᠮ ᠱᠤᠭᠤᠮ᠄ ᠮᠥᠰᠥ ᠴᠠᠰᠤᠨ ᠳᠤ ᠥᠪᠡᠰᠦᠪᠡᠨ ᠵᠢᠯᠣᠭᠤᠳᠬᠤ ᠭᠡᠷᠡᠯ | ᠵᠢᠷᠤᠭ ᠤᠨᠠᠶᠠᠯᠠᠯ ᠨᠢ ᠤᠯᠠᠭᠠᠨᠴᠠᠪ ᠤᠨ ᠳ᠋ᠠ ᠾᠧ ᠸᠠᠨ ᠴᠠᠰᠤᠨ ᠳᠤ ᠭᠤᠯᠭᠤᠬᠤ ᠠᠮᠠᠷᠠᠯᠲᠠ ᠶᠢᠨ ᠣᠷᠣᠨ ᠠᠴᠠ | ᠮᠣᠷᠳᠠᠵᠤ᠂ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠣᠷᠣᠨ ᠰᠠᠭᠤᠴᠠ ᠶᠢᠨ ᠰᠦᠷᠦᠭᠯᠡᠯ᠂ | ᠭᠠᠯᠲᠤᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ᠂ ᠶᠢᠨ ᠱᠢ ᠱᠠᠨ ᠴᠢᠯᠠᠭᠤᠨ ᠣᠶ ᠶᠢᠨ ᠭᠠᠵᠠᠷ | ᠰᠢᠨᠵᠢᠯᠡᠭᠡᠨ ᠤᠴᠡᠴᠡᠷᠯᠢᠭ ᠢᠶᠠᠷ ᠥᠩᠭᠡᠷᠡᠵᠦ᠂ ᠡᠴᠦᠰ ᠲᠡᠭᠡᠨ ᠤᠯᠠᠭᠠᠨᠴᠠᠪ ᠤᠨ ᠤᠯᠠᠭᠠᠨ ᠬᠠᠳᠠ ᠶᠢᠨ ᠳᠡᠨᠵᠢ | ᠭᠠᠵᠠᠷ ᠲᠤ᠋ᠬᠦ᠋ᠷᠦᠨᠡ᠃ ᠵᠢᠭᠤᠯᠴᠢᠯᠠᠭᠴᠢᠳ ᠰᠦᠷᠯᠢᠭ ᠰᠠᠶᠢᠬᠠᠨ ᠪᠠᠶᠢᠭᠠᠯᠢ ᠶᠢᠨ ᠦᠵᠡᠮᠵᠢ ᠶᠢ ᠰᠤᠨᠢᠷᠬᠠᠨ ᠦᠵᠡᠵᠦ | ᠪᠣᠯᠤᠨ᠎ᠠ᠃ | ᠬᠤᠶᠠᠳᠤᠭᠠᠷ ᠵᠠᠮ ᠱᠤᠭᠤᠮ᠄ ᠮᠥᠰᠥ ᠴᠠᠰᠤᠨ ᠳᠤ ᠰᠡᠯᠡᠭᠦᠴᠡᠨ ᠪᠠᠷᠠᠭ᠎ᠠ ᠬᠤᠳᠠᠯᠳᠤᠨ ᠠᠪᠬᠤ ᠠᠶᠠᠯᠠᠯ ᠨᠢ | ᠴᠠ ᠬᠠᠨ ᠶᠢᠩ ᠴᠠᠰᠤᠨ ᠳᠤ ᠭᠤᠯᠭᠤᠬᠤ ᠲᠠᠯᠠᠪᠠᠢ ᠠᠴᠠ ᠡᠭᠦᠰᠴᠦ᠂ ᠵᠤᠭᠠᠴᠠᠭᠰᠠᠳ ᠶᠦᠩ ᠯᠢᠶᠠᠩ ᠬᠠᠯᠠᠭᠤᠨ | ᠷᠠᠰᠢᠶᠠᠨ ᠳᠤ ᠬᠦᠷᠴᠦ ᠬᠠᠯᠠᠭᠤᠨ ᠷᠠᠰᠢᠶᠠᠨ ᠢ ᠪᠡᠶᠡᠴᠢᠯᠡᠨ ᠤᠶᠢᠯᠠᠭᠠᠵᠤ ᠪᠤᠯᠬᠤ ᠪᠦᠭᠡᠳ ᠵᠢᠨᠢᠩ ᠤᠨ | ᠡᠷᠲᠡᠨ ᠤᠬᠤᠲᠠ ᠪᠣᠯᠤᠨ ᠤᠯᠠᠭᠠᠨᠴᠠᠪ ᠤᠨ ᠰᠥᠨᠢ ᠶᠢᠨ ᠵᠡᠭᠡᠯᠢ ᠲᠣᠭᠤᠷᠢᠭ ᠢᠶᠠᠷ ᠵᠤᠭᠠᠴᠠᠵᠤ᠂ ᠳᠠᠬᠢᠭᠠᠳ | ᠵᠢᠨᠢᠩ ᠤᠨ ᠣᠯᠠᠨ ᠤᠯᠤᠰ ᠤᠨ ᠠᠷᠠᠰᠤᠨ ᠡᠳ᠋ᠯᠡᠯ ᠤᠨ ᠬᠤᠲᠠ ᠳᠤ ᠬᠦᠷᠴᠦ ᠪᠠᠷᠠᠭ᠎ᠠ ᠬᠤᠳᠠᠯᠳᠤᠨ ᠠᠪᠴᠤ ᠪᠣᠯᠤᠨ᠎ᠠ | ᠃ ᠡᠨᠡ ᠬᠦ ᠵᠠᠮᠱᠤᠭᠤᠮ ᠨᠢ ᠮᠥᠰᠥ ᠴᠠᠰᠤ ᠪᠠ ᠪᠠᠷᠠᠭ᠎ᠠ ᠬᠤᠳᠠᠯᠳᠤᠨ ᠠᠪᠬᠤ ᠶᠢ ᠤᠶᠠᠯᠳᠤᠭᠤᠯᠵᠤ᠂ | ᠵᠤᠭᠠᠴᠠᠭᠰᠠᠳ ᠲᠤ ᠮᠥᠰᠥᠴᠠᠰᠤᠨ ᠤ ᠷᠢᠳᠢ ᠰᠢᠳᠢ ᠶᠢ ᠡᠳ᠋ᠯᠡᠭᠦᠯᠬᠦ ᠶᠢᠨ ᠬᠠᠮᠲᠤ᠂ ᠨᠢᠭᠡ ᠥᠷᠲᠡᠭᠡ ᠮᠠᠶ᠋ᠢᠭ ᠤᠨ | ᠮᠥᠰᠥ ᠴᠠᠰᠤᠨ ᠤ ᠵᠤᠭ᠎ᠠ ᠴᠡᠩᠭᠡᠯ ᠤᠨ ᠪᠠᠷᠠᠭ᠎ᠠ ᠬᠤᠳᠠᠯᠳᠤᠨ ᠠᠪᠬᠤ ᠰᠠᠭᠠᠳ ᠥᠬᠡᠶ ᠪᠠᠶᠠᠷ ᠪᠠᠭ᠋ᠠᠳᠤᠯ ᠢ | ᠪᠡᠶᠡᠴᠢᠯᠡᠨ ᠣᠶᠢᠯᠠᠭᠠᠭᠤᠯᠬᠤᠪᠤᠯᠤᠨᠠ᠃ | ᠭᠤᠷᠪᠠᠳᠤᠭᠠᠷ ᠵᠠᠮ ᠱᠤᠭᠤᠮ᠄ ᠮᠦᠰᠦᠨ ᠨᠠᠭᠤᠷ ᠳᠡᠭᠡᠷᠡᠬᠢ ᠮᠦᠰᠦᠨ ᠬᠦᠬᠢᠳᠡᠯ ᠤᠨ | ᠠᠶᠠᠯᠠᠯ ᠨᠢᠤᠯᠠᠭᠠᠨᠴᠠᠪ ᠤᠨ ᠳ᠋ᠠ ᠾᠧ ᠸᠠᠨ ᠴᠠᠰᠤᠨ ᠳᠤ ᠭᠤᠯᠭᠤᠬᠤ ᠠᠮᠠᠷᠠᠯᠲᠠ ᠶᠢᠨ ᠣᠷᠣᠨ ᠳᠤ ᠴᠠᠰᠤᠨ ᠳᠤ | ᠭᠤᠯᠭᠤᠵᠦᠪᠠᠷᠠᠭᠰᠠᠨ ᠤ ᠳᠠᠷᠠᠭ᠎ᠠ᠂ ᠶᠦᠩ ᠯᠢᠶᠠᠩ ᠬᠠᠯᠠᠭᠤᠨ ᠷᠠᠰᠢᠶᠠᠨ ᠳᠤ ᠪᠡᠶ᠎ᠡ ᠰᠡᠳᠬᠢᠯ ᠢ ᠠᠮᠠᠷᠠᠭᠤᠯᠵᠤ᠂ | ᠳᠠᠬᠢᠨ ᠴᠠᠷ ᠨᠠᠭᠤᠷ ᠤᠨ ᠠᠮᠢ ᠠᠬᠤᠢ ᠶᠢᠨ ᠵᠢᠭᠤᠯᠴᠢᠯᠠᠯ ᠤᠨ ᠣᠷᠣᠨ ᠳᠤ ᠬᠦᠷᠴᠦ ᠮᠦᠰᠦᠨ ᠬᠦᠬᠢᠳᠡᠯ ᠬᠢᠵᠦ᠂ | ᠬᠠᠮᠤᠭᠡᠴᠦᠰ ᠲᠤ ᠯᠦᠩ ᠰᠢᠩ ᠸᠠᠭᠠᠷ ᠱᠠᠭᠠᠵᠠᠩ ᠤᠨ ᠬᠦᠷᠢᠶᠡᠯᠡᠩ ᠪᠣᠯᠤᠨ ᠠᠨ ᡁᠢ ᠶᠠᠩ ᠬᠡᠭᠡᠷ᠎ᠡ ᠶᠢᠨ | ᠬᠤᠸᠠᠷᠠᠨ ᠵᠶ᠋ᠠᠷᠵᠤᠭᠠᠴᠠᠵᠦ ᠪᠤᠯᠤᠨ᠎ᠠ᠃ ᠡᠨᠡ ᠵᠠᠮ ᠱᠤᠭᠤᠮ ᠨᠢ ᠮᠥᠰᠥ ᠴᠠᠰᠤᠨ ᠳᠡᠭᠡᠷᠡᠬᠢ ᠰᠡᠯᠡᠬᠦᠴᠡᠯ ᠪᠠ | ᠵᠢᠭᠠᠰᠤᠨ ᠬᠦᠬᠢᠳᠠᠯ ᠢ ᠪᠦᠷᠢᠨ ᠲᠡᠭᠦᠯᠳᠡᠷ ᠤᠶᠠᠯᠳᠤᠭᠤᠯᠵᠤ᠂ ᠵᠤᠭᠠᠴᠠᠭᠰᠠᠳ ᠲᠤ ᠮᠥᠰᠥ ᠴᠠᠰᠤᠨ ᠤ ᠪᠠᠶᠠᠷ | ᠪᠠᠭ᠋ᠠᠳᠤᠯ ᠢ ᠡᠳ᠋ᠯᠡᠭᠦᠯᠬᠦ ᠪᠤᠯᠤᠨ᠎ᠠ᠃ | ᠳᠥᠷᠪᠡᠳᠦᠭᠡᠷ ᠵᠣᠷᠪᠤᠰ ᠱᠤᠭᠤᠮ᠄ ᠮᠥᠰᠥ ᠴᠠᠰᠤᠨ ᠤ ᠠᠮᠲᠠᠲᠤ ᠢᠳᠡᠭᠡᠨ ᠤ ᠠᠶᠠᠯᠠᠯ ᠳᠤ ᠵᠤᠭᠠᠴᠠᠭᠰᠠᠳ | ᠪᠢᠨᠾᠧ ᠺᠠᠩ ᠯᠢᠥᠢ ᠠᠮᠠᠷᠠᠯᠲᠠ ᠶᠢᠨ ᠣᠷᠣᠨ᠂ ᠪᠸᠢ ᠭᠤᠸᠠᠨ ᠢ ᠰᠦ᠋ ᠠᠷᠠᠳ ᠤᠨ ᠪᠠᠭᠤᠴᠠ᠂ ᠶᠤᠸᠠᠢ | ᠭᠤᠸᠠᠩᠵᠢᠵᠢᠭ ᠪᠠᠯᠭᠠᠰᠤ᠂ ᠴᠠᠬᠠᠷ ᠡᠷᠲᠡᠨ ᠤ ᠵᠡᠭᠡᠯᠢ ᠪᠣᠯᠤᠨ ᠤᠯᠠᠭᠠᠨᠴᠠᠪ ᠤᠨ ᠰᠥᠨᠢ ᠶᠢᠨ ᠦᠵᠡᠮᠵᠢ ᠶᠢᠨ | ᠤᠷᠤᠨ ᠳᠤ ᠬᠦᠷᠴᠦ᠂ ᠤᠯᠠᠭᠠᠨᠴᠠᠪ ᠤᠨ ᠭᠠᠵᠠᠷ ᠣᠷᠣᠨ ᠤ ᠣᠨᠴᠠᠯᠢᠭᠲᠤ ᠠᠮᠲᠠᠲᠤ ᠢᠳᠡᠭᠡᠨ ᠢ ᠠᠮᠲᠠᠯᠠᠵᠤ ᠪᠣᠯᠤᠨ᠎ᠠ | ᠃ᠠᠮᠳᠠᠳᠤ ᠢᠳᠡᠭᠡᠨ ᠤ ᠵᠤᠭᠠᠴᠠᠯ ᠨᠢ ᠵᠤᠭᠠᠴᠠᠭᠰᠠᠳ ᠲᠤ ᠤᠯᠠᠭᠠᠨᠴᠠᠪ ᠤᠨ ᠭᠦᠨ ᠵᠤᠵᠠᠭᠠᠨ ᠰᠣᠶᠣᠯ ᠤᠨ | ᠠᠭᠤᠯᠬᠤᠨ ᠢ ᠮᠡᠳᠡᠷᠡᠭᠦᠯᠬᠦ ᠪᠤᠯᠤᠨ᠎ᠠ᠃ | ᠲᠠᠪᠤᠳᠤᠭᠠᠷ ᠵᠠᠮ ᠱᠣᠭᠤᠮ᠄ ᠮᠥᠰᠥ ᠴᠠᠰᠤᠨ ᠤ ᠬᠤᠪᠢᠰᠬᠠᠯ ᠤᠨ ᠰᠤᠳᠤᠯᠭᠠᠨ ᠤ ᠵᠢᠭᠤᠯᠴᠢᠯᠠᠯ ᠤᠨ | ᠠᠶᠠᠯᠠᠯ ᠨᠢ ᠤᠯᠠᠭᠠᠨᠴᠠᠪ ᠬᠤᠲᠠ ᠶᠢᠨ ᠮᠦᠽᠧᠶ᠂ ᠤᠯᠠᠭᠠᠨᠴᠠᠪ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ | ᠴᠠ ᠬᠠᠨ ᠶᠢᠩ ᠴᠠᠰᠤᠨ ᠳᠤ ᠭᠤᠯᠭᠤᠬᠤ ᠲᠠᠯᠠᠪᠠᠶ᠂ ᠶᠦᠨ ᠳ᠋ᠦᠸᠧ ᠭᠠᠴᠠᠭ᠎ᠠ ᠶᠢᠨ ᠰᠤᠳᠤᠯᠤᠨ | ᠰᠤᠷᠤᠯᠴᠠᠬᠤᠰᠠᠭᠤᠷᠢᠨ ᠭᠠᠵᠠᠷ᠂ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ᠂ | ᠫᠢᠩ ᠰᠦᠢ ᠲᠡᠮᠦᠷ ᠵᠠᠮ ᠤᠨ ᠬᠤᠪᠢᠰᠬᠠᠯ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠭᠤᠤᠯ ᠰᠡᠳᠦᠪᠲᠦ | ᠴᠡᠴᠡᠷᠯᠢᠭ ᠢᠶᠠᠷ ᠲᠣᠭᠤᠷᠢᠨ ᠦᠵᠡᠬᠦ ᠪᠣᠯᠤᠨ᠎ᠠ᠃ ᠬᠠᠮᠤᠭ ᠰᠠᠶᠢᠨ ᠬᠢᠴᠢᠶᠡᠯ ᠤᠨ ᠲᠠᠩᠬᠢᠮ ᠠᠶᠠᠯᠠᠯ ᠳᠤᠮᠳᠠ ᠪᠤᠢ | ᠬᠡᠳᠡᠭᠴᠢᠯᠡᠨ᠂ᠬᠠᠮᠤᠭ ᠭᠤᠶᠣ ᠦᠵᠡᠮᠵᠢ ᠨᠢ ᠬᠥᠯ ᠳᠣᠣᠷ᠎ᠠ ᠪᠠᠶᠢᠨ᠎ᠠ᠃ | ᠵᠢᠷᠭᠤᠳᠤᠭᠠᠷ ᠵᠠᠮ ᠱᠤᠭᠤᠮ᠄ ᠮᠥᠰᠥ ᠴᠠᠰᠤᠨ ᠤ ᠬᠠᠯᠠᠭᠤᠨ ᠷᠠᠰᠢᠶᠠᠨ ᠤ ᠪᠡᠶ᠎ᠡ ᠰᠤᠪᠢᠯᠠᠬᠤ | ᠠᠶᠠᠯᠠᠯ ᠨᠢᠯᠢᠶᠠᠩᠴᠧᠩ ᠤᠨ ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠠᠴᠠ ᠡᠭᠦᠰᠴᠦ᠂ | ᠵᠤᠭᠠᠴᠠᠭᠰᠠᠳ ᠲᠡᠰᠲ᠋ᠠᠷᠠᠭᠠᠯᠠᠨ ᠮᠠ ᠫᠠᠤ ᠬᠠᠯᠠᠭᠤᠨ ᠷᠠᠰᠢᠶᠠᠨ᠂ ᠸᠠᠨ ᠳ᠋ᠧᠩ ᠬᠠᠯᠠᠭᠤᠨ ᠷᠠᠰᠢᠶᠠᠨ᠂ ᠬᠤᠩ ᠮᠤᠤ | ᠡᠮᠳᠦ ᠠᠷᠢᠬᠢ ᠶᠢᠨ ᠮᠦᠽᠧᠶ ᠪᠣᠯᠤᠨ ᠯᠢᠨ ᠬᠣ᠋ ᠡᠷᠲᠡᠨ ᠤ ᠴᠠᠶᠢᠵᠠ ᠵᠤᠭᠠᠴᠠᠯ ᠤᠨ ᠠᠮᠠᠷᠠᠯᠲᠠ ᠶᠢᠨ ᠣᠷᠣᠨ ᠢ | ᠰᠤᠷᠪᠤᠯᠵᠢᠯᠠᠨ ᠵᠤᠭᠠᠴᠠᠵᠤ ᠪᠣᠯᠤᠨ᠎ᠠ᠃ ᠴᠠᠰᠤᠨ ᠳᠤ ᠭᠤᠯᠭᠤᠬᠤ + ᠬᠠᠯᠠᠭᠤᠨ ᠷᠠᠰᠢᠶᠠᠨ + ᠪᠡᠶ᠎ᠡ ᠰᠤᠪᠢᠯᠠᠬᠤ ᠶᠢ | ᠤᠶᠠᠯᠳᠤᠭᠤᠯᠬᠤ ᠨᠢᠡᠪᠦᠯ ᠤᠨ ᠡᠳᠦᠷ ᠤᠨ ᠵᠢᠭᠤᠯᠴᠢᠯᠠᠯ ᠤᠨ ᠰᠠᠶᠢᠨ ᠰᠣᠩᠭᠤᠯᠲᠠ ᠪᠤᠯᠤᠨ᠎ᠠ᠃ | ᠳᠣᠯᠣᠳᠤᠭᠠᠷ ᠵᠠᠮ ᠱᠤᠭᠤᠮ᠄ ᠣᠷᠳᠣ ᠴᠠᠭᠠᠨ ᠬᠡᠷᠡᠮ ᠤᠨ ᠳᠣᠲᠣᠷ᠎ᠠ ᠭᠠᠳᠠᠨᠠᠬᠢ ᠠᠷᠠᠳ ᠤᠨ ᠵᠠᠩ | ᠦᠢᠯᠡ ᠵᠢᠨᠵᠤᠭᠠᠴᠠᠯ ᠳᠤ ᠵᠤᠭᠠᠴᠠᠭᠰᠠᠳ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠮᠦᠨ᠎ᠡ ᠲᠣᠰᠬᠤᠨ᠂ | ᠹᠧᠩᠵᠧᠨ ᠤ ᠯᠦᠩ ᠱᠧᠩ ᠵᠤᠸᠠᠩ ᠤᠨ ᠡᠷᠲᠡᠨ ᠤ ᠪᠠᠯᠭᠠᠰᠤ᠂ ᠵᠦᠸᠧᠽᠢ ᠶᠢᠨ ᠷᠠᠥ ᠵᠢᠦ ᠴᠢᠦᠢ ᠪᠣᠯᠤᠨ | ᠴᠠᠬᠠᠷᠪᠠᠷᠠᠭᠤᠨ ᠭᠠᠷᠤᠨ ᠬᠤᠶᠢᠲᠤ ᠬᠤᠰᠢᠭᠤᠨ ᠤ ᠲᠦᠳᠡᠭ ᠭᠠᠯ ᠵᠡᠷᠭᠡ ᠦᠵᠡᠮᠵᠢ ᠶᠢᠨ ᠭᠠᠵᠠᠷ ᠢᠶᠠᠷ ᠲᠣᠭᠤᠷᠢᠨ | ᠦᠵᠡᠬᠦᠪᠣᠯᠤᠨᠠ᠃ ᠡᠨᠡ ᠬᠦ ᠵᠠᠮ ᠱᠤᠭᠤᠮ ᠨᠢ ᠤᠯᠠᠭᠠᠨᠴᠠᠪ ᠤᠨ ᠥᠨᠢ ᠤᠳᠠᠭᠠᠨ ᠲᠡᠦᠬᠡ ᠪᠠ ᠰᠣᠶᠣᠯ | ᠢᠷᠭᠡᠨᠰᠢᠯ ᠤᠨᠡᠬᠢ ᠪᠠᠶᠠᠯᠢᠭ ᠲᠠᠢ ᠠᠭᠤᠰᠤᠯᠴᠠᠭᠤᠯᠵᠤ᠂ ᠵᠤᠭᠠᠴᠠᠭᠰᠠᠳ ᠲᠤ ᠤᠮᠠᠷᠠᠲᠤ ᠬᠢᠯᠢ ᠶᠢᠨ ᠦᠵᠡᠰᠬᠦᠯᠡᠩᠲᠦ | ᠰᠠᠶᠢᠬᠠᠨᠦᠵᠡᠮᠵᠢ ᠶᠢ ᠮᠡᠳᠡᠷᠡᠭᠦᠯᠦᠨ᠎ᠡ᠃ | ᠲᠤᠯᠤᠭᠠᠨ ᠵᠤᠷᠪᠤᠰ ᠵᠠᠮ ᠱᠤᠭᠤᠮ ᠨᠢ ᠥᠪᠡᠷ ᠢᠶᠠᠨ ᠲᠡᠷᠭᠡ ᠵᠢᠯᠣᠭᠤᠳᠬᠤ ᠳᠤ ᠲᠣᠬᠢᠷᠠᠬᠤ ᠭᠡᠷᠡᠯ | ᠵᠢᠷᠤᠭ ᠤᠨ ᠳᠤᠷ᠎ᠠ ᠪᠠᠭ᠋ᠠᠲᠠᠳ ᠲᠤ ᠵᠤᠷᠢᠭᠤᠯᠤᠭᠰᠠᠨ ᠵᠢᠭᠤᠯᠴᠢᠯᠠᠯ ᠪᠠᠶᠢᠬᠤ ᠮᠥᠷᠲᠡᠭᠡᠨ ᠭᠡᠷ ᠪᠦᠯᠢ ᠶᠢᠨ ᠭᠠᠳᠠᠭᠰᠢ | ᠵᠤᠭᠠᠴᠠᠬᠤ ᠳᠤ ᠲᠣᠬᠢᠷᠠᠬᠤ ᠮᠥᠰᠥ ᠴᠠᠰᠤᠨ ᠤ ᠰᠡᠯᠡᠭᠦᠴᠡᠯ ᠪᠠᠷᠠᠭ᠎ᠠ ᠬᠤᠳᠠᠯᠳᠤᠨ ᠠᠪᠬᠤ ᠠᠶᠠᠯᠠᠯ ᠴᠤ ᠪᠠᠶᠢᠨ᠎ᠠ︔ | ᠥᠷᠢᠰᠥᠯᠳᠦᠭᠡᠨ ᠪᠠ ᠰᠡᠳᠦᠯᠲᠡ ᠪᠠᠷ ᠳᠦᠭᠦᠷᠦᠭᠰᠡᠨ ᠮᠥᠰᠥ ᠴᠠᠰᠤᠨ ᠤ ᠮᠦᠰᠦᠨ ᠬᠦᠬᠢᠳᠡᠯ ᠤᠨ ᠠᠶᠠᠯᠠᠯ | ᠴᠦᠪᠠᠶᠢᠨᠠ᠃ ᠴᠦᠮ ᠥᠪᠡᠷ ᠥᠪᠡᠷ ᠤᠨ ᠣᠨᠴᠠᠯᠢᠭ ᠲᠠᠢ ᠵᠠᠮ ᠱᠤᠭᠤᠮ ᠪᠤᠯᠤᠨ᠎ᠠ᠃ |