ᠣᠶᠢᠷ᠎ᠠ ᠳᠤ ︽ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠬᠢᠭᠡᠳ ᠬᠥᠭᠵᠢᠯᠲᠡ ᠶᠢᠨ | ᠶᠠᠷᠢᠶᠠᠨ ᠤ ᠳᠠᠪᠴᠠᠩ︾ ᠣᠷᠳᠣᠰ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠳᠤ ᠶᠠᠪᠤᠭᠳᠠᠭᠰᠠᠨ ᠪᠠᠶᠢᠨ᠎ᠠ᠃ | ᠲᠣᠰ ᠤᠳᠠᠭᠠᠨ ᠤ ︽ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠬᠢᠭᠡᠳ ᠬᠥᠭᠵᠢᠯᠲᠡ ᠶᠢᠨ | ᠶᠠᠷᠢᠶᠠᠨ ᠤ ᠳᠠᠪᠴᠠᠩ︾ ᠪᠣᠯ ᠣᠷᠳᠣᠰ ᠤᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ | ᠪᠠ ᠬᠥᠭᠵᠢᠭᠦᠯᠬᠦ ᠰᠤᠳᠤᠯᠭᠠᠨ ᠤ ᠲᠥᠪ ᠤᠨ ᠡᠭᠦᠰᠬᠡᠨ ᠪᠠᠶᠢᠭᠤᠯᠤᠭᠰᠠᠨ ᠣᠨ ᠤ ᠡᠷᠳᠡᠮ ᠰᠢᠨᠵᠢᠯᠡᠭᠡᠨ ᠤ | ᠰᠣᠯᠢᠯᠴᠠᠭᠠᠨ ᠤ ᠠᠵᠢᠯᠯᠠᠭ᠎ᠠ ᠪᠣᠯᠣᠨ᠎ᠠ᠃ ᠲᠣᠰ ᠤᠳᠠᠭᠠᠨ ᠤ ᠶᠠᠷᠢᠶᠠᠨ ᠤ ᠳᠠᠪᠴᠠᠩ ᠨᠢ ︽ᠪᠣᠳᠠᠰ ᠤᠨ ᠪᠤᠰᠤ | ᠰᠣᠶᠣᠯ ᠤᠨ ᠥᠪ ᠬᠢᠭᠡᠳ ᠣᠷᠳᠣᠰ ᠠᠷᠠᠳ ᠤᠨ ᠳᠠᠭᠤᠤ᠂ ᠪᠥᠵᠢᠭ᠂ ᠬᠥᠭᠵᠢᠮ ᠤᠨ ᠬᠠᠮᠠᠭᠠᠯᠠᠯᠲᠠ ᠪᠠ | ᠤᠯᠠᠮᠵᠢᠯᠠᠯ ᠬᠢᠭᠡᠳ ᠬᠥᠭᠵᠢᠯᠲᠡ ᠶᠢᠨ ᠦᠢᠯᠡᠳᠦᠯᠭᠡ ᠶᠢᠨ ᠠᠷᠭ᠎ᠠ ᠵᠠᠮ︾᠂ ︽ᠪᠣᠳᠠᠰ ᠤᠨ ᠪᠤᠰᠤ ᠰᠣᠶᠣᠯ ᠤᠨ | ᠥᠪ ᠤᠨ ᠰᠢᠰᠲ᠋ᠧᠮᠵᠢᠭᠰᠡᠨ ᠬᠠᠮᠠᠭᠠᠯᠠᠯᠲᠠ︾ ᠵᠡᠷᠭᠡ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ᠂ ︽ | ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠰᠣᠶᠣᠯ ᠤᠷᠠᠯᠢᠭ ᠢ | ᠬᠠᠮᠠᠭᠠᠯᠠᠨ ᠤᠯᠠᠮᠵᠢᠯᠠᠬᠤ︾ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠵᠡᠷᠭᠡ ᠠᠭᠤᠯᠭ᠎ᠠ ᠪᠠᠷ ᠪᠦᠷᠢᠯᠳᠦᠵᠦ᠂ ᠶᠡᠭᠡ | ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠡᠯ᠎ᠡ ᠬᠦᠷᠢᠶ᠎ᠡ ᠴᠠᠷᠠᠭᠠᠨ ᠤ | ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠡᠷᠳᠡᠮᠲᠡᠨ ᠬᠤᠷᠠᠨ ᠴᠤᠭᠯᠠᠷᠠᠭᠰᠠᠨ ᠪᠠᠶᠢᠨ᠎ᠠ᠃ ᠠᠵᠢᠯᠯᠠᠭ᠎ᠠ ᠨᠢ ᠪᠣᠳᠠᠰ ᠤᠨ | ᠪᠤᠰᠤ ᠰᠣᠶᠣᠯ ᠤᠨ ᠥᠪ ᠤᠨ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ ᠲᠤᠰᠬᠠᠢ ᠮᠡᠷᠭᠡᠵᠢᠯᠲᠡᠨ ᠡᠷᠳᠡᠮᠲᠡᠨ᠂ ᠠᠵᠢᠯ | ᠡᠷᠬᠢᠯᠡᠭᠰᠡᠳ ᠲᠤ ᠰᠣᠯᠢᠯᠴᠠᠭᠠᠨ ᠤ ᠳᠠᠪᠴᠠᠩ ᠬᠠᠩᠭᠠᠵᠤ ᠦᠵᠡᠯᠲᠡ ᠲᠠᠨᠢᠯᠲᠠ ᠪᠠᠨ ᠰᠣᠯᠢᠯᠴᠠᠬᠤ᠂ | ᠲᠤᠷᠰᠢᠯᠭ᠎ᠠ ᠪᠠᠨ ᠬᠤᠪᠢᠶᠠᠯᠴᠠᠵᠤ ᠬᠠᠮᠲᠤᠷᠠᠯᠴᠠᠬᠤ ᠪᠠᠷ ᠳᠠᠮᠵᠢᠨ᠂ ᠪᠣᠳᠠᠰ ᠤᠨ ᠪᠤᠰᠤ ᠰᠣᠶᠣᠯ ᠤᠨ ᠥᠪ ᠢ | ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠬᠦᠴᠦᠨ ᠢ ᠪᠦᠷᠢᠯᠳᠦᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ | ᠤᠯᠠᠮᠵᠢᠯᠠᠯ ᠪᠠ ᠬᠥᠭᠵᠢᠯᠲᠡ ᠳᠤ ᠰᠢᠨ᠎ᠡ ᠠᠷᠭ᠎ᠠ ᠵᠠᠮ ᠬᠠᠩᠭᠠᠭᠰᠠᠨ ᠪᠠᠶᠢᠨ᠎ᠠ᠃ | |