12 ᠰᠠᠷ᠎ᠠ ᠶᠢᠨ 20 ᠤ ᠡᠳᠦᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠥᠪᠡᠷᠲᠡᠭᠡᠨ ᠵᠠᠰᠠᠬᠤ ᠣᠷᠣᠨ ᠤ ︽ᠤᠨᠤᠯ ᠤᠨ ᠰᠤᠷᠤᠯᠴᠠᠯᠭ᠎ᠠ ᠶᠢᠨ | ᠬᠦᠩᠭᠡᠨ ᠮᠣᠷᠢᠲᠤ ᠴᠡᠷᠢᠭ︾ ᠤᠨ ᠤᠯᠠᠨ ᠲᠦᠮᠡᠨᠴᠢᠯᠡᠭᠰᠡᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ | ᠪᠦᠯᠬᠦᠮ ᠯᠢᠨ ᠾᠧ ᠲᠣᠭᠤᠷᠢᠭ ᠤᠨ ᠱᠦ ᠭᠤᠸᠠᠩ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ | ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠳᠤ ᠬᠦᠷᠪᠡ᠃ | ᠤᠬᠠᠭᠤᠯᠤᠨ ᠲᠠᠶᠢᠯᠪᠤᠷᠢᠯᠠᠬᠤ ᠳᠤᠮᠳᠠ᠂ ᠥᠪᠡᠷᠲᠡᠭᠡᠨ ᠵᠠᠰᠠᠬᠤ ᠣᠷᠣᠨ ᠤ ︽ᠤᠨᠤᠯ ᠤᠨ | ᠰᠤᠷᠤᠯᠴᠠᠯᠭ᠎ᠠ ᠶᠢᠨ ᠬᠦᠩᠭᠡᠨ ᠮᠣᠷᠢᠲᠤ ᠴᠡᠷᠢᠭ︾ ᠢ ᠤᠯᠠᠨ ᠲᠦᠮᠡᠨᠴᠢᠯᠡᠭᠰᠡᠨ ᠵᠢᠱᠢᠶ᠎ᠡ ᠦᠵᠡᠭᠦᠯᠬᠦ ᠤᠬᠠᠭᠤᠯᠤᠨ | ᠲᠠᠶᠢᠯᠪᠤᠷᠢᠯᠠᠬᠤ ᠪᠦᠯᠬᠦᠮ ᠤᠨ 5 ᠪᠦᠷᠢᠯᠳᠦᠬᠦᠨ ᠲᠤᠰ ᠲᠤᠰ ︽ᠨᠡᠶᠢᠭᠡᠮ ᠲᠣᠭᠤᠷᠢᠭ ᠢ | ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠡᠭᠡ ᠭᠡᠷ ᠪᠦᠯᠢ ᠪᠣᠯᠭᠠᠬᠤ︾᠂ ︽︿ᠭᠠᠶᠢᠯᠢ ᠶᠢᠨ ᠶᠠᠪᠤᠳᠠᠯ ᠤᠨ | ᠬᠥᠬᠡ﹀ ᠨᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠳᠤ ᠦᠩᠭᠡ ᠭᠡᠷᠡᠯ ᠨᠡᠮᠡᠷᠢᠯᠡᠬᠦ︾᠂ ︽ᠦᠨᠳᠦᠰᠦᠲᠡᠨ ᠤ | ᠪᠦᠯᠬᠦᠮᠳᠡᠯ ᠢ ᠰᠠᠶᠢᠲᠤᠷ ᠰᠠᠬᠢᠬᠤ ᠦᠨᠳᠦᠰᠦᠨ ᠰᠤᠳᠠᠰᠤ︾᠂ ︽ᠨᠢᠭᠡ ᠤᠯᠤᠰ ᠤᠨ ᠬᠡᠦᠬᠡᠳ ᠤᠨ ᠬᠠᠶᠢᠷ᠎ᠠ | ᠰᠡᠳᠬᠢᠯᠭᠡ︾᠂ ︽︿ᠲᠠᠪᠤᠨ ᠬᠠᠮᠲᠤ ᠶᠢᠨ ᠲᠠᠨᠢᠯᠲᠠ﹀ ᠶᠢ ᠦᠨᠳᠦᠰᠦᠲᠡᠨ ᠨᠦᠭᠦᠳ ᠤᠨ ᠠᠷᠠᠳ ᠲᠦᠮᠡᠨ ᠤ | ᠰᠡᠳᠬᠢᠯ ᠳᠤ ᠦᠨᠳᠦᠰᠦᠯᠡᠭᠦᠯᠬᠦ︾ ᠵᠡᠷᠭᠡ ᠲᠠᠯ᠎ᠠ ᠪᠠᠷ ᠲᠠᠶᠢᠯᠪᠤᠷᠢᠯᠠᠨ ᠲᠠᠶᠢᠯᠪᠤᠷᠢᠯᠠᠪᠠ᠃ ᠤᠬᠠᠭᠤᠯᠤᠨ | ᠲᠠᠶᠢᠯᠪᠤᠷᠢᠯᠠᠭᠰᠠᠨ ᠨᠢ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠢᠴᠡᠳ ᠬᠡᠷᠡᠭᠯᠡᠵᠦ᠂ ᠠᠮᠢᠳᠤᠯᠢᠭ ᠦᠭᠡ ᠬᠡᠯᠡ ᠪᠠ | ᠴᠢᠩ ᠦᠨᠡᠨᠴᠢ ᠰᠡᠳᠬᠢᠯᠭᠡ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢᠨ ᠴᠢᠬᠤᠯᠠ ᠴᠢᠨᠠᠷ ᠢ ᠭᠦᠨᠵᠡᠭᠡᠢ ᠲᠣᠳᠣᠷᠬᠠᠶᠢᠯᠠᠨ ᠥᠭᠦᠯᠡᠪᠡ᠃ | ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ | ᠢᠯᠡᠷᠭᠡᠶᠢᠯᠡᠵᠡᠭᠡᠭᠰᠡᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ | ᠪᠤᠢ ᠪᠣᠯᠭᠠᠬᠤ ᠡᠨᠡ ᠬᠦ ᠭᠤᠣᠯ ᠰᠢᠵᠢᠮ ᠢ ᠡᠯ᠎ᠡ ᠵᠦᠢᠯ ᠤᠨ ᠠᠵᠢᠯ ᠤᠨ ᠳᠤᠮᠳᠠ ᠪᠠᠨ ᠲᠤᠤᠱᠯᠠᠭᠤᠯᠵᠤ᠂ | ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠰᠤᠷᠤᠯᠴᠠᠬᠤ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠤᠢ | ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠡᠶᠡᠯᠡᠭᠦᠯᠦᠨ᠎ᠡ | ᠬᠡᠵᠡᠢ᠃ | |