2024 ᠣᠷᠳᠣᠰ ᠤᠨ ᠣᠶᠤᠨᠴᠢ ᠰᠦᠯᠵᠢᠶᠡᠨ ᠤ ᠬᠤᠯᠪᠣᠭᠠᠨ ᠤ ᠠᠵᠤ ᠦᠢᠯᠡᠰ ᠤᠨ ᠠᠮᠢ ᠠᠬᠤᠢ ᠶᠢᠨ ᠬᠤᠷᠠᠯ ᠵᠢᠴᠢ ᠣᠷᠳᠣᠰ ᠬᠤᠲᠠ ᠶᠢᠨ ︽ᠲᠡᠷᠭᠡ ᠵᠠᠮ ᠡᠭᠦᠯᠡᠨ ᠪᠣᠳᠣᠯᠲᠠ ᠶᠢ ᠨᠢᠭᠡ ᠴᠣᠭᠴᠠᠵᠢᠭᠤᠯᠬᠤ︾ ᠬᠡᠷᠡᠭᠯᠡᠭᠡᠨ ᠤ ᠲᠤᠷᠰᠢᠯᠲᠠ ᠶᠢᠨ ᠴᠡᠭ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/26
     ᠣᠶᠢᠷ᠎ᠠ ᠶᠢᠨ ᠡᠳᠦᠷ᠂ ︽ᠣᠶᠤᠨᠴᠢ ᠢᠷᠡᠭᠡᠳᠦᠢ ᠶᠢ ᠴᠣᠭᠴᠠᠯᠠᠵᠤ᠂ ︿ᠲᠡᠷᠭᠡᠨ ᠵᠠᠮ ᠡᠭᠦᠯᠡᠨ ᠪᠣᠳᠣᠯᠲᠠ ᠶᠢ ᠨᠢᠭᠡ ᠴᠣᠭᠴᠠᠵᠢᠭᠤᠯᠬᠤ﹀ ᠰᠢᠨ᠎ᠡ ᠴᠠᠭ ᠦᠶ᠎ᠡ ᠶᠢ ᠣᠷᠴᠢᠯᠠᠬᠤᠢ︾ ᠪᠠᠷ ᠭᠤᠣᠯ ᠰᠡᠳᠦᠪ ᠢᠶᠠᠨ ᠪᠣᠯᠭᠠᠭᠰᠠᠨ 2024 ᠣᠷᠳᠣᠰ ᠤᠨ 2024 ᠣᠷᠳᠣᠰ ᠤᠨ ᠣᠶᠤᠨᠴᠢ ᠰᠦᠯᠵᠢᠶᠡᠨ ᠤ ᠬᠤᠯᠪᠣᠭᠠᠨ ᠤ ᠠᠵᠤ ᠦᠢᠯᠡᠰ ᠤᠨ ᠠᠮᠢ ᠠᠬᠤᠢ ᠶᠢᠨ ᠬᠤᠷᠠᠯ ᠵᠢᠴᠢ ᠣᠷᠳᠣᠰ ᠬᠤᠲᠠ ᠶᠢᠨ ︽ᠲᠡᠷᠭᠡ ᠵᠠᠮ ᠡᠭᠦᠯᠡᠨ ᠪᠣᠳᠣᠯᠲᠠ ᠶᠢ ᠨᠢᠭᠡ ᠴᠣᠭᠴᠠᠵᠢᠭᠤᠯᠬᠤ︾ ᠬᠡᠷᠡᠭᠯᠡᠭᠡᠨ ᠤ ᠲᠤᠷᠰᠢᠯᠲᠠ ᠶᠢᠨ ᠴᠡᠭ ᠢ ᠠᠬᠢᠭᠤᠯᠬᠤ ᠬᠤᠷᠠᠯ ᠬᠢᠶ᠎ᠠ ᠪᠠᠭᠰᠢ ᠲᠣᠭᠤᠷᠢᠭ ᠲᠤ ᠬᠤᠷᠠᠯᠳᠤᠪᠠ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠧᠨ ᠬᠤᠸᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠭᠤᠣ ᠸᠧᠨ ᠾᠧ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠯᠢᠦ ᠹᠧᠩ ᠶᠦᠨ ᠪᠠᠶᠠᠷ ᠤᠨ ᠦᠭᠡ ᠬᠡᠯᠡᠵᠦ᠂ ᠬᠤᠲᠠ ᠶᠢᠨ ᠳᠡᠳ᠋ ᠳᠠᠷᠤᠭ᠎ᠠ ᠦ᠋ ᠵᠢᠶᠠᠨ ᠰᠢᠶᠦ᠋ᠨ ᠬᠤᠷᠠᠯ ᠢ ᠡᠷᠭᠢᠯᠡᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠵᠠᠩ ᠲᠦᠦ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠣᠶᠤᠨᠴᠢ ᠰᠦᠯᠵᠢᠶᠡᠨ ᠤ ᠬᠤᠯᠪᠣᠭᠠᠨ ᠤ ᠮᠠᠰᠢᠨ ᠲᠡᠷᠭᠡᠨ ᠤ ᠦᠷ᠎ᠡ ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠵᠦ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠂ ᠠᠵᠤ ᠠᠬᠤᠶᠢᠯᠠᠯᠲᠠᠨ ᠪᠣᠯᠣᠨ ᠭᠠᠵᠠᠷ ᠣᠷᠣᠨ ᠤ ᠬᠢᠨ ᠭᠤᠣᠯ ᠵᠣᠷᠢᠯᠲᠠᠲᠤ ᠶᠠᠷᠢᠶ᠎ᠠ ᠢᠯᠡᠳᠬᠡᠯ ᠬᠢᠵᠦ᠂ ᠰᠠᠨᠠᠯ ᠢᠶᠠᠨ ᠰᠣᠯᠢᠯᠴᠠᠨ᠂ ᠣᠷᠳᠣᠰ ᠬᠤᠳᠠ ᠶᠢᠨ ᠣᠶᠤᠨᠴᠢ ᠰᠦᠯᠵᠢᠶᠡᠨ ᠤ ᠬᠤᠯᠪᠣᠭᠠᠨ ᠤ ᠮᠠᠰᠢᠨ ᠲᠡᠷᠭᠡᠨ ᠤ ᠳᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠪᠣᠯᠣᠨ ᠣᠶᠤᠨᠴᠢ ᠰᠦᠯᠵᠢᠶᠡᠨ ᠤ ᠬᠤᠯᠪᠣᠭᠠᠨ ᠤ ᠮᠠᠰᠢᠨ ᠲᠡᠷᠭᠡᠨ ᠤ ︽ᠲᠡᠷᠭᠡ ᠵᠠᠮ ᠡᠭᠦᠯᠡᠨ ᠪᠣᠳᠣᠯᠲᠠ ᠶᠢ ᠨᠢᠭᠡ ᠴᠣᠭᠴᠠᠵᠢᠭᠤᠯᠬᠤ︾ ᠨᠢᠭᠡᠳᠦᠯᠲᠡᠢ ᠠᠵᠢᠯᠯᠠᠭᠠᠨ ᠤ ᠲᠤᠩᠬᠠᠭ ᠢ ᠨᠡᠶᠢᠲᠡᠯᠡᠵᠦ᠂ ᠣᠷᠳᠣᠰ ᠬᠤᠳᠠ ᠶᠢᠨ ᠮᠠᠰᠢᠨ ᠲᠡᠷᠭᠡᠨ ᠤ ᠠᠵᠤ ᠦᠢᠯᠡᠰ ᠤᠨ ᠠᠮᠢ ᠠᠬᠤᠢ ᠶᠢᠨ ᠬᠥᠭᠵᠢᠯᠲᠡ ᠶᠢᠨ ᠰᠠᠭᠤᠷᠢ ᠮᠥᠩᠭᠦ ᠶᠢ ᠤᠬᠠᠭᠤᠯᠤᠨ ᠲᠠᠨᠢᠯᠴᠠᠭᠤᠯᠵᠤ᠂ ᠣᠶᠤᠨᠴᠢ ᠰᠦᠯᠵᠢᠶᠡᠨ ᠤ ᠬᠤᠯᠪᠣᠭᠠᠨ ᠤ ᠠᠭᠤᠷᠬᠠᠢ ᠶᠢᠨ ᠺᠠᠷᠲ ᠤᠨ ᠪᠠᠷᠢᠮᠵᠢᠶ᠎ᠠ ᠪᠣᠯᠣᠨ ᠰᠢᠯᠭᠠᠨ ᠦᠨᠡᠯᠡᠬᠦ ᠰᠢᠰᠲ᠋ᠧᠮ ᠢ ᠠᠰᠢᠭᠯᠠᠯᠲᠠ ᠳᠤ ᠣᠷᠣᠭᠤᠯᠵᠤ᠂ ᠳᠤᠮᠳᠠᠳᠤ ᠤᠯᠤᠰ ᠤᠨ ᠨᠡᠭᠦᠳᠡᠯ ᠬᠤᠯᠪᠣᠭ᠎ᠠ ᠪᠣᠯᠣᠨ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠳᠦᠷᠦᠯ ᠵᠦᠢᠯ ᠢ ᠨᠡᠶᠢᠲᠡᠯᠡᠪᠡ᠃ ᠬᠤᠷᠠᠯ ᠳᠡᠭᠡᠷ᠎ᠡ ᠪᠠᠰᠠ ᠱᠧᠨᠵᠧᠨ ᠤ ᠲᠤᠭ᠎ᠠ ᠪᠠᠷᠢᠮᠲᠠ ᠶᠢᠨ ᠰᠣᠯᠢᠯᠴᠠᠭᠠᠨ ᠤ ᠭᠠᠵᠠᠷ ᠤᠨ ᠣᠷᠳᠣᠰ ᠲᠠᠬᠢ ᠲᠤᠭ᠎ᠠ ᠪᠠᠷᠢᠮᠲᠠ ᠶᠢᠨ ᠡᠯᠧᠮᠧᠨ᠋ᠲ ᠤᠨ ᠦᠢᠯᠡᠴᠢᠯᠡᠭᠡᠨ ᠤ ᠠᠵᠢᠯ ᠤᠨ ᠦᠷᠳᠡᠭᠡ ᠶᠢᠨ ᠫᠠᠶᠢᠰᠠ ᠶᠢ ᠰᠡᠬᠦᠵᠦ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠤᠯᠤᠰ ᠤᠨ ᠣᠶᠤᠨᠴᠢ ᠰᠦᠯᠵᠢᠶᠡᠨ ᠤ ᠬᠤᠯᠪᠣᠭᠠᠨ ᠤ ᠮᠠᠰᠢᠨ ᠲᠡᠷᠭᠡᠨ ᠤ ᠰᠢᠨ᠎ᠡ ᠶᠢ ᠡᠭᠦᠳᠬᠦ ᠲᠥᠪ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠳᠡᠯᠴᠡᠭᠡᠷ ᠲᠣᠭᠲᠠᠵᠤ᠂ ᠣᠷᠳᠣᠰ ᠬᠤᠳᠠ ᠶᠢᠨ ᠣᠶᠤᠨᠴᠢ ᠰᠦᠯᠵᠢᠶᠡᠨ ᠤ ᠬᠤᠯᠪᠣᠭᠠᠨ ᠤ ᠮᠠᠰᠢᠨ ᠲᠡᠷᠭᠡᠨ ᠤ ᠠᠵᠤ ᠦᠢᠯᠡᠰ ᠤᠨ ᠠᠮᠢ ᠠᠬᠤᠢ ᠶᠢᠨ ᠬᠥᠭᠵᠢᠯᠲᠡ ᠶᠢᠨ ᠬᠤᠯᠪᠣᠭ᠎ᠠ ᠶᠢᠨ ᠡᠬᠢᠯᠡᠯᠲᠡ ᠶᠢᠨ ᠶᠣᠰᠣᠯᠠᠯ ᠢ ᠶᠠᠪᠤᠭᠳᠠᠭᠤᠯᠪᠠ᠃  
 
ᠢᠷᠡᠯᠲᠡ᠄ ᠣᠷᠳᠣᠰ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号