ᠠᠷᠪᠠᠨ ᠨᠢᠭᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠨᠠᠷᠠᠲᠤ ᠲᠡᠮᠳᠡᠭᠲᠦ ᠶᠢᠨ ᠶᠡᠭᠡ ᠬᠤᠷᠠᠯ ᠠᠴᠠ ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠨᠠᠷᠠᠲᠤ ᠲᠡᠮᠳᠡᠭᠲᠦ ᠶᠢᠨ ᠥᠷᠲᠡᠭ ᠢ 309.67 ᠳ᠋ᠦᠩᠰᠢᠭᠤᠷ ᠨᠡᠶᠢᠲᠡᠯᠡᠪᠡ︕
ᠨᠡᠶᠢᠲᠡᠯᠡᠭᠰᠡᠨ ᠴᠠᠭ᠄
2024/12/27
      12 ᠰᠠᠷ᠎ᠠ ᠶᠢᠨ 20 ᠤ ᠡᠳᠦᠷ ᠠᠴᠠ 21 ᠤ ᠡᠳᠦᠷ ᠪᠣᠯᠲᠠᠯ᠎ᠠ᠂ ᠠᠷᠪᠠᠨ ᠨᠢᠭᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠨᠠᠷᠠᠲᠤ ᠲᠡᠮᠳᠡᠭ ᠤᠨ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃ ᠲᠣᠰ ᠤᠳᠠᠭᠠᠨ ᠤ ᠶᠡᠭᠡ ᠬᠤᠷᠠᠯ ᠨᠢ ︽ᠨᠠᠷᠠᠲᠤ ᠲᠡᠮᠳᠡᠭᠲᠦ ᠶᠢᠨ ᠬᠦᠴᠦᠨ ᠢ ᠬᠤᠷᠠᠮᠳᠤᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ︾ ᠪᠠᠷ ᠭᠤᠤᠯ ᠰᠡᠳᠦᠪ ᠪᠣᠯᠭᠠᠵᠤ᠂ ᠮᠠᠰᠢ ᠣᠯᠠᠨ ᠨᠠᠷᠠᠲᠤ ᠠᠵᠤ ᠠᠬᠤᠶᠢᠯᠠᠯ ᠪᠠ ᠨᠠᠷᠠᠲᠤ ᠲᠡᠮᠳᠡᠭᠲᠦ ᠶᠢᠨ ᠡᠵᠡᠩᠨᠡᠯᠲᠡ ᠶᠢᠨ ᠬᠤᠳᠠᠯᠳᠤᠭᠠᠴᠢᠨ ᠣᠷᠣᠯᠴᠠᠵᠠᠶ᠃ ᠥᠪᠥᠷ ᠮᠣᠩᠭᠤᠯ ᠤᠨ ᠪᠠᠶᠠᠨ ᠪᠣᠬᠢᠷᠲᠤᠯ ᠦᠭᠡᠢ ᠦᠢᠯᠡᠰ ᠤᠨ ᠠᠵᠤ ᠦᠢᠯᠡᠰ ︵ᠪᠦᠯᠦᠭᠯᠡᠯ︶ ᠤᠨ ᠬᠢᠵᠠᠭᠠᠷᠲᠤ ᠺᠣᠮᠫᠠᠨᠢ ᠨᠢ ᠤᠷᠢᠯᠭ᠎ᠠ ᠪᠠᠷ ᠲᠣᠰ ᠤᠳᠠᠭᠠᠨ ᠤ ᠦᠪᠡᠳᠡᠭᠰᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠥᠪᠥᠷ ᠮᠣᠩᠭᠤᠯ ᠤᠨ ᠨᠠᠷᠠᠲᠤ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠠᠬᠢᠭᠤᠯᠬᠤ ᠨᠡᠶᠢᠭᠡᠮᠯᠢᠭ ᠬᠢᠭᠡᠳ ︽ᠲᠡᠭᠷᠢ ᠶᠢᠨ ᠬᠡᠰᠢᠭᠲᠦ ᠪᠣᠷᠣᠲᠣᠬᠤᠶ︾ ︽ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠡᠮᠳᠡᠭᠲᠦ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠲᠣᠭᠲᠠᠪᠠ᠃ 2024 ᠣᠨ ᠳᠤ ᠥᠪᠥᠷ ᠮᠣᠩᠭᠤᠯ ᠤᠨ ᠨᠠᠷᠠᠲᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠦᠨᠡᠯᠡᠯᠲᠡ ᠶᠢᠨ ᠵᠠᠩᠭᠢᠯᠠᠭ᠎ᠠ ᠶᠢᠨ ᠳᠤᠮᠳᠠ᠂ ︽ᠲᠡᠭᠷᠢ ᠶᠢᠨ ᠬᠡᠰᠢᠭᠲᠦ ᠪᠣᠷᠣᠲᠣᠬᠤᠶ︾ ᠨᠢ ᠥᠪᠥᠷ ᠮᠣᠩᠭᠤᠯ ᠤᠨ ᠨᠠᠷᠠᠲᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠪᠠᠷ ᠦᠨᠡᠯᠡᠭᠳᠡᠪᠡ᠃ ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠨᠡᠷᠡᠲᠦ ᠲᠡᠮᠳᠡᠭ ᠤᠨ ᠥᠷᠲᠡᠭ ᠨᠢ 309.67 ᠶᠡᠭᠡ ᠬᠤᠷᠠᠯ ᠤᠨ ᠬᠤᠭᠤᠴᠠᠭᠠᠨ ᠳᠤ᠂ ᠪᠠᠶᠠᠨ ᠪᠣᠬᠢᠷᠲᠤᠯ ᠦᠭᠡᠢ ᠦᠢᠯᠡᠰ ᠤᠨ ᠪᠦᠯᠦᠭᠯᠡᠯ ᠤᠨ ᠳᠡᠳ᠋ ᠶᠡᠷᠦᠩᠬᠡᠢ ᠳᠠᠭᠠᠭᠠᠮᠠᠯ ᠯᠢ ᠮᠢᠩ ᠺᠣᠮᠫᠠᠨᠢ ᠶᠢ ᠲᠥᠯᠥᠭᠡᠯᠡᠨ ᠥᠪᠥᠷ ᠮᠣᠩᠭᠤᠯ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠬᠥᠭᠵᠢᠯᠲᠡ ᠶᠢᠨ ᠲᠣᠭᠤᠷᠢᠭ ᠰᠢᠷᠡᠭᠡᠨ ᠤ ᠶᠠᠷᠢᠶᠠᠨ ᠤ ᠲᠠᠪᠴᠠᠩ ᠳᠤ ᠣᠷᠣᠯᠴᠠᠪᠠ᠃      ᠲᠣᠰ ᠶᠠᠷᠢᠶᠠᠨ ᠤ ᠲᠠᠪᠴᠠᠩ ᠨᠢ ᠶᠡᠭᠡ ᠬᠤᠷᠠᠯ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠬᠥᠭᠵᠢᠯᠲᠡ ᠶᠢᠨ ᠣᠳᠣᠬᠢ ᠪᠠᠶᠢᠳᠠᠯ᠂ ᠲᠤᠯᠭᠠᠷᠠᠵᠤ ᠪᠠᠶᠢᠭ᠎ᠠ ᠥᠷᠢᠰᠥᠯᠳᠦᠭᠡᠨ ᠵᠢᠴᠢ ᠢᠷᠡᠭᠡᠳᠦᠶ ᠶᠢᠨ ᠬᠥᠭᠵᠢᠯᠲᠡ ᠶᠢᠨ ᠴᠢᠭᠯᠡᠯ ᠢ ᠰᠤᠳᠤᠯᠤᠨ ᠶᠠᠷᠢᠯᠴᠠᠬᠤ ᠶᠢᠨ ᠲᠥᠯᠥᠭᠡ ᠶᠤᠮ᠃ ᠶᠠᠷᠢᠶᠠᠨ ᠤ ᠲᠠᠪᠴᠠᠩ ᠳᠡᠭᠡᠷ᠎ᠡ᠂ ᠳᠡᠳ᠋ ᠶᠡᠷᠦᠩᠬᠡᠶ ᠳᠠᠭᠠᠭᠠᠮᠠᠯ ᠯᠢ ᠮᠢᠩ ᠪᠥᠬᠦ ᠣᠷᠣᠨ ᠤ ᠡᠯ᠎ᠡ ᠭᠠᠵᠠᠷ ᠠᠴᠠ ᠢᠷᠡᠭᠰᠡᠨ ᠨᠠᠷᠠᠲᠤ ᠲᠡᠮᠳᠡᠭᠲᠦ ᠶᠢᠨ ᠡᠵᠡᠩᠨᠡᠯᠲᠡ ᠶᠢᠨ ᠬᠤᠳᠠᠯᠳᠤᠭᠠᠴᠢᠨ᠂ ᠲᠤᠰᠬᠠᠶ ᠮᠡᠷᠭᠡᠵᠢᠯᠲᠡᠨ ᠡᠷᠳᠡᠮᠲᠡᠳ ᠨᠠᠷ ᠲᠠᠢ ᠭᠦᠨᠵᠡᠭᠡᠶ ᠰᠣᠯᠢᠯᠴᠠᠨ ᠶᠠᠷᠢᠯᠴᠠᠵᠤ᠂ ᠪᠠᠶᠠᠨ ᠪᠣᠬᠢᠷᠲᠤᠯ ᠦᠭᠡᠢ ᠦᠢᠯᠡᠰ ᠤᠨ ᠪᠦᠯᠦᠭᠯᠡᠯ ᠤᠨ ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢᠨ ᠲᠠᠯ᠎ᠠ ᠪᠠᠷ ᠬᠢ ᠠᠮᠵᠢᠯᠲᠠ ᠲᠠᠢ ᠲᠤᠷᠰᠢᠯᠭ᠎ᠠ ᠶᠢ ᠬᠤᠪᠢᠶᠠᠯᠴᠠᠪᠠ᠃      ᠲᠣᠰ ᠤᠳᠠᠭᠠᠨ ᠤ ᠥᠪᠥᠷ ᠮᠣᠩᠭᠤᠯ ᠤᠨ ᠨᠠᠷᠠᠲᠤ ᠲᠡᠮᠳᠡᠭᠲᠦ ᠶᠢᠨ ᠶᠡᠭᠡ ᠬᠤᠷᠠᠯ ᠳᠤ ᠣᠷᠣᠯᠴᠠᠬᠤ ᠳᠤ᠂ ︽ᠲᠡᠭᠷᠢ ᠶᠢᠨ ᠬᠡᠰᠢᠭᠲᠦ ᠪᠣᠷᠣᠲᠣᠬᠤᠶ︾ ᠳᠤ ᠲᠣᠰ ᠪᠡᠶ᠎ᠡ ᠶᠢᠨ ᠪᠣᠳᠠᠲᠤ ᠬᠦᠴᠦᠨ ᠪᠠ ᠴᠤᠭ ᠵᠢᠪᠬᠤᠭ᠎ᠠ ᠪᠠᠨ ᠢᠯᠡᠷᠡᠭᠦᠯᠬᠦ ᠲᠠᠪᠴᠠᠩ ᠬᠠᠩᠭᠠᠵᠤ᠂ ᠨᠠᠩ ᠪᠦᠯᠦᠭᠯᠡᠯ ᠺᠣᠮᠫᠠᠨᠢ ᠬᠢᠭᠡᠳ ᠪᠥᠬᠦ ᠣᠷᠣᠨ ᠤ ᠡᠯ᠎ᠡ ᠭᠠᠵᠠᠷ ᠤᠨ ᠨᠠᠷᠠᠲᠤ ᠲᠡᠮᠳᠡᠭᠲᠦ ᠶᠢᠨ ᠡᠵᠡᠩᠨᠡᠯᠲᠡ ᠶᠢᠨ ᠬᠤᠳᠠᠯᠳᠤᠭᠠᠴᠢᠨ᠂ ᠲᠤᠰᠬᠠᠶ ᠮᠡᠷᠭᠡᠵᠢᠯᠲᠡᠨ ᠡᠷᠳᠡᠮᠲᠡᠳ ᠰᠠᠨᠠᠯ ᠢᠶᠠᠨ ᠰᠣᠯᠢᠯᠴᠠᠬᠤ ᠬᠥᠭᠦᠷᠭᠡ ᠪᠠᠶᠢᠭᠤᠯᠤᠭᠰᠠᠨ ᠪᠠᠶᠢᠨ᠎ᠠ᠃ ᠪᠠᠶᠠᠨ ᠪᠣᠬᠢᠷᠲᠤᠯ ᠦᠭᠡᠢ ᠦᠢᠯᠡᠰ ᠤᠨ ᠪᠦᠯᠦᠭᠯᠡᠯ ᠲᠣᠰ ᠤᠳᠠᠭᠠᠨ ᠤ ᠶᠡᠭᠡ ᠬᠤᠷᠠᠯ ᠢᠶᠠᠷ ᠠᠵᠠ ᠲᠣᠬᠢᠶᠠᠯ ᠪᠣᠯᠭᠠᠵᠤ᠂ ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠪᠠ ᠵᠠᠬ᠎ᠠ ᠳᠡᠯᠭᠡᠭᠦᠷ ᠢ ᠳᠡᠯᠭᠡᠷᠡᠭᠦᠯᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠩ ᠣᠯᠠᠨ ᠪᠠᠶᠠᠨᠨᠠᠭᠤᠷ ᠤᠨ ᠴᠢᠨᠠᠷ ᠰᠠᠶᠢᠲᠠᠶ ᠲᠠᠷᠢᠶᠠᠯᠠᠩ ᠤᠨ ᠭᠠᠷᠤᠯᠲᠠ ᠶᠢ ᠵᠠᠬ᠎ᠠ ᠳᠡᠯᠭᠡᠭᠦᠷ ᠲᠤ ᠭᠠᠷᠭᠠᠬᠤ ᠪᠠᠷ ᠴᠢᠷᠮᠠᠶᠢᠵᠤ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠡᠢ᠃
 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号