| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠥᠪᠥᠷ ᠵᠠᠰᠠᠭ ᠦᠰᠦᠭ ︹ 2024 ︺ 233 ᠳ᠋ᠤᠭᠠᠷ ᠲᠣᠭᠠᠲᠤ | ︽ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠭᠠᠵᠠᠷ ᠰᠢᠷᠣᠢ ᠶᠢ | ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ︵2022 | – 2024 ᠣᠨ︶︾ ᠤᠨ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠴᠣᠬᠤᠯᠠᠪᠤᠷᠢ | ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄ | ᠲᠠᠨ ᠤ ᠬᠤᠲᠠ ᠶᠢᠨ ︽ᠬᠤᠷᠴᠢᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ | ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ︵2022 – 2024 ᠣᠨ︶ ᠤᠨ ᠲᠤᠬᠠᠢ ᠡᠰᠢᠯᠡᠯᠲᠡ | ︾ ︵ᠲᠦᠩᠯᠢᠶᠣᠣ ᠵᠠᠰᠠᠭ ᠲᠠᠷᠬᠠᠭᠠᠭᠰᠠᠨ ︹ 2024 ︺ 116 ᠳ᠋ᠤᠭᠠᠷ ᠲᠣᠭᠠᠲᠤ︶ ᠶᠢ ᠭᠥᠯᠢᠶᠡᠨ ᠠᠪᠴᠤ | ᠣᠶᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ᠄ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠤᠰᠬᠠᠢ ᠮᠡᠷᠭᠡᠵᠢᠯᠲᠡᠨ ᠢ | ᠵᠣᠬᠢᠶᠠᠨ ᠪᠠᠶᠢᠭᠤᠯᠵᠤ ᠨᠤᠲᠠᠯᠠᠭᠤᠯᠬᠤ ᠪᠠ ᠬᠢᠨᠠᠨ ᠪᠠᠶᠢᠴᠠᠭᠠᠯᠭᠠᠭᠠᠳ᠂ ︽ᠲᠦᠩᠯᠢᠶᠣᠣ ᠬᠤᠲᠠ ᠶᠢᠨ ᠬᠤᠷᠴᠢᠨ | ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ | ᠲᠣᠬᠢᠷᠠᠭᠤᠯᠤᠯᠲᠠ ᠶᠢᠨ ᠲᠥᠰᠥᠯ ︵2022 – 2024 ᠣᠨ︶︾ ᠨᠢ ︽ᠪᠦᠭᠦᠳᠡ ᠨᠠᠶᠢᠷᠠᠮᠳᠠᠬᠤ ᠲᠤᠮᠳᠠᠳᠤ | ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠪᠠ ︽︿ᠭᠠᠵᠠᠷ ᠰᠢᠷᠣᠢ ᠶᠢ ᠲᠠᠲᠠᠪᠤᠷᠢᠯᠠᠨ | ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠪᠠᠷᠢᠮᠵᠢᠶ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠪᠠᠶᠢᠭᠠᠯᠢ ᠶᠢᠨ | ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠡᠬᠢ ᠪᠠᠶᠠᠯᠢᠭ ᠲᠣᠭᠲᠠᠭᠠᠯ ︹ 2023 ︺ 7 ᠳ᠋ᠤᠭᠠᠷ | ᠲᠣᠭᠠᠲᠤ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢ ᠲᠠᠲᠠᠪᠤᠷᠢᠯᠠᠨ | ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠶᠢ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ | ᠤᠨ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠳᠤ ᠨᠡᠶᠢᠴᠡᠵᠦ᠂ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠳᠦᠷᠢᠮ ᠳᠤ ᠨᠡᠶᠢᠴᠡᠵᠦ ᠪᠠᠶᠢᠨ᠎ᠠ᠂ | ᠡᠶᠢᠨ ᠬᠦ ︽ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ | ᠬᠡᠰᠡᠭ ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ︵2022 – 2024 ᠣᠨ︶︾ ᠢ | ᠵᠠᠷᠴᠢᠮ ᠳᠡᠭᠡᠷ᠎ᠡ ᠪᠠᠨ ᠵᠥᠪᠰᠢᠶᠡᠷᠡᠪᠡ᠂ ᠡᠯ᠎ᠡ ᠵᠦᠢᠯ ᠤᠨ ᠠᠵᠢᠯ ᠢᠶᠠᠨ ᠬᠠᠤᠯᠢ ᠲᠣᠭᠲᠠᠭᠠᠯ ᠶᠣᠰᠣᠭᠠᠷ ᠰᠠᠶᠢᠲᠤᠷ | ᠬᠢᠲᠦᠭᠡᠢ᠃ | 2024 ᠣᠨ ᠤ 12 ᠳ᠋ᠤᠭᠠᠷ ᠰᠠᠷ᠎ᠠ ᠶᠢᠨ 8 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | | | | | | | | | | ᠁ |