| 12 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠼᠦᠢ ᠵᠢᠩ ᠶᠢᠩ ᠦᠬᠠᠶ ᠨᠠᠭᠤᠷ ᠤᠨ ᠰᠡᠯᠡᠭᠦᠴᠡᠯ ᠠᠮᠠᠷᠠᠯᠲᠠ ᠶᠢᠨ ᠵᠢᠭᠤᠯᠴᠢᠯᠠᠯ ᠤᠨ ᠣᠷᠣᠨ ᠤ ᠨᠡᠭᠡᠭᠡᠯᠲᠡ | ᠡᠵᠡᠩᠨᠡᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠳᠠ ᠶᠢᠨ ᠳᠡᠳ᠋ ᠳᠠᠷᠤᠭ᠎ᠠ ᠵᠠᠩ ᠶᠦᠩ | ᠣᠷᠣᠯᠴᠠᠪᠠ᠃ ᠼᠦᠢ ᠵᠢᠩ ᠶᠢᠩ ᠨᠡᠷ ᠤᠷᠢᠳ ᠬᠤᠵᠢᠳ ᠦᠬᠠᠢ ᠨᠠᠭᠤᠷ ᠤᠨ ᠨᠢᠭᠡᠳᠦᠭᠡᠷ ᠨᠣᠮᠧᠷᠲᠤ ᠭᠠᠷᠠᠮ᠂ | ᠡᠯᠡᠰᠦᠨ ᠴᠦᠯ ᠤᠨ ᠬᠤᠸᠠᠷᠠᠨ ᠵᠡᠷᠭᠡ ᠭᠠᠵᠠᠷ ᠲᠤ ᠬᠦᠷᠴᠦ᠂ ᠦᠵᠡᠮᠵᠢ ᠶᠢᠨ ᠣᠷᠣᠨ ᠤ ᠨᠡᠭᠡᠭᠡᠯᠲᠡ ᠡᠵᠡᠩᠨᠡᠯᠲᠡ᠂ | ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠣᠯᠤᠨ ᠤᠯᠤᠰ ᠤᠨ ᠲᠡᠰ ᠤᠨ | ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠤᠭᠰᠠᠨ ᠠᠵᠢᠯ ᠤᠨ ᠪᠠᠶᠢᠳᠠᠯ ᠢ ᠨᠢ ᠨᠠᠷᠢᠨ | ᠣᠶᠢᠯᠠᠭᠠᠪᠠ᠃ ᠼᠦᠢ ᠵᠢᠩ ᠶᠢᠩ ᠬᠡᠯᠡᠭᠰᠡᠨ ᠨᠢ᠂ ᠦᠬᠠᠢ ᠨᠠᠭᠤᠷ ᠤᠨ ᠰᠡᠯᠡᠭᠦᠴᠡᠯ ᠠᠮᠠᠷᠠᠯᠲᠠ ᠶᠢᠨ | ᠵᠢᠭᠤᠯᠴᠢᠯᠠᠯ ᠤᠨ ᠣᠷᠣᠨ ᠳᠤ ᠡᠯᠡᠰᠦ ᠳᠠᠯᠠᠢ ᠬᠠᠷᠢᠯᠴᠠᠨ ᠲᠦᠰᠢᠭᠯᠡᠯᠴᠡᠵᠦ᠂ ᠬᠥᠭᠵᠢᠯᠲᠡ ᠶᠢᠨ ᠳᠠᠯᠳᠠ ᠬᠦᠴᠦᠨ | ᠯᠤᠲᠤ ᠶᠡᠭᠡ ᠪᠠᠶᠢᠨ᠎ᠠ᠂ ᠡᠨᠡ ᠬᠦ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠠᠭᠤᠯᠠ᠂ ᠤᠰᠤ | ᠂ ᠡᠯᠡᠰᠦ ᠵᠡᠷᠭᠡ ᠤᠨᠴᠠᠯᠢᠬᠳᠤ ᠵᠢᠭᠤᠯᠴᠢᠯᠠᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠲᠥᠯᠥᠪᠯᠡᠵᠦ᠂ | ︽ᠢᠳᠡᠬᠦ ᠤᠤᠭᠤᠬᠤ ᠵᠤᠭᠠᠴᠠᠬᠤ ᠬᠤᠳᠠᠯᠳᠤᠨ ᠠᠪᠬᠤ ᠴᠡᠩᠭᠡᠬᠦ︾ ᠤᠨ ᠬᠡᠷᠡᠭᠴᠡᠭᠡ ᠱᠠᠭᠠᠷᠳᠠᠯᠭ᠎ᠠ ᠶᠢᠨ | ᠲᠣᠭᠤᠷᠢᠨ ᠳᠤ᠂ ᠵᠢᠭᠤᠯᠴᠢᠯᠠᠯ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠳᠤᠲᠠᠭᠤᠳᠠᠯ ᠢᠶᠠᠨ ᠴᠢᠨᠠᠭᠰᠢᠳᠠ | ᠨᠥᠬᠦᠪᠥᠷᠢᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠨᠢᠭᠡ ᠪᠦᠯᠦᠭ ᠰᠢᠯᠢᠳᠡᠭ ᠪᠦᠷᠢᠳᠦᠭᠦᠯᠬᠦ ᠤᠨ | ᠲᠦᠷᠦᠯ ᠵᠦᠢᠯ ᠪᠣᠯᠤᠨ ᠪᠦᠷᠢᠳᠦᠭᠦᠯᠬᠦ ᠤᠨ ᠵᠠᠮ ᠱᠤᠭᠤᠮ ᠢ ᠲᠥᠰᠦᠪᠯᠡᠵᠦ᠂ ᠦᠬᠠᠢ ᠶᠢᠨ ᠣᠨᠴᠠᠯᠢᠭ ᠲᠠᠢ | ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠡᠭᠦᠳᠴᠦ᠂ ᠬᠤᠳᠠ ᠶᠢᠨ ᠠᠷᠠᠳ ᠪᠣᠯᠤᠨ ᠵᠤᠭᠠᠴᠠᠭᠰᠠᠳ ᠤᠨ | ᠤᠯᠠᠨ ᠶᠠᠩᠵᠤ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠤᠬᠠᠭᠤᠯᠤᠨ ᠳᠡᠯᠭᠡᠷᠡᠭᠦᠯᠬᠦ | ᠡᠷᠴᠢᠮ ᠢᠶᠠᠨ ᠴᠢᠩᠭᠠᠷᠠᠭᠤᠯᠵᠤ᠂ ᠨᠠᠷᠢᠨ ᠨᠢᠮᠪᠠᠶ ᠤᠬᠠᠭᠠᠯᠠᠨ ᠲᠥᠯᠥᠪᠯᠡᠵᠦ᠂ ᠲᠠᠪᠠᠭᠤᠯᠢᠭ ᠪᠠᠶᠢᠳᠠᠯ ᠪᠤᠯᠤᠨ | ᠬᠦᠴᠦᠨ ᠢᠶᠠᠨ ᠥᠷᠭᠡᠨ ᠢᠶᠠᠷ ᠠᠰᠢᠭᠯᠠᠵᠤ᠂ ᠡᠯ᠎ᠡ ᠲᠥᠷᠥᠯ ᠤᠨ ᠲᠠᠪᠴᠠᠩ ᠤᠨ ᠠᠴᠢᠶᠠᠯᠠᠪᠤᠷᠢ ᠳᠤ ᠲᠦᠰᠢᠭᠯᠡᠨ᠂ ︽ | ᠡᠯᠡᠰᠦᠨ ᠴᠦᠯ ᠳᠤ ᠲᠡᠯᠡᠶ ᠶᠢ ᠦᠵᠡᠬᠦ · ᠳᠤᠮᠳᠠᠳᠤ ᠤᠯᠤᠰ ᠤᠨ ᠦᠬᠠᠶ︾ ᠶᠢ ᠦᠷᠭᠦᠯᠵᠢᠯᠡᠨ ᠨᠥᠯᠥᠭᠡᠯᠡᠬᠦ | ᠬᠦᠴᠦᠨ ᠪᠠ ᠥᠪᠡᠷᠮᠢᠴᠡ ᠲᠠᠲᠠᠬᠤ ᠬᠦᠴᠦᠨ ᠲᠠᠢ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ | ᠪᠣᠯᠭᠠᠬᠤ ᠬᠡᠷᠡᠭᠲᠡᠶ᠃ ᠠᠯᠠᠱᠠ ᠠᠶᠢᠮᠠᠭ ᠯᠤᠭ᠎ᠠ ᠶᠢᠨ ᠵᠢᠭᠤᠯᠴᠢᠯᠠᠯ ᠤᠨ ᠬᠠᠮᠲᠤᠷᠠᠯᠴᠠᠭᠠᠨ ᠤ ᠭᠠᠷᠳᠠᠬᠤ ᠴᠢᠭ ᠢ | ᠣᠨᠣᠪᠴᠢᠲᠠᠢ ᠣᠯᠵᠤ᠂ ᠵᠢᠭᠤᠯᠴᠢᠯᠠᠯ ᠤᠨ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠵᠢᠭᠤᠯᠴᠢᠯᠠᠯ ᠤᠨ | ᠱᠤᠭᠤᠮ ᠢ ᠵᠣᠯᠭᠠᠭᠤᠯᠵᠤ ᠨᠡᠶᠢᠳᠬᠡᠬᠦ ᠵᠡᠷᠭᠡ ᠲᠠᠯ᠎ᠠ ᠪᠠᠷ ᠬᠠᠮᠲᠤᠷᠠᠯᠴᠠᠨ ᠨᠡᠭᠡᠭᠡᠨ ᠬᠥᠭᠵᠢᠭᠦᠯᠬᠦ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠢ | ᠬᠠᠮᠲᠤᠪᠠᠷ ᠠᠰᠢᠭ ᠬᠦᠷᠳᠡᠬᠦ ᠣᠷᠣᠨ ᠪᠦᠰᠡ ᠶᠢᠨ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠬᠦᠴᠦᠯᠡᠨ ᠪᠠᠶᠢᠭᠤᠯᠬᠤ | ᠬᠡᠷᠡᠭᠲᠡᠢ ᠭᠡᠵᠡᠢ᠃ | | | | | | | | | | | | ᠁ |