ᠡᠨᠡ ᠡᠪᠦᠯ ᠤᠷᠳᠤᠰ ᠲᠤ 50 ᠭᠠᠷᠤᠢ ᠲᠥᠷᠤᠯ ᠤᠨ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠲᠠᠢ
ᠨᠡᠶᠢᠲᠡᠯᠡᠭᠰᠡᠨ ᠴᠠᠭ᠄
2024/12/6
     ᠠᠭᠠᠷ ᠤᠨ ᠳᠤᠯᠠᠭᠠᠨ ᠳᠣᠷᠣᠭᠰᠢᠯᠠᠬᠤ ᠶᠢ ᠳᠠᠭᠠᠯᠳᠤᠨ ᠤᠷᠳᠤᠰ ᠬᠤᠲᠠ ᠡᠪᠦᠯ ᠤᠨ ᠵᠢᠭᠤᠯᠴᠢᠯᠡᠯ ᠤᠨ ᠬᠥᠭᠵᠢᠶᠡᠨᠲᠤ ᠤᠯᠠᠷᠢᠯ ᠢᠶᠠᠨ ᠣᠭᠲᠤᠨ ᠠᠪᠤᠯ᠎ᠠ᠃ ᠡᠯ᠎ᠡ ᠦᠵᠡᠮᠵᠢ ᠶᠢᠨ ᠣᠷᠣᠨ ᠨᠢ ᠡᠪᠦᠯ ᠤᠨ ᠤᠯᠠᠷᠢᠯ ᠤᠨ ᠣᠨᠴᠠᠯᠢᠭᠲᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠱᠠᠯᠠᠪᠲᠠᠨ ᠬᠢᠵᠦ᠂ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠥᠭᠵᠢᠶᠡᠨ ᠲᠠᠢ ᠪᠣᠯᠭᠠᠵᠤ ᠪᠠᠶᠢᠨ᠎ᠠ᠃      ᠡᠭᠦᠨ ᠳᠤ ᠵᠢᠦ ᠴᠧᠩ ᠬᠦᠩ ᠤᠯᠠᠨ ᠤᠯᠤᠰ ᠤᠨ ᠴᠠᠨᠠᠯᠠᠯᠲᠠ ᠶᠢᠨ ᠳᠠᠯᠠᠪᠠᠢ 11 ᠰᠠᠷ᠎ᠠ ᠶᠢᠨ 17 ᠤ ᠡᠳᠦᠷ ᠠᠴᠠ ᠡᠬᠢᠯᠡᠨ ᠬᠢᠮᠡᠯ ᠴᠠᠰᠤ ᠣᠷᠣᠭᠤᠯᠵᠤ᠂ 11 ᠰᠠᠷ᠎ᠠ ᠶᠢᠨ 25 ᠤ ᠡᠳᠤᠷ ᠵᠢᠩᠭᠢᠨᠢ ᠪᠠᠷ ᠡᠭᠦᠳᠡ ᠪᠠᠨ ᠨᠡᠬᠡᠭᠡᠵᠦ ᠵᠣᠴᠢᠨ ᠢᠶᠠᠨ ᠣᠭᠲᠣᠭᠰᠠᠨ ᠪᠠᠶᠢᠨ᠎ᠠ᠃ ᠡᠨᠡ ᠵᠢᠯ ᠲᠣᠰ ᠵᠢᠭᠤᠯᠴᠢᠯᠡᠯ ᠤᠨ ᠣᠷᠣᠨ ᠰᠢᠨ᠎ᠡ ᠪᠠᠷ 700 ᠭᠠᠷᠤᠢ ᠰᠡᠭᠦᠳᠡᠷᠯᠡᠬᠦ ᠬᠤᠪᠴᠠᠰᠤ ᠨᠡᠮᠡᠵᠤ᠂ ᠴᠠᠨᠠᠯᠠᠬᠤ ᠳᠤ ᠡᠮᠦᠰᠳᠡᠭ ᠬᠤᠪᠴᠡᠰᠤ ᠪᠣᠯᠣᠨ ᠴᠠᠨᠠᠯᠡᠯᠲᠠ ᠶᠢᠨ ᠬᠡᠷᠡᠭᠰᠡᠯ ᠢ ᠴᠤ 500 ᠭᠠᠷᠤᠢ ᠢᠵᠢ ᠨᠡᠮᠡᠵᠡᠢ᠃ ᠪᠠᠰᠠ ᠮᠥᠰᠤᠨ ᠱᠤᠭᠤᠮᠠᠯ ᠤᠨ ᠦᠵᠡᠭᠦᠯᠭᠡ᠂ ᠴᠠᠰᠤᠨ ᠳᠤ ᠭᠤᠯᠭᠤᠬᠤ ᠬᠦᠳᠡᠯᠭᠡᠭᠡᠨ᠂ ᠪᠣᠳᠠᠰ ᠤᠨ ᠪᠤᠰᠤ ᠰᠣᠶᠣᠯ ᠤᠨ ᠥᠪ ᠠᠮᠳᠠᠲᠤ ᠢᠳᠡᠭᠡᠨ ᠵᠡᠷᠭᠡ ᠶᠢ ᠠᠭᠤᠰᠤᠯᠴᠠᠭᠤᠯᠵᠤ ᠂ ᠬᠤᠲᠠ ᠶᠢᠨ ᠠᠷᠠᠳ ᠪᠠ ᠵᠤᠭᠠᠴᠠᠭᠰᠠᠳ ᠲᠤ ᠨᠢᠭᠡᠨ ᠭᠤᠶᠤ ᠰᠠᠶᠢᠬᠠᠨ ᠮᠥᠰᠣ ᠴᠠᠰᠤᠨ ᠤ ᠷᠢᠳᠢ ᠰᠢᠳᠢ ᠶᠢ ᠮᠡᠳᠡᠷᠡᠭᠦᠯᠬᠦ ᠪᠠᠷ ᠪᠥᠬᠦ ᠬᠦᠴᠣᠨ ᠢᠶᠠᠷ ᠢᠶᠠᠨ ᠴᠢᠷᠮᠡᠶᠢᠵᠤ ᠪᠠᠶᠢᠨ᠎ᠠ᠃      ᠤᠷᠳᠤᠰ ᠤᠨ ᠭᠡᠭᠡᠷ᠎ᠡ ᠶᠢᠨ ᠠᠮᠢᠲᠠᠨ ᠤ ᠬᠦᠷᠢᠶᠡᠯᠡᠩ ᠶᠠᠭ ᠠᠮᠢᠲᠡᠨ ᠤ ᠬᠦᠷᠢᠶᠡᠯᠠᠩ ᠤᠨ ᠮᠥᠰᠣ ᠴᠠᠰᠤᠨ ᠤ ᠳᠠᠭᠤᠤ ᠬᠥᠭᠵᠢᠮ ᠤᠨ ᠤᠯᠠᠷᠢᠯ ᠤᠨ ᠠᠵᠢᠯᠯᠠᠭ᠎ᠠ ᠶᠢ ᠶᠠᠭᠠᠷᠠᠯᠲᠠᠢ ᠪᠡᠯᠡᠳᠭᠡᠵᠦ ᠪᠠᠶᠢᠨ᠎ᠠ᠂ ᠲᠣᠰ ᠤᠳᠠᠭᠠᠨ ᠤ ᠮᠥᠰᠣ ᠴᠠᠰᠤᠨ ᠤ ᠳᠠᠭᠤᠤ ᠬᠥᠭᠵᠢᠮ ᠤᠨ ᠤᠯᠠᠷᠢᠯ ᠳᠤ ᠳᠠᠭᠤᠤ ᠪᠦᠵᠢᠭ ᠤᠷᠠᠨ ᠰᠠᠶᠢᠬᠠᠨ ᠤ ᠲᠤᠭᠯᠠᠯᠲᠠ᠂ ᠤᠮᠠᠷᠠᠲᠤ ᠲᠦᠢᠯ ᠤᠨ ᠴᠢᠨ᠋ᠸ᠎ᠠ ᠶᠢᠨ ᠦᠵᠡᠭᠦᠯᠭᠡ ᠵᠢᠴᠢ ᠥᠪᠣᠷ ᠮᠣᠩᠭᠤᠯ ᠤᠨ ᠬᠠᠮᠤᠭ ᠤᠨ ᠣᠷᠲᠤ ᠮᠥᠰᠥ ᠴᠠᠰᠤᠨ ᠤ ᠭᠤᠯᠭᠤᠭᠤᠷ ᠱᠠᠲᠤ ᠵᠡᠷᠭᠡ ᠲᠦᠷᠤᠯ ᠵᠦᠢᠯ ᠢ ᠪᠠᠭᠲᠠᠭᠠᠵᠤ᠂ ᠡᠪᠦᠯ ᠤᠨ ᠤᠯᠠᠷᠢᠯ ᠤᠨ ᠠᠮᠢᠲᠠᠨ ᠤ ᠬᠦᠷᠢᠶᠡᠯᠠᠩ ᠤᠨ ᠥᠪᠡᠷᠮᠢᠴᠠ ᠣᠨᠴᠠᠯᠢᠭ ᠲᠠᠢ᠂ ᠰᠣᠨᠢᠷᠬᠠᠯᠲᠠᠢ ᠰᠢᠨ᠎ᠡ ᠣᠶᠢᠯᠭᠠᠯᠲᠠ ᠶᠢ ᠪᠠᠶᠠᠴᠢᠯᠠᠨ ᠣᠶᠢᠯᠠᠭᠠᠭᠤᠯᠵᠤ᠂ ᠡᠪᠦᠯ ᠤᠨ ᠤᠯᠠᠷᠢᠯ ᠤᠨ ᠰᠣᠶᠣᠯ ᠵᠢᠭᠤᠯᠴᠢᠯᠡᠯ ᠤᠨ ᠵᠠᠬ᠎ᠠ ᠳᠡᠯᠭᠡᠭᠦᠷ ᠤᠨ ᠰᠢᠨ᠎ᠡ ᠠᠮᠢᠵᠢᠷᠡᠯ ᠤᠨ ᠬᠦᠴᠣᠨ ᠢ ᠬᠥᠭᠵᠢᠭᠡᠵᠦ ᠪᠠᠶᠢᠨ᠎ᠠ᠃      ᠡᠨᠡ ᠡᠪᠦᠯ ᠤᠷᠳᠤᠰ ᠬᠤᠲᠠ ᠮᠥᠰᠥ ᠴᠠᠰᠤᠨ ᠤ ᠵᠢᠭᠤᠯᠴᠢᠯᠠᠯ᠂ ᠮᠥᠰᠥ ᠴᠠᠰᠤᠨ ᠤ ᠨᠠᠭᠠᠳᠤᠮ᠂ ᠮᠥᠰᠣ ᠴᠠᠰᠤᠨ ᠤ ᠨᠠᠶᠢᠷ ᠵᠡᠷᠭᠡ 50 ᠭᠠᠷᠤᠢ ᠵᠦᠢᠯ ᠤᠨ ᠣᠨᠴᠠᠯᠢᠭᠲᠤ ᠰᠣᠶᠣᠯ ᠵᠢᠭᠤᠯᠴᠢᠯᠡᠯ ᠤᠨ ᠠᠵᠢᠯᠯᠠᠭ᠎ᠠ ᠶᠢ ᠦᠷᠨᠢᠭᠦᠯᠬᠦ ᠪᠠᠷ ᠲᠦᠯᠤᠪᠯᠡᠵᠦ᠂ ᠤᠷᠠᠨ ᠰᠠᠶᠢᠬᠠᠨ ᠤ ᠲᠤᠭᠯᠠᠯᠲᠠ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ᠂ ᠮᠥᠰᠥ ᠴᠠᠰᠤᠨ ᠤ ᠲᠠᠮᠢᠷ ᠤᠨ ᠬᠦᠳᠡᠯᠭᠡᠭᠡᠨ ᠵᠡᠷᠭᠡ ᠠᠭᠤᠯᠭ᠎ᠠ ᠶᠢ ᠬᠠᠮᠤᠷᠬᠤ ᠶᠢᠨ ᠬᠠᠮᠲᠤ ᠬᠤᠲᠠ ᠶᠢᠨ ᠰᠠᠶᠢᠨ ᠳᠤᠷ᠎ᠠ ᠶᠢᠨ ᠦᠢᠯᠠᠴᠢᠯᠡᠭᠡ᠂ ᠵᠠᠮ ᠬᠠᠷᠢᠯᠴᠠᠭᠠᠨ ᠤ ᠲᠤᠯᠠᠭᠠᠨ ᠦᠢᠯᠠᠴᠢᠯᠡᠭᠡ᠂ ᠦᠨ᠎ᠡ ᠬᠠᠩᠰᠢ ᠶᠢᠨ ᠪᠠᠲᠤᠯᠠᠭ᠎ᠠ ᠶᠢᠨ ᠦᠢᠯᠡᠴᠢᠯᠡᠭᠡ ᠶᠢ ᠬᠠᠩᠭᠠᠵᠤ᠂ ᠳᠥᠷᠪᠡᠨ ᠵᠦᠭ ᠨᠠᠢᠮᠠᠨ ᠵᠣᠪᠬᠢᠰ ᠠᠴᠠ ᠢᠷᠡᠭᠰᠡᠨ ᠵᠣᠴᠢᠳ ᠢ ᠪᠠᠶᠠᠷᠯᠠᠨ ᠤᠭᠲᠣᠵᠤ᠂ ᠤᠷᠳᠤᠰ ᠤᠨ ᠡᠪᠦᠯ ᠤᠨ ᠤᠯᠠᠷᠢᠯ ᠤᠨ ᠵᠢᠭᠤᠯᠴᠢᠯᠡᠯ ᠤᠨ ᠥᠪᠡᠳᠡᠭᠰᠢ ᠨᠠᠶᠢᠷ ᠢ ᠲᠠ ᠨᠠᠷ ᠲᠤ ᠪᠡᠶᠡᠴᠢᠯᠡᠨ ᠣᠶᠢᠯᠠᠭᠠᠭᠤᠯᠬᠤ ᠪᠠᠷ ᠪᠡᠯᠡᠭᠡᠨ ᠪᠠᠶᠢᠨ᠎ᠠ᠃
 
ᠢᠷᠡᠯᠲᠡ᠄ ᠣᠷᠳᠤᠰ ᠬᠤᠲᠠ ᠶᠢᠨ ᠰᠣᠶᠣᠯ ᠵᠢᠭᠤᠯᠴᠢᠯᠠᠯ ᠤᠨ ᠲᠤᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号