| ᠪᠣᠣ ᠭᠠᠩ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠵᠦ ᠾᠧ ᠬᠠᠢ ᠳ᠋ᠦᠩ ᠯᠢ ᠵᠢᠶᠦ᠋ᠩ ᠼᠦᠢ | ᠵᠧᠨ ᠦ᠋ ᠣᠷᠣᠯᠴᠠᠪᠠ ︵ᠰᠤᠷᠪᠤᠯᠵᠢᠯᠠᠭᠴᠢ ᠶᠦᠨ ᠵᠢᠩ ᠭᠧᠩ ᠰᠢᠨ︶ 12 ᠳ᠋ᠤᠭᠠᠷ ᠰᠠᠷ᠎ᠠ ᠶᠢᠨ 7 ᠠᠴᠠ 8 ᠤ | ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠣᠷᠣᠨ ᠤ ᠲᠥᠪ ᠬᠤᠲᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠲᠤᠰᠬᠠᠢ ᠰᠡᠳᠦᠪᠲᠦ | ᠪᠣᠯᠪᠠᠰᠤᠷᠠᠯ ᠤᠨ ᠠᠩᠭᠢ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ 2024 ᠣᠨ ᠤ | ᠠᠷᠪᠠᠨ ᠵᠢᠷᠭᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠶᠠᠪᠤᠭᠳᠠᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ | ᠭᠠᠩ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠪᠡ᠃ ᠪᠣᠣ ᠭᠠᠩ ᠨᠠᠮ ᠤᠨ ᠬᠤᠷᠢᠳᠤᠭᠠᠷ ᠶᠡᠭᠡ | ᠬᠤᠷᠠᠯ ᠤᠨ ᠳᠠᠷᠠᠭᠠᠬᠢ ᠠᠯᠢ ᠤᠯᠠᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠭᠤᠣᠯ ᠠᠭᠤᠯᠭ᠎ᠠ ᠶᠢ | ᠰᠢᠰᠲ᠋ᠧᠮ ᠲᠠᠢ ᠡᠮᠬᠢᠯᠡᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠤᠭᠴᠠᠯᠠᠬᠤ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠠᠬᠢᠭᠤᠯᠬᠤ᠂ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ᠂ ᠳᠣᠲᠣᠭᠠᠳᠤ ᠭᠠᠳᠠᠭᠠᠳᠤ ᠶᠢᠨ | ᠨᠡᠬᠡᠬᠡᠯᠳᠡ ᠶᠢ ᠦᠷᠭᠡᠳᠭᠡᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠰᠣᠶᠣᠯ ᠵᠢᠭᠤᠯᠴᠢᠯᠠᠯ ᠢ | ᠠᠭᠤᠰᠤᠯᠴᠠᠭᠤᠯᠤᠨ ᠬᠥᠭᠵᠢᠭᠦᠯᠬᠦ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠥᠭᠡᠷᠡᠴᠢᠯᠡᠯᠲᠡ ᠶᠢ | ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠡᠷᠭᠡ ᠠᠷᠪᠠᠨ ᠲᠠᠯ᠎ᠠ ᠶᠢᠨ ᠲᠣᠭᠤᠷᠢᠨ ᠳᠤ᠂ ᠤᠯᠠᠨ ᠢ | ᠳᠠᠭᠠᠭᠤᠯᠤᠨ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ | ᠣᠶᠢᠯᠠᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠢ ᠲᠤᠭᠤᠰᠢᠯᠠᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ | ᠦᠷᠭᠦᠯᠵᠢᠯᠡᠨ ᠪᠤᠲᠠᠲᠠᠶᠢᠵᠢᠭᠤᠯᠤᠨ ᠨᠠᠶᠢᠳᠠᠪᠤᠷᠢᠵᠢᠭᠤᠯᠵᠤ ᠶᠢ ᠠᠬᠢᠭᠤᠯᠵᠤ᠂ ︽ᠬᠤᠶᠠᠷ ᠢ ᠲᠤᠭᠲᠠᠭᠠᠭᠰᠠᠨ︾ ᠢ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠣᠳᠠᠲᠤ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ | ᠭᠡᠵᠦ ᠱᠠᠭᠠᠷᠳᠠᠪᠠ᠃ ᠪᠣᠣ ᠭᠠᠩ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠰᠡᠳᠬᠢᠴᠡ ᠠᠷᠭ᠎ᠠ ᠬᠡᠮᠵᠢᠶ᠎ᠡ ᠶᠢ ᠡᠮᠬᠢᠯᠡᠵᠦ ᠬᠤᠷᠢᠶᠠᠩᠭᠤᠶᠢᠯᠠᠪᠠ᠃ ᠲᠡᠷᠡ ᠬᠡᠯᠡᠬᠦ ᠳᠡᠭᠡᠨ᠂ ᠣᠶᠢᠷ᠎ᠠ ᠶᠢᠨ ᠵᠢᠯ ᠤᠨ | ᠲᠤᠷᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ | ᠲᠥᠪ ᠬᠤᠷᠢᠶ᠎ᠠ ᠠᠴᠠ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ | ᠪᠠᠲᠤ ᠡᠵᠡᠮᠳᠡᠵᠦ᠂ ᠠᠯᠢ ᠣᠯᠠᠨ ᠥᠪᠥᠷ ᠮᠣᠩᠭᠤᠯ ᠤᠨ ᠠᠯᠤᠰ ᠬᠡᠲᠦ ᠶᠢᠨ ᠬᠥᠭᠵᠢᠯᠲᠡ ᠳᠤ ᠬᠤᠯᠪᠣᠭᠳᠠᠬᠤ | ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠶ ᠲᠥᠯᠥᠪᠵᠢᠭᠦᠯᠬᠦ ᠶᠢᠨ ᠬᠠᠮᠲᠤ ᠡᠷᠴᠢᠮᠲᠡᠢ ᠠᠬᠢᠭᠤᠯᠵᠤ᠂ | ᠭᠤᠤᠯᠳᠠᠭᠤ ︽ᠨᠢᠭᠡ ᠭᠤᠤᠯ ᠱᠤᠭᠤᠮ︾ ᠳᠤ ᠠᠩᠬᠠᠷᠤᠯ ᠢᠶᠠᠨ ᠲᠥᠪᠯᠡᠷᠡᠭᠦᠯᠦᠨ᠂ ︽ᠬᠤᠶᠠᠷ ᠶᠡᠭᠡ ᠶᠠᠪᠤᠳᠠᠯ︾ ᠢ | ᠲᠣᠳᠣᠷᠬᠠᠶᠢᠯᠠᠵᠤ᠂ ᠠᠵᠤ ᠠᠬᠤᠶ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ | ᠤᠬᠠᠮᠰᠠᠷ ᠢᠶᠠᠨ ᠳᠡᠭᠡᠭᠰᠢᠯᠡᠭᠦᠯᠵᠦ᠂ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠶᠢ ᠥᠷᠨᠢᠭᠦᠯᠵᠦ᠂ ︽ᠵᠢᠷᠭᠤᠭᠠᠨ | ᠢᠨᠵᠧᠨᠧᠷᠢᠩ︾ ᠢ ᠬᠡᠷᠡᠭᠵᠢᠭᠦᠯᠵᠦ᠂ ︽ᠳᠤᠯᠤᠭ᠎ᠠ ᠶᠢ ᠲᠠᠶᠠᠭᠳᠠᠬᠤ︾ ᠶᠢ ᠳᠤᠷᠠᠳᠴᠤ᠂ ︽ᠤᠮᠠᠷᠠᠲᠤ ᠬᠢᠯᠢ ᠶᠢᠨ | ᠰᠣᠶᠣᠯ︾ ᠤᠨ ᠨᠠᠷᠠᠲᠤ ᠲᠡᠮᠳᠡᠭ ᠢ ᠡᠭᠦᠳᠴᠦ᠂ ︽ᠲᠥᠪ ᠬᠤᠲᠠ ᠶᠢ ᠬᠦᠴᠦᠷᠬᠡᠭᠵᠢᠭᠦᠯᠬᠦ︾ ᠢᠨᠵᠧᠨᠧᠷᠢᠩ ᠢ | ᠬᠡᠷᠡᠭᠵᠢᠭᠦᠯᠵᠦ᠂ ᠵᠥᠪ ᠲᠠᠯ᠎ᠠ ᠶᠢᠨ ᠳᠦᠷᠢ ᠲᠥᠷᠬᠦ ᠶᠢ ᠢᠳᠡᠪᠬᠢᠲᠡᠶ ᠪᠣᠶ ᠪᠣᠯᠭᠠᠬᠤ ᠵᠡᠷᠭᠡ ᠠᠷᠪᠠᠨ ᠲᠠᠯ᠎ᠠ ᠳᠤ ᠪᠢᠳᠡ | ᠡᠷᠬᠡᠪᠰᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠨᠡᠭᠡᠭᠡᠵᠦ᠂ | ᠳᠤᠮᠳᠠᠳᠤ ᠤᠷᠤᠰᠬᠠᠯ ᠳᠤ ᠣᠷᠣᠬᠤ︾ ᠳᠤ ᠨᠠᠩ ᠣᠯᠠᠨ ᠤᠷᠤᠨ ᠤ ᠲᠥᠪ ᠬᠤᠲᠠ ᠶᠢᠨ ᠬᠦᠴᠦᠨ ᠴᠢᠳᠠᠯ ᠢᠶᠠᠨ | ᠡᠷᠭᠦᠬᠦ ᠬᠡᠷᠡᠭᠲᠡᠶ ᠭᠡᠵᠡᠶ᠃ ᠪᠣᠣ ᠭᠠᠩ ᠬᠡᠯᠡᠬᠦ ᠳᠡᠭᠡᠨ᠂ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠭᠠᠰᠢ᠂ ᠪᠦᠬᠦ ᠬᠤᠳᠠ ᠪᠠᠷ ᠢᠶᠠᠨ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠵᠣᠷᠢᠭᠲᠠᠢ ᠪᠠᠷ ᠥᠭᠡᠷᠡᠴᠢᠯᠡᠯᠲᠡ ᠬᠢᠵᠦ᠂ ᠬᠦᠴᠢᠷ ᠢ ᠲᠤᠭᠤᠯᠤᠨ ᠪᠡᠷᠬᠡ ᠶᠢ | ᠳᠠᠪᠠᠵᠤ᠂ ᠣᠷᠣᠨ ᠤ ᠲᠥᠪ ᠬᠤᠲᠠ ᠶᠢᠨ ᠠᠯᠤᠰ ᠬᠡᠳᠤ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠯᠢ ᠤᠯᠠᠨ | ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠨᠢᠭᠡ ᠳᠤ᠂ ᠬᠠᠷᠠᠯᠲᠠ ᠶᠢᠨ ᠪᠠᠶᠢᠷᠢ ᠲᠣᠭᠲᠠᠭᠠᠯᠲᠠ ᠶᠢᠨ | ᠠᠰᠠᠭᠤᠳᠠᠯ ᠢ ᠰᠢᠢᠳᠪᠦᠷᠢᠯᠡᠵᠦ᠂ ︽ᠭᠤᠷᠪᠠᠨ ᠬᠤᠲᠠ︾ ᠶᠢ ᠴᠢᠷᠮᠠᠶᠢᠨ ᠡᠭᠦᠳᠬᠦ᠂ ︽ᠵᠢᠷᠭᠤᠭᠠᠨ ᠶᠡᠭᠡ ᠠᠵᠤ | ᠦᠢᠯᠡᠰ ᠤᠨ ᠪᠥᠭᠡᠮᠨᠡᠷᠡᠯ︾ ᠢ ᠪᠤᠶᠢᠵᠢᠭᠤᠯᠬᠤ᠂ ︽ᠳᠥᠷᠪᠡᠨ ᠶᠡᠭᠡ ᠠᠵᠤ ᠠᠬᠤᠶ ᠶᠢᠨ ᠴᠠᠭᠠᠷᠢᠭ︾ ᠢ ᠠᠬᠢᠭᠤᠯᠤᠨ | ᠠᠭᠤᠰᠤᠯᠴᠠᠭᠤᠯᠬᠤ᠂ ︽ᠲᠠᠪᠤᠨ ᠲᠣᠬᠢᠷᠠᠮᠵᠢᠲᠠᠶ︾ ᠬᠤᠲᠠ ᠶᠢ ᠪᠥᠲᠥᠭᠡᠨ ᠪᠠᠶᠢᠭᠤᠯᠬᠤ᠂ ︽ᠵᠢᠷᠭᠤᠭᠠᠨ ᠣᠷᠣᠨ | ᠪᠦᠰᠡ ᠶᠢᠨ ᠲᠥᠪ︾ ᠢ ᠴᠣᠭᠴᠠᠯᠠᠬᠤ ᠶᠡᠷᠦᠩᠬᠡᠶ ᠰᠡᠳᠬᠢᠮᠵᠢ ᠶᠢ ᠲᠣᠳᠣᠷᠬᠠᠶ ᠲᠣᠭᠲᠠᠭᠠᠪᠠ᠃ ᠬᠤᠶᠠᠷ ᠲᠤ᠂ | ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢᠨ ᠠᠰᠠᠭᠤᠳᠠᠯ ᠢ ᠰᠢᠢᠳᠪᠦᠷᠢᠯᠡᠵᠦ᠂ ︽ᠨᠢᠭᠡ ᠭᠤᠣᠯ ᠨᠢᠭᠡ ᠳᠡᠳ᠋᠂ | ᠨᠢᠭᠡ ᠲᠦᠪ ᠬᠤᠶᠠᠷ ᠵᠢᠭᠦᠷ︾ ᠤᠨ ᠬᠤᠳᠠ ᠶᠢᠨ ᠣᠷᠣᠨ ᠵᠠᠢ ᠶᠢᠨ ᠪᠠᠶᠢᠷᠢᠰᠢᠭᠤᠯᠤᠯᠲᠠ᠂ ︽ᠨᠢᠭᠡ ᠬᠥᠨᠳᠡᠯᠡᠨ | ᠬᠤᠶᠠᠷ ᠭᠤᠯᠳᠤ ᠳᠦᠷᠪᠡᠨ ᠲᠣᠭᠤᠷᠢᠯ ᠭᠤᠷᠪᠠᠨ ᠬᠦᠢᠰᠦ ᠠᠷᠪᠠᠨ ᠬᠤᠶᠠᠷ ᠰᠠᠴᠤᠷᠠᠭ︾ ᠶᠢᠨ ᠪᠣᠰᠤᠭ᠎ᠠ ᠴᠣᠭᠴᠠᠲᠤ | ᠵᠠᠮ ᠬᠠᠷᠢᠯᠴᠠᠭᠠᠨ ᠤ ᠪᠠᠶᠢᠷᠢᠰᠢᠭᠤᠯᠤᠯᠲᠠ᠂ ︽ᠬᠤᠶᠠᠷ ᠬᠠᠯᠬᠠᠪᠴᠢ ᠲᠦᠷᠪᠡᠨ ᠪᠦᠰᠡ ᠤᠯᠠᠨ ᠴᠡᠭ︾ ᠤᠨ ᠠᠮᠢ | ᠠᠬᠤᠢ ᠶᠢᠨ ᠣᠷᠣᠨ ᠵᠠᠢ ᠶᠢᠨ ᠪᠠᠶᠢᠷᠢᠰᠢᠭᠤᠯᠤᠯᠲᠠ᠂ ︽ᠨᠢᠭᠡ ᠬᠤᠩᠬᠢᠯ ᠬᠤᠶᠠᠷ ᠲᠡᠩᠭᠡᠯᠢᠭ ᠲᠠᠪᠤᠨ ᠪᠦᠰᠡ︾ ᠶᠢᠨ | ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠭᠤᠯᠤᠯᠲᠠ᠂ ︽ᠨᠢᠭᠡ ᠲᠤᠭᠤᠷᠢᠭ ᠨᠢᠭᠡ ᠬᠦᠷᠢᠶᠡᠯᠡᠩ ᠤᠯᠠᠨ | ᠲᠠᠪᠴᠠᠩ︾ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠷᠢᠰᠢᠭᠤᠯᠤᠯᠲᠠ᠂ ︽ᠭᠤᠷᠪᠠᠨ | ᠲᠣᠭᠤᠷᠢᠭ ᠭᠤᠷᠪᠠᠨ ᠭᠠᠷᠠᠮ ᠨᠠᠢᠮᠠᠨ ᠲᠠᠯᠠᠪᠤᠷ︾ ᠤᠨ ᠭᠠᠳᠠᠭᠠᠳᠤ ᠨᠡᠭᠡᠭᠡᠯᠲᠡ ᠶᠢᠨ ᠪᠠᠶᠢᠷᠢᠰᠢᠭᠤᠯᠤᠯᠲᠠ ᠵᠡᠷᠭᠡ ᠶᠢ | ᠲᠡᠭᠦᠯᠳᠡᠷᠵᠢᠭᠦᠯᠪᠡ᠃ ᠭᠤᠷᠪᠠ ᠳᠤ᠂ ᠠᠵᠤ ᠦᠢᠯᠡᠰ ᠤᠨ ᠬᠥᠭᠵᠢᠯᠲᠡ ᠶᠢᠨ ᠠᠰᠠᠭᠤᠳᠠᠯ ᠢ ᠰᠢᠢᠳᠪᠦᠷᠢᠯᠡᠵᠦ᠂ ᠠᠵᠤ | ᠦᠢᠯᠡᠳᠪᠦᠷᠢ ᠶᠢᠨ ᠠᠵᠤ ᠠᠬᠤᠢ᠂ ᠪᠣᠳᠠᠲᠤ ᠴᠣᠭᠴᠠ ᠶᠢᠨ ᠠᠵᠤ ᠠᠬᠤᠢ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢ ᠶᠡᠬᠡᠪᠡᠷ ᠠᠳᠬᠤᠬᠤ ᠶᠢ ᠭᠤᠶᠢᠪᠢᠰᠢ ᠦᠭᠡᠢ ᠪᠠᠷᠢᠮᠲᠠᠯᠠᠵᠤ᠂ 3 ᠵᠢᠯ ᠳᠠᠷᠠᠭᠠᠯᠠᠨ ᠭᠤᠣᠯᠳᠠᠯᠭ᠎ᠠ ᠲᠠᠢ | ᠲᠦᠷᠦᠯ ᠵᠦᠢᠯ ᠤᠨ ︽ᠬᠤᠣᠰ ᠨᠢᠭᠡ ᠮᠢᠩᠭ᠎ᠠ︾ ᠶᠢᠨ ᠢᠨᠵᠧᠨᠧᠷᠢᠩ ᠢ ᠬᠡᠷᠡᠭᠵᠢᠭᠦᠯᠵᠦ᠂ ᠤᠯᠠᠮᠵᠢᠯᠠᠯᠲᠤ ᠠᠵᠤ | ᠦᠢᠯᠡᠰ ᠢ ᠲᠡᠰ ᠳᠡᠪᠰᠢᠭᠦᠯᠦᠨ ᠥᠭᠡᠷᠡᠴᠢᠯᠡᠵᠦ᠂ ᠰᠢᠨ᠎ᠡ ᠪᠠᠷ ᠭᠦᠭᠵᠢᠭᠰᠡᠨ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠵᠤ᠂ ᠬᠢᠮᠡᠯ ᠤᠶᠤᠨ᠂ ᠨᠡᠶᠢᠯᠡᠯᠭᠡ ᠠᠮᠢᠳᠤ ᠪᠣᠳᠠᠰ᠂ ᠳᠣᠣᠷ᠎ᠠ ᠤᠭᠲᠠᠷᠭᠤᠢ ᠶᠢᠨ ᠠᠵᠤ ᠠᠬᠤᠢ᠂ | ᠳᠣᠬᠢᠭᠤᠷ ᠳᠣᠯᠣᠭᠠᠨ ᠣᠳᠣᠨ ᠵᠠᠮᠴᠢᠯᠠᠭᠤᠷ᠂ ᠬᠤᠳᠠᠯᠳᠤᠭᠠᠨ ᠤ ᠰᠠᠨᠰᠠᠷ ᠤᠨ ᠠᠶᠠᠯᠠᠯ ᠵᠡᠷᠭᠡ ᠢᠷᠡᠭᠡᠳᠦᠢ ᠶᠢᠨ ᠠᠵᠤ | ᠦᠢᠯᠡᠰ ᠢ ᠤᠷᠢᠳᠴᠢᠯᠠᠨ ᠪᠠᠶᠢᠷᠢᠰᠢᠭᠤᠯᠵᠤ᠂ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ | ᠠᠬᠢᠭᠤᠯᠵᠤ᠂ ᠣᠷᠣᠨ ᠤ ᠲᠥᠪ ᠬᠤᠲᠠ ᠶᠢᠨ ᠣᠨᠴᠠᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠪᠠ᠃ ᠲᠦᠷᠪᠡ ᠳᠤ᠂ ᠬᠥᠮᠦᠨ ᠠᠮᠠ ᠶᠢ ᠲᠥᠪᠯᠡᠷᠡᠭᠦᠯᠬᠦ ᠠᠰᠠᠭᠤᠳᠠᠯ ᠢ | ᠰᠢᠢᠳᠪᠦᠷᠢᠯᠡᠵᠦ᠂ ᠤᠳᠤ ᠦᠶ᠎ᠡ ᠶᠢᠨ ᠠᠵᠤ ᠦᠢᠯᠡᠰ ᠲᠤ ᠲᠦᠰᠢᠭᠯᠡᠨ ᠬᠥᠮᠦᠨ ᠢ ᠲᠥᠪᠯᠡᠷᠡᠭᠦᠯᠬᠦ᠂ ᠰᠤᠷᠭᠠᠨ | ᠬᠥᠮᠦᠵᠢᠯ ᠡᠮᠴᠢᠯᠡᠭᠡ ᠳᠤ ᠲᠦᠰᠢᠭᠯᠡᠨ ᠬᠥᠮᠦᠨ ᠢ ᠲᠥᠪᠯᠡᠷᠡᠭᠦᠯᠬᠦ᠂ ᠣᠷᠣᠰᠢᠨ ᠰᠠᠭᠤᠬᠤ ᠳᠤ ᠲᠣᠬᠢᠷᠠᠮᠵᠢᠲᠠᠢ | ᠣᠷᠴᠢᠨ ᠲᠣᠭᠤᠷᠢᠨ ᠳᠤ ᠲᠦᠰᠢᠭᠯᠡᠨ ᠬᠥᠮᠦᠨ ᠢ ᠲᠥᠪᠯᠡᠷᠡᠭᠦᠯᠬᠦ ᠶᠢ ᠪᠠᠷᠢᠮᠲᠠᠯᠠᠵᠤ᠂ ᠬᠥᠮᠦᠨ ᠠᠮᠠ ᠶᠢᠨ ᠲᠠᠲᠠᠬᠤ | ᠬᠦᠴᠦᠨ ᠢ ᠦᠷᠭᠦᠯᠵᠢᠯᠡᠨ ᠳᠡᠭᠡᠭᠰᠢᠯᠡᠭᠦᠯᠪᠡ᠃ ᠲᠠᠪᠤ ᠳᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ | ᠰᠢᠢᠳᠪᠦᠷᠢᠯᠡᠵᠦ᠂ ᠡᠬᠢ ᠪᠠᠶᠠᠯᠢᠭ ᠠᠰᠢᠭᠯᠠᠭᠳᠠᠭ᠎ᠠ ᠦᠭᠡᠢ᠂ ᠬᠤᠳᠠ ᠶᠢᠨ ᠵᠠᠮ ᠨᠡᠪᠲᠡᠷᠡᠯᠭᠡ ᠶᠢᠨ ᠲᠣᠣᠷ ᠤᠨ | ᠨᠢᠭᠲᠠᠴᠠ ᠳᠣᠣᠷ᠎ᠠ᠂ ᠵᠠᠩᠭᠢᠯᠠᠭ᠎ᠠ ᠶᠢᠨ ᠴᠡᠭ ᠲᠤ ᠵᠦᠷᠢᠯᠢᠭ ᠲᠥᠬᠦᠭᠡᠷᠦᠮᠵᠢ ᠳᠤᠲᠠᠮᠠᠭ᠂ ︽ᠮᠤᠬᠤᠷ ᠵᠠᠮ︾ ᠤᠯᠠᠨ | ᠵᠢᠴᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠲᠦᠪᠰᠢᠨ ᠳᠣᠣᠷ᠎ᠠ᠂ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠦᠢᠯᠡᠰ ᠤᠯᠠᠨ ᠵᠡᠷᠭᠡ ᠲᠠᠯ᠎ᠠ ᠶᠢᠨ ᠠᠰᠠᠭᠤᠳᠠᠯ ᠳᠤ ᠴᠢᠭᠯᠡᠭᠦᠯᠦᠨ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠠᠵᠢᠯᠯᠠᠵᠤ᠂ ᠨᠢᠭᠡ ᠪᠦᠯᠦᠭ ᠤᠯᠠᠨ | ᠲᠦᠮᠡᠨ ᠳᠤ ᠠᠰᠢᠭ ᠬᠦᠷᠲᠡᠭᠡᠬᠦ ᠶᠠᠪᠤᠳᠠᠯ ᠢ ᠦᠨᠡᠨ ᠪᠣᠳᠠᠲᠠᠢ ᠪᠡᠶᠡᠯᠡᠭᠦᠯᠪᠡ᠃ ᠵᠢᠷᠭᠤᠭ᠎ᠠ ᠳᠤ᠂ ᠺᠠᠳ᠋ᠷ ᠤᠨ | ᠡᠩᠨᠡᠭᠡᠨ ᠤ ᠠᠰᠠᠭᠤᠳᠠᠯ ᠢ ᠰᠢᠢᠳᠪᠦᠷᠢᠯᠡᠵᠦ᠂ ᠺᠠᠳ᠋ᠷ ᠤᠨ ᠲᠠᠪᠰᠢᠵᠤ ᠪᠠᠭᠤᠵᠤ ᠪᠦᠷ ᠪᠣᠯᠬᠤ ᠪᠠᠶᠢᠩᠭᠤᠵᠢᠭᠰᠠᠨ | ᠲᠣᠭᠲᠠᠴᠠ ᠶᠢ ᠪᠠᠶᠢᠭᠤᠯᠵᠤ᠂ ︽ᠭᠤᠷᠪᠠ ᠶᠢ ᠢᠯᠭᠠᠬᠤ︾ ᠶᠢ ᠨᠠᠶᠢᠳᠠᠪᠤᠷᠢᠵᠢᠭᠤᠯᠵᠤ᠂ ᠢᠯᠡ ᠲᠣᠳᠣ | ᠤᠳᠤᠷᠢᠳᠤᠮᠵᠢ ᠪᠠᠷ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠮᠠᠰᠢᠭᠤᠯᠤᠨ | ᠵᠤᠷᠢᠭᠵᠢᠭᠤᠯᠪᠠ ᠭᠡᠵᠡᠢ᠃ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠳᠠᠭᠤᠰᠤᠭᠰᠠᠨ ᠤ ᠲᠠᠷᠠᠭ᠎ᠠ᠂ ᠾᠧ | ᠬᠠᠢ ᠳ᠋ᠦᠩ᠂ ᠯᠢ ᠵᠢᠶᠦ᠋ᠩ᠂ ᠼᠦᠢ ᠵᠧᠨ ᠡᠦ᠂ ᠰᠦᠨ ᠬᠤᠤ ᠬᠤᠳᠠ ᠶᠢᠨ ᠲᠦᠷᠪᠡᠨ ᠶᠡᠭᠡ ᠪᠠᠭ ᠢ ᠲᠥᠯᠥᠭᠡᠯᠡᠨ | ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠡᠳᠬᠢᠴᠡ ᠠᠷᠭ᠎ᠠ ᠬᠡᠮᠵᠢᠶ᠎ᠡ ᠶᠢ ᠬᠠᠷᠢᠭᠤ | ᠮᠡᠳᠡᠭᠦᠯᠪᠡ᠃ ᠪᠣᠣ ᠭᠠᠩ ᠴᠢᠬᠤᠯᠠᠴᠢᠯᠠᠬᠤ ᠳᠠᠭᠠᠨ᠂ ᠣᠷᠣᠨ ᠤ ᠲᠥᠪ ᠬᠤᠲᠠ ᠶᠢᠨ ᠡᠯ᠎ᠡ ᠵᠦᠢᠯ ᠤᠨ ᠠᠵᠢᠯ | ᠦᠢᠯᠡᠰ ᠪᠣᠯ ᠥᠭᠡᠷᠡᠴᠢᠯᠡᠯᠲᠡ ᠶᠢᠨ ᠳᠤᠮᠳᠠ ᠲᠠᠰᠤᠷᠠᠯᠲᠠ ᠦᠭᠡᠢ ᠠᠬᠢᠳᠠᠭ᠂ ᠥᠭᠡᠷᠡᠴᠢᠯᠡᠯᠲᠡ ᠶᠢᠨ ᠤᠬᠠᠮᠰᠠᠷ ᠢᠶᠠᠨ | ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ ᠢ ᠦᠷᠭᠦᠯᠵᠢᠯᠡᠨ | ᠰᠢᠢᠳᠪᠦᠷᠢᠯᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠠᠷ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠭᠰᠠᠨ ᠣᠷᠣᠨ ᠤ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ | ᠃ ᠰᠢᠰᠲ᠋ᠧᠮ ᠲᠠᠢ ᠪᠠᠷ ᠥᠭᠡᠷᠡᠴᠢᠯᠡᠯᠲᠡ ᠶᠢ ᠰᠦᠪᠡᠭᠴᠢᠯᠡᠬᠦ ᠶᠢ ᠪᠠᠷᠢᠮᠲᠠᠯᠠᠵᠤ᠂ ᠣᠷᠣᠨ ᠤ ᠲᠥᠪ ᠬᠤᠲᠠ ᠶᠢᠨ | ᠢᠷᠡᠭᠡᠳᠦᠢ ᠶᠢᠨ ᠬᠥᠭᠵᠢᠯᠲᠡ ᠶᠢ ᠪᠣᠳᠣᠯᠬᠢᠯᠠᠵᠤ᠂ ᠥᠭᠡᠷᠡᠴᠢᠯᠡᠯᠲᠡ ᠶᠢᠨ ᠲᠥᠯᠦᠪᠵᠢᠭᠦᠯᠭᠡ ᠶᠢᠨ ᠪᠠᠷᠠᠭᠠᠯᠬᠢᠯᠠᠯᠲᠤ | ᠴᠢᠨᠠᠷ᠂ ᠵᠣᠬᠢᠴᠠᠩᠭᠤᠢ ᠴᠢᠨᠠᠷ᠂ ᠪᠦᠬᠦᠯᠢ ᠴᠣᠭᠴᠠᠲᠤ ᠴᠢᠨᠠᠷ᠂ ︽ᠠᠷᠪᠠᠨ ᠬᠤᠷᠤᠭᠤ ᠪᠠᠷ ᠲᠡᠭᠦᠯᠳᠡᠷ ᠬᠤᠭᠤᠷ | ᠳᠠᠷᠤᠬᠤ︾ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠬᠡᠷᠡᠭᠲᠡᠢ᠃ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠥᠭᠡᠷᠡᠴᠢᠯᠡᠯᠲᠡ ᠶᠢ | ᠠᠬᠢᠭᠤᠯᠬᠤ ᠶᠢ ᠪᠠᠷᠢᠮᠲᠠᠯᠠᠵᠤ᠂ ᠠᠵᠢᠯ ᠤᠨ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠦᠨ ︽ᠬᠤᠶᠠᠷ ᠶᠡᠭᠡ | ᠶᠠᠪᠤᠳᠠᠯ︾ ᠢ ᠰᠠᠶᠢᠲᠤᠷ ᠬᠢᠵᠦ᠂ ᠰᠢᠨ᠎ᠡ ᠶᠢ ᠡᠭᠦᠳᠬᠦ ᠤᠬᠠᠮᠰᠠᠷ ᠢᠶᠠᠨ ᠬᠦᠴᠦᠯᠡᠨ ᠳᠡᠭᠡᠭᠰᠢᠯᠡᠭᠦᠯᠵᠦ᠂ ᠲᠦᠷᠢᠮ ᠤᠨ | ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠰᠢᠨ᠎ᠡ ᠶᠢ ᠡᠭᠦᠳᠬᠦ ᠣᠷᠴᠢᠨ ᠲᠣᠭᠤᠷᠢᠨ ᠢ ᠢᠳᠡᠪᠬᠢᠲᠡᠢ ᠪᠤᠢ | ᠪᠣᠯᠭᠠᠬᠤ ᠬᠡᠷᠡᠭᠲᠡᠢ᠃ ᠬᠦᠴᠢᠷ ᠢ ᠲᠤᠭᠤᠯᠤᠨ ᠪᠡᠷᠬᠡ ᠶᠢ ᠳᠠᠪᠠᠵᠤ ᠥᠭᠡᠷᠡᠴᠢᠯᠡᠯᠲᠡ ᠶᠢ ᠠᠬᠢᠭᠤᠯᠬᠤ ᠶᠢ ᠪᠠᠷᠢᠮᠲᠠᠯᠠᠵᠤ | ᠂ ︽ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ︾ ᠭᠡᠬᠦ ᠤᠬᠠᠮᠰᠠᠷ ᠢ | ᠴᠢᠩᠭᠠᠳᠬᠠᠵᠤ᠂ ︽ᠬᠠᠭᠤᠴᠢᠨ ᠲᠠᠩᠰᠠ︾ ᠶᠢ ᠲᠣᠳᠣᠷᠬᠠᠶ ᠪᠣᠯᠭᠠᠬᠤ᠂ ︽ᠰᠢᠨ᠎ᠡ ᠲᠠᠩᠰᠠ︾ ᠦᠯᠡᠳᠡᠭᠡᠬᠦ ᠦᠭᠡᠢ | ᠬᠠᠷᠢᠭᠤᠴᠠᠯᠭ᠎ᠠ ᠲᠠᠢ ᠪᠠᠶᠢᠵᠦ᠂ ᠠᠵᠤ ᠦᠢᠯᠡᠰ ᠤᠨ ᠪᠠᠶᠢᠷᠢᠰᠢᠭᠤᠯᠤᠯᠲᠠ᠂ ᠰᠣᠶᠣᠯ ᠵᠢᠭᠤᠯᠴᠢᠯᠠᠯ ᠤᠨ ᠠᠭᠤᠰᠤᠯᠴᠠᠯ | ᠂ ᠭᠠᠳᠠᠭᠠᠳᠤ ᠨᠡᠬᠡᠬᠡᠯᠳᠡ ᠵᠡᠷᠭᠡ ᠬᠦᠷᠢᠶᠡᠨ ᠤ ᠲᠦᠭᠵᠢᠷᠡᠯ ᠤᠨ ᠴᠡᠭ ᠵᠢᠴᠢ ᠵᠠᠬ᠎ᠠ ᠳᠡᠯᠭᠡᠭᠦᠷᠴᠢᠯᠡᠭᠰᠡᠨ | ᠥᠷᠢᠰᠥᠯᠳᠦᠭᠡᠨ ᠢ ᠨᠥᠯᠥᠭᠡᠯᠡᠬᠦ᠂ ᠬᠥᠮᠦᠨ ᠠᠮᠠ ᠶᠢ ᠲᠥᠪᠯᠡᠷᠡᠭᠦᠯᠬᠦ ᠶᠢ ᠬᠢᠵᠠᠭᠠᠷᠯᠠᠬᠤ᠂ ᠬᠤᠳᠠ ᠶᠢᠨ ᠬᠠᠮᠢᠶᠠᠷᠤᠯᠲᠠ | ᠵᠡᠷᠭᠡ ᠲᠠᠯ᠎ᠠ ᠶᠢᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠥᠭᠡᠷᠡᠴᠢᠯᠡᠯᠲᠡ ᠶᠢᠨ ᠪᠣᠳᠠᠲᠤ ᠦᠷ᠎ᠡ | ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ ᠪᠠᠶᠢᠭᠠᠳ | ᠥᠭᠡᠷᠡᠴᠢᠯᠡᠯᠲᠡ ᠶᠢ ᠠᠳᠬᠤᠬᠤ ᠶᠢ ᠪᠠᠷᠢᠮᠲᠠᠯᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠥᠭᠡᠷᠡᠴᠢᠯᠡᠯᠲᠡ ᠶᠢ | ᠴᠢᠩᠭ᠎ᠠ ᠠᠳᠬᠤᠵᠤ᠂ ᠡᠩ ᠤᠨ ᠠᠵᠢᠯ ᠢ ᠥᠭᠡᠷᠡᠴᠢᠯᠡᠯᠲᠡ ᠶᠢᠨ ᠠᠵᠢᠯ ᠲᠠᠢ ᠠᠳᠠᠯᠢ ᠪᠠᠷ ᠦᠵᠡᠬᠦ ᠦᠭᠡᠢ ᠪᠠᠶᠢᠵᠤ᠂ | ᠬᠡᠯᠪᠡᠷᠢᠴᠢ ᠦᠵᠡᠯ ᠪᠠ ᠬᠠᠭᠤᠷᠮᠠᠭ ᠥᠭᠡᠷᠡᠴᠢᠯᠡᠯᠲᠡ ᠬᠢᠬᠦ ᠦᠭᠡᠢ ᠪᠠᠶᠢᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ | ᠡᠭᠦᠷᠭᠡ ᠶᠢ ᠦᠨᠡᠨ ᠬᠦ ᠪᠡᠶᠡᠯᠡᠭᠦᠯᠵᠦ᠂ ᠪᠣᠳᠠᠲᠤ ᠠᠮᠵᠢᠯᠲᠠ ᠪᠠ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠪᠠᠷ | ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠰᠢᠯᠭᠠᠬᠤ ᠬᠡᠷᠡᠭᠲᠡᠢ ᠭᠡᠪᠡ᠃ ᠪᠦᠬᠦ ᠬᠤᠳᠠ ᠶᠢᠨ ᠳᠡᠳ᠋ ᠲᠢᠩᠬᠢᠮ ᠤᠨ | ᠲᠡᠰ ᠠᠴᠠ ᠳᠡᠭᠡᠭᠰᠢᠬᠢ ᠤᠳᠤᠷᠢᠳᠬᠤ ᠨᠥᠬᠦᠳ᠂ ᠬᠤᠳᠠ ᠶᠢᠨ ᠡᠯ᠎ᠡ ᠰᠠᠯᠠᠭ᠎ᠠ ᠮᠥᠴᠢᠷ᠂ ᠨᠢᠭᠡᠴᠢ ᠶᠢᠨ ᠭᠤᠣᠯ | ᠬᠠᠷᠢᠭᠤᠴᠠᠯᠭᠠᠲᠠᠨ ᠭᠤᠣᠯ ᠬᠤᠷᠠᠯ ᠤᠨ ᠲᠠᠯᠠᠪᠠᠶ ᠳᠤ ᠰᠤᠷᠤᠯᠴᠠᠯᠭ᠎ᠠ ᠳᠤ ᠣᠷᠣᠯᠴᠠᠪᠠ᠃ ᠡᠯ᠎ᠡ ᠬᠤᠰᠢᠭᠤ ᠰᠢᠶᠠᠨ | ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ | ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ | | | | | | | | | | | | ᠁ |