ᠰᠢ ᠶᠢᠨ ᠫᠢᠩ 37 ᠳ᠋ᠤᠭᠠᠷ ᠬᠤᠭᠤᠴᠠᠭᠠᠨ ᠤ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠲᠥᠷᠥᠭᠦᠴᠦᠳ ᠤᠨ ᠬᠤᠷᠠᠯ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/2/18
   ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 17 ᠤ ᠡᠳᠦᠷ ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 17 ᠤ ᠡᠳᠦᠷ ᠴᠠᠬᠢᠯᠭᠠᠨ ᠮᠡᠳᠡᠭᠡ ᠶᠠᠪᠤᠭᠤᠯᠵᠤ 37 ᠳ᠋ᠤᠭᠠᠷ ᠬᠤᠭᠤᠴᠠᠭᠠᠨ ᠤ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠲᠥᠷᠦᠭᠦᠴᠦᠳ ᠤᠨ ᠬᠤᠷᠠᠯ ᠬᠤᠷᠠᠯᠳᠤᠭᠰᠠᠨ ᠳᠤ ᠪᠠᠶᠠᠷ ᠬᠦᠷᠭᠡᠪᠡ᠃    ᠰᠢ ᠶᠢᠨ ᠫᠢᠩ᠂ ᠣᠳᠣᠬᠠᠨ ᠳᠤ ᠳᠡᠯᠡᠬᠡᠢ ᠶᠢᠷᠲᠢᠨᠴᠦ ᠵᠠᠭᠤᠨ ᠵᠢᠯ ᠳᠤ ᠳᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠳᠤ ᠳᠤᠯᠠᠭᠠᠷᠠᠵᠤ᠂ ᠳᠤᠮᠳᠠᠳᠤ ᠤᠯᠤᠰ ᠪᠣᠯᠣᠨ ᠠᠹᠷᠢᠺᠠ ᠲᠢᠪ ᠢᠶᠠᠷ ᠲᠥᠯᠥᠭᠡᠯᠡᠭᠦᠯᠦᠭᠰᠡᠨ ᠪᠦᠬᠦ ᠪᠦᠮᠪᠦᠷᠴᠡᠭ ᠤᠨ ᠬᠦᠭᠵᠢᠵᠦ ᠪᠠᠶᠢᠭ᠎ᠠ ᠤᠯᠤᠰ ᠤᠳ ᠥᠷᠨᠢᠭᠦᠨ ᠬᠦᠭᠵᠢᠵᠦ᠂ ᠳᠡᠯᠡᠬᠡᠢ ᠶᠢᠨ ᠲᠡᠦᠬᠡᠨ ᠠᠬᠢᠴᠠ ᠶᠢ ᠭᠦᠨᠵᠡᠭᠡᠢ ᠨᠥᠯᠦᠭᠡᠯᠡᠵᠦ ᠪᠠᠶᠢᠨ᠎ᠠ᠃ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠠᠹᠷᠢᠺᠠ ᠲᠢᠪ ᠤᠨ ᠤᠯᠤᠰ ᠤᠳ ᠲᠠᠢ ᠪᠦᠯᠬᠦᠮᠳᠡᠨ ᠬᠤᠯᠪᠤᠭᠠᠯᠠᠨ ᠥᠪᠡᠷ ᠢ ᠪᠠᠨ ᠬᠦᠴᠦᠷᠬᠡᠭᠵᠢᠭᠦᠯᠵᠦ᠂ ᠨᠢᠭᠡ ᠴᠣᠭᠴᠠᠵᠢᠯᠲᠠ ᠪᠣᠯᠣᠨ ᠴᠢᠯᠦᠭᠡᠲᠦ ᠠᠷᠠᠯᠵᠢᠶᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠪᠠ᠃ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠬᠤᠷᠢᠨ ᠤᠯᠤᠰ ᠤᠨ ᠪᠦᠯᠦᠭᠯᠡᠯ ᠳᠤ ᠠᠮᠵᠢᠯᠲᠠ ᠲᠠᠢ ᠣᠷᠣᠯᠴᠠᠵᠤ᠂ ᠠᠹᠷᠢᠺᠠ ᠲᠢᠪ ᠤᠨ ᠪᠦᠬᠦ ᠪᠦᠮᠪᠦᠷᠴᠡᠭ ᠤᠨ ᠵᠠᠰᠠᠯᠲᠠ ᠳᠤᠮᠳᠠᠬᠢ ᠲᠥᠯᠥᠭᠡᠯᠡᠬᠦ ᠴᠢᠨᠠᠷ ᠪᠣᠯᠣᠨ ᠦᠭᠡ ᠬᠡᠯᠡᠬᠦ ᠡᠷᠬᠡ ᠶᠢ ᠴᠢᠨᠠᠭᠰᠢᠳᠠ ᠳᠡᠭᠡᠭᠰᠢᠯᠡᠭᠦᠯᠪᠡ᠃ ᠳᠤᠮᠳᠠᠳᠤ ᠤᠯᠤᠰ ᠡᠭᠦᠨ ᠳᠤ ᠴᠢᠩ ᠰᠡᠳᠬᠢᠯ ᠠᠴᠠ ᠪᠠᠨ ᠪᠠᠶᠠᠷ ᠬᠦᠷᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠥᠩᠭᠡᠷᠡᠭᠰᠡᠨ ᠨᠢᠭᠡ ᠵᠢᠯ ᠳᠤ ᠳᠤᠮᠳᠠᠳᠤ ᠤᠯᠤᠰ ᠪᠣᠯᠣᠨ ᠠᠹᠷᠢᠺᠠ ᠲᠢᠪ ᠤᠨ ᠬᠠᠷᠢᠯᠴᠠᠭ᠎ᠠ ᠦᠷᠭᠦᠯᠵᠢᠯᠡᠨ ᠭᠦᠨᠵᠡᠭᠡᠶᠢᠷᠡᠨ ᠬᠦᠭᠵᠢᠵᠦ᠂ ᠳᠤᠮᠳᠠᠳᠤ ᠠᠹᠷᠢᠺᠠ ᠶᠢᠨ ᠤᠳᠤᠷᠢᠳᠬᠤ ᠬᠦᠮᠦᠰ ᠤᠨ ᠶᠠᠷᠢᠯᠴᠠᠭᠠᠨ ᠤ ᠬᠤᠷᠠᠯ ᠠᠮᠵᠢᠯᠲᠠ ᠲᠠᠢ ᠬᠤᠷᠠᠯᠳᠤᠵᠤ᠂ ᠬᠤᠶᠠᠷ ᠲᠠᠯ᠎ᠠ ᠪᠠᠷ ᠢᠶᠠᠨ ᠲᠤᠰ ᠲᠤᠰ ᠤᠨ ᠣᠳᠣᠬᠢᠴᠢᠯᠠᠯᠲᠠ ᠶᠢᠨ ᠵᠠᠮ ᠢᠶᠠᠨ ᠰᠦᠪᠡᠭᠴᠢᠯᠡᠬᠦ ᠶᠢ ᠬᠠᠷᠢᠯᠴᠠᠨ ᠳᠡᠮᠵᠢᠵᠤ᠂ ᠬᠦᠭᠵᠢᠯᠲᠡ ᠶᠢᠨ ᠢᠷᠡᠭᠡᠳᠦᠢ ᠶᠢ ᠪᠡᠶᠡᠯᠡᠭᠦᠯᠬᠦ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠲᠤ ᠪᠠᠷ ᠪᠤᠢ ᠪᠣᠯᠭᠠᠬᠤ ᠪᠠᠷ ᠳᠣᠭᠲᠠᠪᠠ᠃ 2024 ᠣᠨ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠰᠢᠨ᠎ᠡ ᠨᠢᠭᠡ ᠬᠤᠭᠤᠴᠠᠭᠠᠨ ᠤ ᠬᠤᠷᠠᠯ ᠢ ᠬᠤᠷᠠᠯᠳᠤᠭᠤᠯᠬᠤ ᠪᠣᠯᠣᠨ᠎ᠠ᠂ ᠪᠢ ᠳᠤᠷᠠᠲᠠᠶ᠎ᠠ ᠠᠹᠷᠢᠺᠠ ᠲᠢᠪ ᠤᠨ ᠤᠯᠤᠰ ᠤᠳ ᠤᠨ ᠤᠳᠤᠷᠢᠳᠬᠤ ᠬᠦᠮᠦᠰ ᠲᠠᠢ ᠬᠠᠮᠲᠤ ᠪᠠᠷ᠂ ᠬᠤᠶᠠᠷ ᠲᠠᠯ᠎ᠠ ᠶᠢᠨ ᠠᠷᠠᠳ ᠲᠦᠮᠡᠨ ᠳᠤ ᠪᠤᠶᠠᠨ ᠦᠢᠯᠡᠳᠬᠦ ᠳᠤ ᠠᠩᠬᠠᠷᠤᠯ ᠢᠶᠠᠨ ᠬᠠᠨᠳᠤᠭᠤᠯᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠰᠢᠨ᠎ᠡ ᠠᠯᠤᠰ ᠤᠨ ᠵᠢᠷᠤᠭ ᠲᠦᠰᠦᠪ ᠢ ᠨᠠᠷᠢᠨ ᠨᠢᠮᠪᠠᠢ ᠲᠥᠯᠥᠪᠵᠢᠭᠦᠯᠵᠦ᠂ ᠦᠨᠳᠦᠷ ᠲᠦᠪᠰᠢᠨ ᠪᠦᠬᠦᠢ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号