ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠨᠢ ᠰᠣᠶᠣᠯ ᠪᠠ ᠵᠢᠭᠤᠯᠴᠢᠯᠠᠯ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠠᠷᠯᠠᠨ ᠬᠦᠬᠢᠭᠦᠯᠦᠯᠲᠡ ᠶᠢ ᠵᠡᠷᠭᠡ ᠪᠠᠷ ᠭᠥᠷᠳᠡᠪᠡ
ᠨᠡᠶᠢᠲᠡᠯᠡᠭᠰᠡᠨ ᠴᠠᠭ᠄
2024/2/29
      ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠷᠢᠳ ᠬᠤᠵᠢᠳ 2023 ᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠵᠠᠷᠯᠠᠨ ᠬᠥᠬᠢᠭᠦᠯᠪᠡ᠃      ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠠᠯᠪᠠᠨ ᠭᠡᠷ ︽2023 ᠣᠨ ᠤ ᠪᠥᠬᠦ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠲᠡᠷᠢᠭᠦᠨ ᠤ ᠨᠢᠭᠡᠴᠢ︾ ᠪᠠᠷ ᠦᠨᠡᠯᠡᠭᠳᠡᠵᠦ᠂ 1 ᠬᠤᠪᠢ ᠬᠥᠮᠥᠨ ︽2023 ᠣᠨ ᠤ ᠪᠥᠬᠦ ᠤᠯᠤᠰ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠲᠡᠷᠢᠭᠦᠨ ᠤ ᠬᠤᠪᠢ ᠬᠥᠮᠥᠨ︾ ᠪᠠ ︽2023 ᠣᠨ ᠤ ᠪᠥᠬᠦ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠲᠡᠷᠢᠭᠦᠨ ᠤ ᠬᠤᠪᠢ ᠬᠥᠮᠥᠨ︾ ᠢᠶᠠᠷ ᠦᠨᠡᠯᠡᠭᠳᠡᠵᠦ᠂ ᠮᠡᠳᠡᠭᠡ ᠵᠠᠩᠭᠢ ᠶᠢᠨ ᠠᠵᠢᠯ ᠨᠢ ᠣᠶᠢᠷ᠎ᠠ ᠶᠢᠨ ᠵᠢᠯ ᠤᠨ ᠲᠤᠷᠰᠢᠬᠢ ᠬᠠᠮᠤᠭ ᠤᠨ ᠰᠠᠶᠢᠨ ᠠᠮᠵᠢᠯᠲᠠ ᠪᠦᠲᠦᠮᠵᠢ ᠶᠢ ᠡᠭᠦᠳᠪᠡ᠃      2023 ᠣᠨ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠮᠡᠳᠡᠭᠡ ᠵᠠᠩᠭᠢ ᠶᠢᠨ ᠠᠵᠢᠯ ᠨᠢ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠶᠢᠨ ᠠᠵᠢᠯ ᠤᠨ ᠠᠷᠭ᠎ᠠ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠮᠡᠳᠡᠭᠡ ᠵᠠᠩᠭᠢ ᠶᠢᠨ ᠠᠷᠭ᠎ᠠ ᠵᠠᠮ ᠤᠨ ᠢᠷᠡᠯᠲᠡ ᠶᠢ ᠪᠠᠶᠠᠯᠢᠭᠵᠢᠭᠤᠯᠵᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠠᠰᠤ ᠴᠢᠨᠠᠷ ᠢ ᠳᠡᠭᠡᠭᠰᠢᠯᠡᠭᠦᠯᠪᠡ᠃ 2023 ᠣᠨ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ  ᠵᠢᠭᠤᠯᠴᠢᠯᠠᠯ ᠤᠨ ᠲᠢᠩᠬᠢᠮ ᠨᠢ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠵᠢᠴᠢ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠭᠡᠷ᠂ ᠰᠢᠭᠤᠳ ᠬᠠᠷᠢᠶ᠎ᠠ ᠡᠯ᠎ᠡ ᠨᠢᠭᠡᠴᠢ ᠶᠢᠨ ᠮᠡᠳᠡᠭᠦᠯᠦᠭᠰᠡᠨ 21840 ᠭᠠᠷᠤᠢ ᠬᠤᠪᠢ ︵ᠵᠤᠷᠪᠤᠰ︶ ᠮᠡᠳᠡᠭᠡ ᠵᠠᠩᠭᠢ ᠶᠢ ᠭᠥᠯᠢᠶᠡᠨ ᠠᠪᠴᠤ᠂ ︽ᠰᠣᠶᠣᠯ ᠪᠠ ᠵᠢᠭᠤᠯᠴᠢᠯᠠᠯ ᠤᠨ ᠮᠡᠳᠡᠭᠡ ᠵᠠᠩᠭᠢ︾ ᠳᠤ 675 ᠬᠤᠪᠢ ︵ᠵᠤᠷᠪᠤᠰ︶ ᠶᠢ ᠬᠡᠷᠡᠭᠯᠡᠵᠦ᠂ ︽ᠥᠪᠥᠷ ᠮᠣᠩᠭᠤᠯ ᠤᠨ ᠰᠣᠶᠣᠯ︾ ᠬᠤᠭᠤᠴᠠᠭᠠᠲᠤ ᠰᠡᠳᠬᠦᠯ ᠳᠤ 165 ᠬᠤᠪᠢ ︵ᠬᠡᠰᠡᠭ︶ ᠶᠢ ᠬᠡᠷᠡᠭᠯᠡᠵᠦ᠂ ᠲᠢᠩᠬᠢᠮ ᠤᠨ ᠰᠢᠨ᠎ᠡ ᠵᠠᠭᠤᠴᠢᠯᠠᠭᠤᠷ ᠲᠤ 1520 ᠬᠤᠪᠢ ︵ᠵᠤᠷᠪᠤᠰ︶ ᠶᠢ ᠬᠡᠷᠡᠭᠯᠡᠪᠡ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠠᠮᠢᠶ᠎ᠠ ᠪᠦᠬᠦᠢ ᠮᠡᠳᠡᠭᠡ ᠵᠠᠩᠭᠢ ᠶᠢᠨ ᠰᠡᠳᠬᠦᠯ ᠳᠡᠭᠡᠷ᠎ᠡ 10 ᠭᠠᠷᠤᠢ ᠤᠳᠠᠭ᠎ᠠ ᠴᠣᠬᠤᠯᠠᠪᠤᠷᠢ ᠬᠢᠵᠦ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠰᠡᠷᠭᠡᠭ ᠴᠢᠨᠠᠷ᠂ ᠮᠡᠳᠡᠭᠦᠯᠦᠨ ᠬᠦᠷᠭᠡᠬᠦ ᠠᠭᠤᠯᠭ᠎ᠠ ᠶᠢᠨ ᠰᠢᠨ᠎ᠡ ᠶᠢ ᠡᠭᠦᠳᠬᠦ ᠴᠢᠨᠠᠷ᠂ ᠵᠠᠰᠠᠭ ᠤᠨ ᠶᠠᠪᠤᠳᠠᠯ ᠳᠤ ᠵᠦᠪᠯᠡᠨ ᠲᠤᠰᠠᠯᠠᠬᠤ ᠪᠦᠲᠦᠮᠵᠢᠲᠦ ᠴᠢᠨᠠᠷ ᠢ ᠤᠯᠠᠮ ᠨᠢᠭᠡ ᠠᠯᠬᠤᠮ ᠴᠢᠩᠭᠠᠳᠬᠠᠪᠠ᠃      ᠵᠠᠷᠯᠠᠯ ᠳᠤ ᠢᠯᠡᠷᠡᠭᠦᠯᠦᠭᠰᠡᠨ ᠢᠶᠠᠷ᠂ 2023 ᠣᠨ ᠤ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠮᠡᠳᠡᠭᠡ ᠵᠠᠩᠭᠢ ᠶᠢᠨ ᠠᠵᠢᠯ ᠰᠣᠶᠣᠯ ᠪᠠ ᠵᠢᠭᠤᠯᠴᠢᠯᠠᠯ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠨᠡᠷᠡᠰ ᠤᠨ ᠵᠢᠭᠰᠠᠭᠠᠯᠲᠠ ᠳᠤ ᠴᠥᠮ ᠢᠯᠡᠳᠲᠡ ᠳᠡᠭᠡᠭᠰᠢᠯᠡᠵᠦ᠂ ᠸᠢᠴᠠᠲ ᠤᠨ ᠨᠡᠶᠢᠲᠡ ᠶᠢᠨ ᠳ᠋ᠤᠭᠠᠷ ᠢ  ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ  ᠠᠴᠠ ︽ᠪᠥᠬᠦ ᠣᠷᠣᠨ ᠤ ᠰᠢᠯᠢᠳᠡᠭ ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ︾ ᠢᠶᠠᠷ ᠦᠨᠡᠯᠡᠵᠦ᠂ ᠠᠯᠪᠠᠨ ᠤ ᠪᠢᠴᠢᠯ ᠪᠯᠤᠭ ᠤᠨ ᠨᠥᠯᠥᠭᠡᠯᠡᠬᠦ ᠬᠦᠴᠦᠨ ᠨᠢ ᠵᠠᠯᠭᠠᠭ᠎ᠠ ᠪᠠᠷ ᠠᠷᠪᠠ ᠤᠳᠠᠭ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠨᠡᠷᠡᠰ ᠤᠨ ᠵᠢᠭᠰᠠᠭᠠᠯᠲᠠ ᠶᠢᠨ ᠲᠡᠷᠢᠭᠦᠨ ᠳᠤ ᠵᠢᠭᠰᠠᠭᠠᠭᠳᠠᠵᠠᠢ᠃      ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠳᠤ ︽ᠣᠨᠣᠪᠴᠢ ᠶᠢᠨ ᠬᠡᠮᠵᠢᠶ᠎ᠡ︾᠂ ︽ᠰᠣᠷᠭᠤᠭ ᠤᠨ ᠬᠡᠮᠵᠢᠶ᠎ᠡ︾᠂ ︽ᠬᠠᠨᠤᠮᠵᠢ ᠶᠢᠨ ᠬᠡᠮᠵᠢᠶ᠎ᠡ︾ ᠶᠢ ᠤᠯᠠᠮ ᠨᠢᠭᠡ ᠠᠯᠬᠤᠮ ᠰᠠᠶᠢᠲᠤᠷ ᠡᠵᠡᠮᠳᠡᠵᠦ᠂ ᠬᠠᠮᠤᠭ ᠤᠨ ᠰᠠᠶᠢᠨ ᠬᠠᠷᠠᠭᠠᠰᠤ᠂ ᠬᠠᠮᠤᠭ ᠤᠨ ᠰᠢᠨ᠎ᠡ ᠬᠠᠷᠠᠭᠠᠰᠤ᠂ ᠬᠠᠮᠤᠭ ᠤᠨ ᠰᠢᠯᠢᠳᠡᠭ ᠲᠣᠭᠠᠴᠢᠯᠲᠠ ᠪᠠᠷ ᠮᠡᠳᠡᠭᠡ ᠵᠠᠩᠭᠢ ᠶᠢᠨ ᠠᠭᠤᠯᠭ᠎ᠠ ᠶᠢ ᠲᠤᠰᠬᠠᠵᠤ᠂ ᠦᠷᠭᠦᠯᠵᠢᠯᠡᠨ ᠲᠡᠷᠢᠭᠦᠨ ᠤ ᠭᠠᠵᠠᠷ ᠣᠷᠣᠨ ᠪᠣᠯᠣᠨ ᠨᠢᠭᠡᠴᠢ ᠶᠢᠨ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠨ ᠲᠣᠯᠢᠳᠠᠵᠤ᠂ ᠵᠥᠷᠢᠶ᠎ᠡ ᠪᠠᠨ ᠡᠷᠢᠵᠦ᠂ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠵᠦᠢᠯ ᠢᠶᠠᠨ ᠴᠢᠩᠭᠠᠳᠬᠠᠵᠤ᠂ ᠣᠨᠴᠠᠯᠢᠭ ᠢ ᠠᠳᠬᠤᠵᠤ᠂ ᠬᠢᠯᠠᠰ ᠴᠡᠭ ᠢ ᠠᠭᠤᠳᠠᠯᠵᠤ᠂ ᠳᠠᠪᠠᠭᠤᠯᠢᠭ ᠢᠶᠠᠨ ᠪᠠᠳᠠᠷᠠᠭᠤᠯᠵᠤ᠂ ︽ᠬᠤᠶᠠᠷ ᠶᠡᠭᠡ ᠶᠠᠪᠤᠳᠠᠯ︾  ᠢ ᠰᠠᠶᠢᠲᠤᠷ ᠬᠢᠬᠦ ᠳᠤ ᠦᠢᠯᠡᠴᠢᠯᠡᠬᠦ ᠲᠠᠯ᠎ᠠ ᠪᠠᠷ ᠠᠷᠭ᠎ᠠ ᠤᠬᠠᠭᠠᠨ ᠭᠠᠷᠭᠠᠨ ᠬᠦᠴᠦᠨ ᠴᠢᠳᠠᠯ ᠢᠶᠠᠨ ᠡᠷᠭᠦᠵᠦ᠂ ᠥᠪᠥᠷ ᠮᠣᠩᠭᠤᠯ ᠤᠨ ᠦᠯᠢᠭᠡᠷ ᠢ ᠰᠠᠶᠢᠲᠤᠷ ᠶᠠᠷᠢᠬᠤ ᠂ ᠥᠪᠥᠷ ᠮᠣᠩᠭᠤᠯ ᠤᠨ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠬᠤ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠦᠭᠡ ᠬᠡᠯᠡᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号