ᠥᠪᠥᠷ ᠮᠣᠩᠭᠤᠯ ᠤᠨ ᠬᠠᠭᠤᠴᠢ ᠰᠤᠳᠤᠯᠤᠯ ᠰᠠᠶᠢᠨ ᠡᠬᠢᠯᠡᠯᠲᠡ ᠲᠠᠢ ᠪᠣᠯᠣᠯ᠎ᠠ︕ ᠬᠤᠶᠠᠷ ᠬᠠᠭᠤᠴᠢ ᠰᠤᠳᠤᠯᠤᠯ ᠤᠨ ᠲᠥᠷᠥᠯ ᠵᠦᠢᠯ ᠲᠣᠰ ᠲᠣᠰ 2023 ᠣᠨ ᠤ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ ᠳᠤ ᠰᠤᠩᠭᠤᠭᠳᠠᠪᠠ᠂ ᠡᠨᠡ ᠨᠢ ᠥᠪᠥᠷ ᠮᠣᠩᠭᠤᠯ ᠤᠨ ᠬᠠᠭᠤᠴᠢ ᠰᠤᠳᠤᠯᠤᠯ ᠤᠨ ᠲᠡᠦᠬᠡᠨ ᠳᠤ ᠠᠩᠬᠠᠳᠠᠭᠴᠢ ᠤᠳᠠᠭ᠎ᠠ ᠪᠤᠯᠤᠨ᠎ᠠ
ᠨᠡᠶᠢᠲᠡᠯᠡᠭᠰᠡᠨ ᠴᠠᠭ᠄
2024/2/6
    1 ᠳ᠋ᠦ᠋ᠭᠡᠷ ᠰᠠᠷ᠎ᠠ ᠶᠢᠨ 30 ᠤ ᠡᠳᠦᠷ᠂ ︽2023 ᠣᠨ ᠤ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ︾ ᠶᠢᠨ ᠱᠠᠩᠨᠠᠯ ᠣᠯᠭᠤᠬᠤ ᠶᠣᠰᠣᠯᠠᠯ ᠪᠡᠭᠡᠵᠢᠩ ᠳᠤ ᠶᠠᠪᠤᠭᠳᠠᠵᠤ᠂ 2023 ᠣᠨ ᠤ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ ᠶᠢᠨ ᠰᠣᠩᠭᠤᠭᠳᠠᠭᠰᠠᠨ ᠲᠦᠷᠦᠯ ᠵᠦᠢᠯᠡᠰ ᠢ ᠨᠡᠶᠢᠲᠡᠯᠡᠪᠡ᠃ ᠥᠪᠥᠷ ᠮᠣᠩᠭᠤᠯ ᠤᠨ ᠬᠠᠭᠤᠴᠢ ᠰᠤᠳᠤᠯᠤᠯ ᠤᠨ 1 ᠲᠥᠷᠥᠯ ᠵᠦᠢᠯ ᠰᠣᠩᠭᠤᠭᠳᠠᠨ ᠣᠷᠣᠵᠤ᠂ 1 ᠲᠥᠷᠥᠯ ᠵᠦᠢᠯ ᠰᠢᠯᠢᠭᠳᠡᠨ ᠣᠷᠣᠪᠠ᠃ ᠠᠳᠠᠯᠢ ᠨᠢᠭᠡᠨ ᠰᠢᠯᠭᠠᠷᠠᠭᠤᠯᠤᠯᠲᠠ ᠶᠢᠨ ᠣᠨ ᠳᠤ ᠬᠠᠭᠤᠴᠢ ᠰᠤᠳᠤᠯᠤᠯ ᠤᠨ 2 ᠵᠦᠢᠯ ᠤᠨ ᠴᠢᠬᠤᠯᠠ ᠶᠡᠭᠡ ᠲᠥᠷᠥᠯ ᠵᠦᠢᠯ ︽ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ︾ ᠳᠤ ᠵᠡᠷᠭᠡ ᠪᠠᠷ ᠰᠣᠩᠭᠤᠭᠳᠠᠨ  ᠤᠷᠤᠭᠰᠠᠨ ᠨᠢ ᠥᠪᠥᠷ ᠮᠣᠩᠭᠤᠯ ᠤᠨ ᠬᠠᠭᠤᠴᠢ ᠰᠤᠳᠤᠯᠤᠯ ᠤᠨ ᠲᠡᠦᠬᠡᠨ ᠳᠡᠭᠡᠷ᠎ᠡ ᠠᠩᠬ᠎ᠠ ᠤᠳᠠᠭ᠎ᠠ ᠭᠠᠷᠴᠤ ᠪᠠᠶᠢᠭ᠎ᠠ ᠶᠤᠮ᠃      ︽ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ︾ ᠶᠢ ᠰᠢᠯᠭᠠᠷᠠᠭᠤᠯᠬᠤ ᠠᠵᠢᠯᠯᠠᠭ᠎ᠠ ᠶᠢ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠠᠴᠠ ᠭᠤᠣᠯᠯᠠᠨ ᠡᠷᠬᠢᠯᠡᠵᠦ᠂ 2002 ᠣᠨ ᠳᠤ ᠡᠭᠦᠰᠬᠡᠨ ᠪᠠᠶᠢᠭᠤᠯᠤᠭᠰᠠᠨ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠡᠲᠡᠭᠡᠳ ᠤᠨ ᠴᠢᠬᠤᠯᠠ ᠱᠠᠩᠨᠠᠯ ᠤᠨ ᠵᠦᠢᠯ ᠤᠨ ᠨᠢᠭᠡ ᠪᠣᠯᠣᠨ᠎ᠠ᠃ ︽2023 ᠣᠨ ᠤ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ︾ ᠳᠤ ᠰᠣᠩᠭᠤᠭᠳᠠᠭᠰᠠᠨ 6 ᠲᠥᠷᠥᠯ ᠵᠦᠢᠯ᠂  ᠰᠢᠯᠢᠭᠳᠡᠭᠰᠡᠨ 7 ᠲᠥᠷᠥᠯ ᠵᠦᠢᠯ ᠪᠠ ᠤᠯᠤᠰ ᠤᠨ ᠭᠠᠳᠠᠭᠠᠳᠤ ᠶᠢᠨ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ ᠶᠢᠨ 1 ᠲᠥᠷᠥᠯ ᠵᠦᠢᠯ ᠢ ᠰᠢᠯᠭᠠᠷᠠᠭᠤᠯᠤᠨ ᠭᠠᠷᠭᠠᠪᠠ᠃      ᠲᠣᠰ ᠤᠳᠠᠭᠠᠨ ᠤ ᠥᠪᠥᠷ ᠮᠣᠩᠭᠤᠯ ᠤᠨ 2023 ᠣᠨ ᠤ ︽ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ︾ ᠳᠤ ᠰᠣᠩᠭᠤᠭᠳᠠᠭᠰᠠᠨ ᠲᠥᠷᠥᠯ ᠵᠦᠢᠯ ᠪᠣᠯ ︽ᠥᠪᠥᠷ ᠮᠣᠩᠭᠤᠯ ᠤᠨ ᠪᠠᠭᠠᠷᠢᠨ ᠵᠡᠭᠦᠨ ᠬᠤᠰᠢᠭᠤᠨ ᠤ ᠯᠢᠶᠤᠤ ᠶᠢᠨ ᠳᠡᠭᠡᠳᠦ ᠨᠡᠶᠢᠰᠯᠡᠯ ᠤᠨ ᠬᠠᠭᠠᠨ ᠤ ᠬᠤᠲᠠ ᠶᠢᠨ ᠡᠮᠦᠨ᠎ᠡ ᠬᠡᠰᠡᠭ ᠤᠨ ᠪᠠᠷᠢᠯᠭ᠎ᠠ ᠶᠢᠨ ᠪᠠᠭᠤᠷᠢ︾ ᠶᠢ ᠨᠡᠭᠡᠭᠡᠨ ᠮᠠᠯᠲᠠᠬᠤ ᠲᠥᠷᠥᠯ ᠵᠦᠢᠯ ᠪᠣᠯᠣᠨ᠎ᠠ᠃
     ᠯᠢᠶᠣᠤ ᠶᠢᠨ ᠳᠡᠭᠡᠳᠦ ᠨᠡᠶᠢᠰᠯᠡᠯ ᠤᠨ ᠬᠠᠭᠠᠨ ᠤ ᠬᠤᠳᠠ ᠶᠢᠨ ᠪᠠᠭᠤᠷᠢ ᠶᠢᠨ ᠪᠦᠬᠦ ᠦᠵᠡᠮᠵᠢ ᠪᠠ ᠮᠠᠯᠲᠠᠵᠤ ᠭᠠᠷᠭᠠᠭᠰᠠᠨ ᠣᠷᠣᠨ ᠪᠠᠶᠢᠷᠢ (ᠪᠠᠷᠠᠭᠤᠨ ᠡᠮᠦᠨᠡᠲᠦ ᠣᠷᠣᠨ→ ᠵᠡᠭᠦᠨ ᠬᠤᠶᠢᠲᠤ ᠣᠷᠣᠨ)
     2022~2023 ᠣᠨ ᠤ ᠨᠡᠭᠡᠭᠡᠨ ᠮᠠᠯᠳᠠᠭᠰᠠᠨ ᠲᠤᠭᠤᠷᠢᠭ (ᠡᠮᠦᠨ᠎ᠡ →  ᠤᠮᠠᠷ᠎ᠠ)
    ᠨᠢᠭᠡᠳᠦᠭᠡᠷ ᠬᠦᠷᠢᠶ᠎ᠡ   ᠳᠤᠮᠳᠠ ᠬᠠᠷᠰᠢ JZ1A (ᠵᠡᠭᠦᠨ → ᠪᠠᠷᠠᠭᠤᠨ)
    ᠬᠤᠶᠠᠳᠤᠭᠠᠷ ᠬᠦᠷᠢᠶ᠎ᠡ  (ᠤᠮᠠᠷ᠎ᠠ →  ᠡᠮᠦᠨ᠎ᠡ)      ᠲᠣᠰ ᠤᠳᠠᠭᠠᠨ ᠤ 2023 ᠣᠨ ᠤ ︽ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ︾ ᠳᠤ ᠣᠷᠣᠭᠰᠠᠨ‌ᠥᠪᠥᠷ ᠮᠣᠩᠭᠤᠯ ᠤᠨ ᠲᠥᠷᠥᠯ ᠵᠦᠢᠯ ᠪᠣᠯ ︽ᠥᠪᠥᠷ ᠮᠣᠩᠭᠤᠯ ᠤᠨ ᠴᠢᠩ ᠱᠦᠢ ᠾᠧ ᠰᠢᠶᠠᠨ ᠤ ᠾᠧᠦ ᠴᠧᠩ ᠽᠦᠢ ᠶᠢᠨ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠴᠢᠯᠠᠭᠤᠨ ᠬᠤᠲᠠ ᠶᠢᠨ ᠪᠠᠭᠤᠷᠢ︾ ᠶᠢ ᠨᠡᠭᠡᠭᠡᠨ ᠮᠠᠯᠲᠠᠬᠤ ᠲᠥᠷᠥᠯ ᠵᠦᠢᠯ ᠪᠣᠯᠣᠨ᠎ᠠ᠃
     ᠴᠢᠯᠠᠭᠤᠨ ᠬᠤᠳᠠ ᠶᠢᠨ ᠪᠦᠬᠦ ᠦᠵᠡᠮᠵᠢ (ᠵᠡᠭᠦᠨ ᠬᠤᠶᠢᠨ᠎ᠠ →  ᠪᠠᠷᠠᠭᠤᠨ ᠡᠮᠦᠨ᠎ᠡ)
     ᠨᠡᠭᠡᠭᠡᠨ ᠮᠠᠯᠳᠠᠭᠰᠠᠨ ᠲᠤᠭᠤᠷᠢᠭ ᠤᠨ ᠪᠦᠬᠦ ᠦᠵᠡᠮᠵᠢ ︵ᠵᠡᠭᠦᠨ ᠡᠮᠦᠨ᠎ᠡ→ ᠪᠠᠷᠠᠭᠤᠨ ᠬᠤᠶᠢᠨ᠎ᠠ︶
     ᠴᠢᠯᠠᠭᠤᠨ ᠬᠤᠳᠠ ᠶᠢᠨ ᠪᠠᠶᠢᠷᠢᠯᠠᠭᠤᠯᠤᠯᠲᠠ ᠶᠢᠨ ᠲᠠᠶᠢᠯᠪᠤᠷᠢ ᠵᠢᠷᠤᠭ ︵ᠵᠡᠭᠦᠨ ᠬᠤᠶᠢᠨ᠎ᠠ →  ᠪᠠᠷᠠᠭᠤᠨ  ᠡᠮᠦᠨ᠎ᠡ︶  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠲᠤᠯᠤᠯ  ᠤᠨ ᠬᠦᠷᠢᠶᠡᠯᠡᠩ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号