ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ ᠲᠤ ᠭᠠᠷ ᠤᠨ ᠦᠰᠦᠭ ᠵᠢᠷᠤᠵᠤ ︽ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠳᠦᠷᠢᠮ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2024/2/7
   ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 4 ᠤ ᠴᠠᠭᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠲᠦᠷᠦᠭᠦᠬᠡᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ ᠲᠤ ᠭᠠᠷ ᠤᠨ ᠥᠰᠥᠭ ᠵᠢᠷᠤᠵᠤ᠂ ︽ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ 2024 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠪᠣᠯ ᠵᠠᠬ᠎ᠠ ᠳᠡᠯᠭᠡᠭᠦᠷ ᠤᠨ ᠲᠣᠭᠲᠠᠴᠠ ᠪᠠᠷ ᠳᠠᠮᠵᠢᠭᠤᠯᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠵᠡᠷᠭᠡ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠨ ᠪᠠᠭᠠᠰᠬᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠬᠤ ᠳᠤ ᠬᠦᠴᠦᠨ ᠨᠡᠮᠡᠷᠢᠯᠡᠬᠦ ᠴᠢᠬᠤᠯᠠ ᠲᠦᠷᠦ ᠶᠢᠨ ᠪᠣᠳᠣᠯᠭ᠎ᠠ ᠶᠢᠨ ᠪᠠᠭᠠᠵᠢ ᠮᠥᠨ᠃ ᠲᠤᠰᠬᠠᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠲᠣᠭᠲᠠᠭᠠᠬᠤ ᠪᠠᠷ ᠳᠠᠮᠵᠢᠭᠤᠯᠤᠨ ᠪᠦᠭᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠠᠵᠢᠯᠯᠠᠭᠠᠨ ᠤ ᠬᠠᠮᠢᠶᠠᠷᠤᠯᠲᠠ ᠳᠤ ᠲᠣᠳᠣᠷᠬᠠᠢ ᠬᠠᠤᠯᠢ ᠴᠠᠭᠠᠵᠠ ᠶᠢᠨ ᠦᠨᠳᠦᠰᠦ ᠪᠠᠷᠢᠮᠲᠠ ᠬᠠᠩᠭᠠᠵᠤ᠂ ᠲᠡᠭᠦᠨ ᠤ ᠡᠷᠡᠭᠦᠯ ᠢᠶᠠᠷ ᠬᠥᠭᠵᠢᠬᠦ ᠶᠢ ᠪᠠᠲᠤᠯᠠᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ︽ᠳᠦᠷᠢᠮ︾ ᠨᠢ ᠦᠢᠯᠡᠳᠦᠯᠭᠡ ᠶᠢᠨ ᠲᠤᠷᠰᠢᠯᠭ᠎ᠠ ᠪᠠᠨ ᠳ᠋ᠦᠩᠨᠡᠵᠦ᠂ ᠪᠦᠭᠦ ᠶᠠᠪᠤᠴᠠ ᠶᠢᠨ ᠬᠠᠮᠢᠶᠠᠷᠤᠯᠲᠠ ᠶᠢ ᠪᠠᠷᠢᠮᠲᠠᠯᠠᠨ᠂ ᠦᠨᠳᠦᠰᠦᠨ ᠳᠦᠷᠢᠮ ᠤᠨ ᠪᠣᠷᠣ ᠲᠥᠯᠥᠪ ᠢ ᠪᠠᠶᠢᠭᠤᠯᠬᠤ ᠪᠠᠷ ᠭᠤᠣᠯᠳᠠᠯᠭ᠎ᠠ ᠪᠤᠯᠭᠠᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠲᠥᠷᠥ ᠶᠢᠨ ᠪᠣᠳᠣᠯᠭ᠎ᠠ ᠶᠢᠨ ᠴᠢᠳᠠᠮᠵᠢ ᠶᠢ ᠪᠠᠳᠠᠷᠠᠭᠤᠯᠬᠤ ᠶᠢ ᠪᠠᠲᠤᠯᠠᠪᠠ᠃ ︽ᠳᠦᠷᠢᠮ︾ ᠨᠢ ᠨᠡᠶᠢᠲᠡ 33 ᠵᠦᠢᠯ ᠪᠠᠶᠢᠵᠤ᠂ ᠭᠤᠣᠯᠳᠠᠭᠤ ᠳᠣᠣᠷᠠᠬᠢ ᠠᠭᠤᠯᠭ᠎ᠠ ᠶᠢ ᠪᠠᠭᠲᠠᠭᠠᠨ᠎ᠠ᠃    ᠨᠢᠭᠡ ᠳᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠵᠢᠴᠢ ᠬᠤᠯᠪᠣᠭᠳᠠᠯ ᠪᠦᠬᠦᠢ ᠠᠵᠢᠯᠯᠠᠭ᠎ᠠ ᠶᠢᠨ ᠬᠠᠮᠢᠶᠠᠷᠤᠯᠲᠠ ᠶᠢ ᠲᠣᠳᠣᠷᠬᠠᠶᠢᠯᠠᠬᠤ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠪᠠ ᠤᠯᠤᠰ ᠤᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠬᠡᠷᠡᠭᠲᠡᠢ᠃    ᠬᠤᠶᠠᠷ ᠲᠤ᠂ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠣᠳᠣᠷᠬᠠᠶᠢᠯᠠᠪᠠ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠮᠢ ᠠᠬᠤᠢ ᠣᠷᠴᠢᠨ ᠲᠣᠭᠤᠷᠢᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠵᠢᠴᠢ ᠬᠤᠯᠪᠣᠭᠳᠠᠯ ᠪᠦᠬᠦᠢ ᠠᠵᠢᠯᠯᠠᠭ᠎ᠠ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠤᠯᠪᠣᠭᠳᠠᠯ ᠪᠦᠬᠦᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠬᠤ ᠪᠠᠷ ᠲᠣᠭᠲᠠᠭᠠᠪᠠ᠃    ᠭᠤᠷᠪᠠ ᠳᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠬᠠᠮᠢᠶᠠᠷᠤᠯᠲᠠ ᠶᠢᠨ ᠦᠨᠳᠦᠰᠦᠨ ᠳᠦᠷᠢᠮ ᠤᠨ ᠪᠣᠷᠣ ᠲᠥᠯᠥᠪ ᠢ ᠪᠠᠶᠢᠭᠤᠯᠪᠠ᠃ ᠪᠦᠭᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ ᠳᠠᠩᠰᠠᠯᠠᠬᠤ ᠪᠠᠶᠢᠭᠤᠯᠤᠮᠵᠢ ᠪᠠ ᠠᠷᠠᠯᠵᠢᠶᠠᠨ ᠤ ᠪᠠᠶᠢᠭᠤᠯᠤᠮᠵᠢ ᠶᠢᠨ ᠬᠠᠤᠯᠢ ᠴᠠᠭᠠᠵᠠ ᠶᠢᠨ ᠪᠠᠶᠢᠷᠢ ᠰᠠᠭᠤᠷᠢ ᠪᠠ ᠡᠭᠦᠷᠭᠡ ᠬᠠᠷᠢᠭᠤᠴᠠᠯᠭ᠎ᠠ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠶᠢᠨ ᠬᠠᠮᠤᠷᠬᠤ ᠬᠡᠪᠴᠢᠶ᠎ᠡ ᠵᠢᠴᠢ ᠠᠷᠠᠯᠵᠢᠶᠠᠯᠠᠬᠤ ᠦᠢᠯᠡᠳᠬᠦᠨ᠂ ᠠᠷᠠᠯᠵᠢᠶᠠᠯᠠᠬᠤ ᠭᠤᠣᠯ ᠴᠣᠭᠴᠠ ᠪᠠ ᠠᠷᠠᠯᠵᠢᠶᠠᠯᠠᠬᠤ ᠠᠷᠭ᠎ᠠ ᠮᠠᠶ᠋ᠢᠭ ᠢ ᠲᠣᠳᠣᠷᠬᠠᠶᠢᠯᠠᠵᠤ᠂ ᠭᠤᠣᠯᠳᠠᠯᠭ᠎ᠠ ᠲᠠᠢ ᠭᠠᠳᠠᠭᠰᠢᠯᠠᠭᠤᠯᠬᠤ ᠨᠢᠭᠡᠴᠢ ᠶᠢ ᠲᠣᠭᠲᠠᠭᠠᠬᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠬᠤᠪᠢᠶᠠᠷᠢᠯᠠᠬᠤ᠂ ᠣᠨ ᠤ ᠬᠦᠯᠡᠮᠵᠢ ᠶᠢᠨ ᠬᠡᠢ ᠪᠡᠶᠡᠲᠦ ᠭᠠᠳᠠᠭᠰᠢᠯᠠᠭᠤᠯᠬᠤ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠪᠠ ᠬᠠᠷᠭᠤᠭᠤᠯᠤᠨ ᠪᠠᠶᠢᠴᠠᠭᠠᠬᠤ ᠵᠢᠴᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢᠨ ᠬᠤᠪᠢᠶᠠᠷᠢᠯᠠᠬᠤ ᠲᠤᠭ᠎ᠠ ᠶᠢ ᠢᠯᠭᠠᠷᠠᠭᠤᠯᠤᠨ ᠲᠤᠰᠢᠶᠠᠬᠤ ᠪᠠ ᠵᠠᠬ᠎ᠠ ᠳᠡᠯᠭᠡᠭᠦᠷ ᠤᠨ ᠠᠷᠠᠯᠵᠢᠶ᠎ᠠ ᠵᠡᠷᠭᠡ ᠵᠦᠢᠯ ᠢ ᠲᠣᠳᠣᠷᠬᠠᠶᠢᠯᠠᠪᠠ᠃    ᠳᠥᠷᠪᠡ ᠳᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠬᠤ ᠦᠢᠯᠡ ᠠᠵᠢᠯᠯᠠᠭ᠎ᠠ ᠶᠢ ᠰᠡᠷᠭᠡᠶᠢᠯᠡᠬᠦ ᠪᠠ ᠵᠠᠯᠬᠠᠭᠠᠨ ᠰᠢᠢᠳᠬᠡᠨ᠎ᠡ᠃ ᠭᠤᠣᠯᠳᠠᠭᠤ ᠭᠤᠣᠯᠳᠠᠯᠭ᠎ᠠ ᠲᠠᠢ ᠭᠠᠳᠠᠭᠰᠢᠯᠠᠭᠤᠯᠬᠤ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠬᠤ᠂ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠬᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠬᠤ᠂ ᠰᠢᠢᠳᠬᠡᠨ ᠲᠣᠷᠭᠠᠬᠤ ᠡᠷᠴᠢᠮ ᠢ ᠨᠡᠮᠡᠭᠳᠡᠭᠦᠯᠬᠦ ᠵᠡᠷᠭᠡ ᠲᠠᠯ᠎ᠠ ᠪᠠᠷ ᠲᠣᠳᠣᠷᠬᠠᠢ ᠲᠣᠭᠲᠠᠭᠠᠯ ᠭᠠᠷᠭᠠᠪᠠ᠃  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号