| ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ | ᠥᠪᠥᠷ ᠵᠠᠰᠠᠭ ᠦᠰᠦᠭ ︹ 2024 ︺ 45 ᠳ᠋ᠤᠭᠠᠷ ᠲᠣᠭᠠᠲᠤ | ᠤᠰᠤ ᠲᠠᠲᠠᠬᠤ ᠵᠥᠪᠰᠢᠶᠡᠷᠡᠯ ᠳᠤ ᠣᠷᠣᠭᠤᠯᠪᠠᠰᠤ ᠵᠣᠬᠢᠬᠤ ᠪᠠ ᠳᠠᠩᠰᠠᠯᠠᠭᠤᠯᠬᠤ ᠶᠣᠰᠣᠲᠠᠢ | ᠴᠡᠪᠡᠷᠯᠡᠨ ᠬᠠᠳᠠᠭᠠᠵᠤ ᠤᠰᠤ ᠵᠠᠯᠠᠬᠤ ᠬᠡᠮᠵᠢᠶᠡᠨ ᠤ ᠬᠡᠪᠴᠢᠶᠡᠨ ᠤ ᠪᠠᠷᠢᠮᠵᠢᠶ᠎ᠠ ᠶᠢᠨ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ | ︽ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠳᠦᠷᠢᠮ︾ ᠤᠨ ᠬᠤᠷᠢᠨ ᠵᠢᠷᠭᠤᠳᠤᠭᠠᠷ ᠵᠦᠢᠯ᠂ ᠲᠠᠪᠢᠨ | ᠬᠤᠶᠠᠳᠤᠭᠠᠷ ᠵᠦᠢᠯ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ ᠤᠰᠤᠨ ᠤ | ᠬᠠᠮᠠᠭᠠᠯᠠᠯᠲᠠ ᠪᠠ ᠬᠠᠮᠢᠶᠠᠷᠤᠯᠲᠠ ᠶᠢᠨ ᠳᠦᠷᠢᠮ︾ ᠤᠨ ᠠᠷᠪᠠᠨ ᠨᠠᠢᠮᠠᠳᠤᠭᠠᠷ ᠵᠦᠢᠯ ᠤᠨ ᠲᠣᠭᠲᠠᠭᠠᠯ ᠢ | ᠦᠨᠳᠦᠰᠦᠯᠡᠨ᠂ ᠡᠳᠦᠭᠡ ᠳᠠᠩᠰᠠᠯᠠᠭᠤᠯᠬᠤ ᠴᠢᠬᠤᠯᠠᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠯ | ᠵᠢᠴᠢ ᠭᠠᠵᠠᠷ ᠳᠣᠣᠷᠠᠬᠢ ᠤᠰᠤᠨ ᠳᠤ ᠠᠰᠢᠭ ᠦᠭᠡᠢ ᠨᠥᠯᠥᠭᠡ ᠪᠣᠯᠬᠤ ᠶᠢ ᠰᠡᠷᠭᠡᠶᠢᠯᠡᠬᠦ ᠠᠷᠭ᠎ᠠ ᠬᠡᠮᠵᠢᠶᠡᠨ ᠤ | ᠲᠥᠰᠥᠯ ᠳᠠᠬᠢ ᠭᠠᠵᠠᠷ ᠳᠣᠣᠷᠠᠬᠢ ᠪᠠᠷᠢᠯᠭ᠎ᠠ ᠶᠢᠨ ᠤᠰᠤ ᠵᠠᠯᠠᠬᠤ ᠬᠡᠪᠴᠢᠶ᠎ᠡ᠂ ᠤᠰᠤ ᠲᠠᠲᠠᠬᠤ ᠵᠥᠪᠰᠢᠶᠡᠷᠡᠯ ᠢ | ᠬᠠᠤᠯᠢ ᠶᠣᠰᠣᠭᠠᠷ ᠭᠤᠶᠤᠴᠢᠯᠠᠨ ᠭᠦᠢᠴᠡᠳᠬᠡᠪᠡᠰᠦ ᠵᠣᠬᠢᠬᠤ ᠠᠭᠤᠷᠬᠠᠢ ᠶᠢᠨ ᠡᠬᠢ ᠪᠠᠶᠠᠯᠢᠭ ᠤᠨ ᠨᠡᠭᠡᠭᠡᠯᠲᠡ | ᠮᠠᠯᠲᠠᠯᠲᠠ ᠪᠠ ᠭᠠᠵᠠᠷ ᠳᠣᠣᠷᠠᠬᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠴᠡᠪᠡᠷᠯᠡᠨ ᠬᠠᠳᠠᠭᠠᠵᠤ ᠤᠰᠤ | ᠵᠠᠯᠠᠬᠤ ᠬᠡᠮᠵᠢᠶᠡᠨ ᠤ ᠬᠡᠪᠴᠢᠶᠡᠨ ᠤ ᠪᠠᠷᠢᠮᠵᠢᠶ᠎ᠠ ᠶᠢ ᠳᠣᠣᠷᠠᠬᠢ ᠮᠡᠲᠦ ᠮᠡᠳᠡᠭᠳᠡᠪᠡ᠃ | ᠨᠢᠭᠡ᠂ ᠣᠨ ᠤ ᠴᠡᠪᠡᠷᠯᠡᠨ ᠬᠠᠳᠠᠭᠠᠵᠤ ᠤᠰᠤ ᠵᠠᠯᠠᠬᠤ ᠬᠡᠮᠵᠢᠶ᠎ᠡ ᠨᠢ 1 ᠲᠦᠮᠡᠨ ᠺᠦᠪ ᠮᠧᠳ᠋ᠷ ᠵᠢᠴᠢ | ᠲᠡᠭᠦᠨ ᠠᠴᠠ ᠳᠡᠭᠡᠭᠰᠢᠬᠢ ᠭᠠᠵᠠᠷ ᠳᠣᠣᠷᠠᠬᠢ ᠪᠠᠷᠢᠯᠭ᠎ᠠ ᠶᠢ ᠪᠦᠲᠦᠭᠡᠨ ᠪᠠᠶᠢᠭᠤᠯᠬᠤ ᠨᠢᠭᠡᠴᠢ ᠪᠠ ᠬᠤᠪᠢ ᠬᠥᠮᠥᠨ ᠨᠢ | ᠪᠠᠷᠢᠯᠭ᠎ᠠ ᠡᠬᠢᠯᠡᠭᠦᠯᠬᠦ ᠠᠴᠠ ᠡᠮᠦᠨ᠎ᠡ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠯ ᠪᠠ ᠭᠠᠵᠠᠷ | ᠳᠣᠣᠷᠠᠬᠢ ᠤᠰᠤᠨ ᠳᠤ ᠠᠰᠢᠭ ᠦᠭᠡᠢ ᠨᠥᠯᠥᠭᠡ ᠪᠣᠯᠬᠤ ᠶᠢ ᠰᠡᠷᠭᠡᠶᠢᠯᠡᠬᠦ ᠠᠷᠭ᠎ᠠ ᠬᠡᠮᠵᠢᠶᠡᠨ ᠤ ᠲᠥᠰᠥᠯ ᠢᠶᠠᠨ | ᠬᠠᠮᠢᠶᠠᠷᠤᠯᠲᠠ ᠶᠢᠨ ᠡᠷᠬᠡ ᠮᠡᠳᠡᠯ ᠲᠠᠢ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠢ᠃ | ᠬᠤᠶᠠᠷ᠂ ᠠᠭᠤᠷᠬᠠᠢ ᠶᠢᠨ ᠡᠬᠢ ᠪᠠᠶᠠᠯᠢᠭ ᠤᠨ ᠨᠡᠭᠡᠭᠡᠯᠲᠡ ᠮᠠᠯᠲᠠᠯᠲᠠ᠂ ᠭᠠᠵᠠᠷ ᠳᠣᠣᠷᠠᠬᠢ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠣᠨ ᠤ ᠴᠡᠪᠡᠷᠯᠡᠨ ᠬᠠᠳᠠᠭᠠᠵᠤ ᠤᠰᠤ ᠵᠠᠯᠠᠬᠤ ᠬᠡᠮᠵᠢᠶ᠎ᠡ ᠨᠢ 1 ᠲᠦᠮᠡᠨ ᠺᠦᠪ ᠮᠧᠳ᠋ᠷ | ᠵᠢᠴᠢ ᠲᠡᠭᠦᠨ ᠠᠴᠠ ᠳᠡᠭᠡᠭᠰᠢ ᠪᠠᠶᠢᠪᠠᠯ᠂ ᠤᠰᠤ ᠲᠠᠲᠠᠬᠤ ᠵᠥᠪᠰᠢᠶᠡᠷᠡᠯ ᠢ ᠬᠠᠤᠯᠢ ᠶᠣᠰᠣᠭᠠᠷ ᠭᠤᠶᠤᠴᠢᠯᠠᠵᠤ᠂ | ᠤᠰᠤ ᠵᠠᠯᠠᠬᠤ ᠬᠡᠮᠵᠢᠶ᠎ᠡ ᠶᠢ ᠬᠡᠮᠵᠢᠬᠦ ᠪᠡᠯᠡᠳᠬᠡᠮᠵᠢ ᠤᠭᠰᠠᠷᠠᠬᠤ ᠶᠢᠨ ᠬᠠᠮᠲᠤ᠂ ᠤᠰᠤ ᠲᠠᠲᠠᠬᠤ ᠵᠥᠪᠰᠢᠶᠡᠷᠡᠯ ᠤᠨ | ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠴᠡᠪᠡᠷᠯᠡᠨ ᠬᠠᠳᠠᠭᠠᠵᠤ ᠤᠰᠤ ᠵᠠᠯᠠᠬᠤ ᠬᠡᠮᠵᠢᠶ᠎ᠡ ᠪᠠ ᠭᠠᠵᠠᠷ ᠳᠣᠣᠷᠠᠬᠢ | ᠤᠰᠤᠨ ᠲᠦᠪᠰᠢᠨ ᠤ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠬᠦ ᠬᠡᠷᠡᠭᠲᠡᠢ᠃ | 2024 ᠣᠨ ᠤ 3 ᠳ᠋ᠤᠭᠠᠷ ᠰᠠᠷ᠎ᠠ ᠶᠢᠨ 12 ᠤᠨ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | | | | | | | | | | | ᠁ |