| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠥᠪᠥᠷ ᠵᠠᠰᠠᠭ ᠦᠰᠦᠭ ﹇2024﹈ 72 ᠳ᠋ᠤᠭᠠᠷ ᠲᠣᠭᠠᠲᠤ | ᠠᠷᠤᠨ ᠬᠤᠰᠢᠭᠤᠨ ᠤ ᠰᠢᠶᠣᠣ ᠴᠢ ᠽᠢ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠤᠰᠤᠨ | ᠴᠥᠭᠦᠷᠥᠮ ᠤᠨ ᠲᠦᠯᠬᠢᠯᠲᠡ ᠶᠢᠨ ᠣᠷᠣᠨ ᠵᠢᠴᠢ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ | ᠬᠡᠪᠴᠢᠶᠡᠨ ᠳᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠨᠡᠭᠦᠯᠭᠡᠨ ᠣᠷᠣᠭᠤᠯᠬᠤ ᠬᠥᠮᠥᠨ ᠠᠮᠠ ᠶᠢ | ᠰᠢᠨ᠎ᠡ ᠪᠠᠷ ᠨᠡᠮᠡᠭᠳᠡᠭᠦᠯᠬᠦ ᠶᠢ ᠴᠠᠭᠠᠵᠠᠯᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠵᠠᠷᠯᠠᠯ | ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ | ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄ | ᠪᠠᠶᠢᠭᠤᠯᠬᠤ ᠪᠠᠷ ᠪᠠᠶᠢᠭ᠎ᠠ ᠠᠷᠤᠨ ᠬᠤᠰᠢᠭᠤᠨ ᠤ ᠰᠢᠶᠣᠣ ᠴᠢ ᠽᠢ ᠤᠰᠤᠨ ᠠᠰᠢᠭᠯᠠᠯᠲᠠ ᠶᠢᠨ ᠬᠦᠢᠰᠦ | ᠪᠠᠷᠢᠯᠭ᠎ᠠ ᠪᠣᠯ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠣᠣᠷᠵᠢᠭᠤᠯᠤᠯᠲᠠ ᠶᠢᠨ | ᠲᠥᠯᠥᠪᠵᠢᠭᠦᠯᠵᠦ ᠪᠦᠲᠦᠭᠡᠨ ᠪᠠᠶᠢᠭᠤᠯᠬᠤ ᠭᠤᠣᠯᠳᠠᠯᠭ᠎ᠠ ᠲᠠᠢ ᠤᠰᠤᠨ ᠰᠤᠷᠪᠤᠯᠵᠢ ᠶᠢᠨ ᠢᠨᠵᠧᠨᠧᠷᠢᠩ ᠪᠣᠯᠣᠨ᠎ᠠ᠃ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ ᠪᠠ ᠠᠷᠠᠳ ᠢ ᠨᠡᠭᠦᠯᠭᠡᠨ | ᠲᠥᠪᠬᠢᠨᠡᠭᠦᠯᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ︽ᠲᠣᠮᠣ | ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤ ᠴᠠᠬᠢᠯᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠭᠠᠵᠠᠷ ᠰᠢᠷᠣᠢ ᠲᠠᠲᠠᠪᠤᠷᠢᠯᠠᠭᠰᠠᠨ ᠲᠥᠯᠥᠪᠦᠷᠢ ᠪᠠ ᠠᠷᠠᠳ ᠢ ᠨᠡᠭᠦᠯᠭᠡᠨ ᠲᠥᠪᠬᠢᠨᠡᠭᠦᠯᠬᠦ ᠳᠦᠷᠢᠮ︾ ︵ᠲᠥᠷᠥ ᠶᠢᠨ | ᠶᠠᠪᠤᠳᠠᠯ ᠤᠨ ᠬᠤᠷᠢᠶᠠᠨ ᠤ ᠵᠠᠷᠯᠢᠭ 679 ᠳ᠋ᠦ᠋ᠭᠡᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠨ ᠮᠡᠳᠡᠭᠳᠡᠶ᠎ᠡ᠄ | ᠨᠢᠭᠡ᠂ ᠠᠷᠤᠨ ᠬᠤᠰᠢᠭᠤᠨ ᠤ ᠰᠢᠶᠣᠣ ᠴᠢ ᠽᠢ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠤᠰᠤᠨ | ᠴᠥᠭᠦᠷᠥᠮ ᠤᠨ ᠲᠦᠯᠬᠢᠯᠲᠡ ᠶᠢᠨ ᠣᠷᠣᠨ ᠵᠢᠴᠢ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ | ᠬᠡᠪᠴᠢᠶ᠎ᠡ ᠨᠢ ᠠᠷᠤᠨ ᠬᠤᠰᠢᠭᠤᠨ ᠤ ᠭᠧᠨᠢ ᠭᠤᠣᠯ ᠤᠨ ᠲᠠᠷᠢᠶᠠᠯᠠᠩ ᠤᠨ ᠲᠠᠯᠠᠪᠠᠢ ᠶᠢᠨ ᠬᠢᠵᠠᠭᠠᠷᠲᠤ ᠺᠣᠮᠫᠠᠨᠢ ᠶᠢᠨ | ᠠᠷᠪᠠᠨ ᠨᠠᠢᠮᠠᠳᠤᠭᠠᠷ ᠦᠢᠯᠡᠳᠪᠦᠷᠢᠯᠡᠯ ᠤᠨ ᠳᠤᠭᠤᠶᠢᠯᠠᠩ ᠪᠠ ᠠᠷᠤᠨ ᠬᠤᠰᠢᠭᠤᠨ ᠤ ᠳ᠋ᠧᠯᠴᠢᠷ ᠣᠢ ᠰᠢᠭᠤᠢ ᠶᠢᠨ | ᠲᠠᠯᠠᠪᠠᠢ᠂ ᠰᠠᠨ ᠬᠤᠤ ᠳ᠋ᠢᠶᠠᠨ ᠽᠢ ᠣᠢ ᠰᠢᠭᠤᠢ ᠶᠢᠨ ᠲᠠᠯᠠᠪᠠᠢ ᠲᠠᠢ ᠬᠤᠯᠪᠣᠭᠳᠠᠵᠤ᠂ ᠪᠣᠳᠠᠲᠠᠢ ᠬᠦᠷᠢᠶ᠎ᠡ | ᠬᠡᠪᠴᠢᠶ᠎ᠡ ᠶᠢ ᠨᠢ ᠲᠤᠬᠠᠢ ᠶᠢᠨ ᠲᠠᠯᠠᠪᠠᠢ ᠳᠤ ᠬᠠᠳᠠᠭᠰᠠᠨ ᠱᠣᠩ ᠢᠶᠠᠷ ᠪᠠᠷᠢᠮᠵᠢᠶ᠎ᠠ ᠪᠣᠯᠭᠠᠨ᠎ᠠ᠃ | ᠬᠤᠶᠠᠷ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢ | ᠠᠷᠤᠨ ᠬᠤᠰᠢᠭᠤᠨ ᠤ ᠰᠢᠶᠣᠣ ᠴᠢ ᠽᠢ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠤᠰᠤᠨ | ᠴᠥᠭᠦᠷᠥᠮ ᠤᠨ ᠲᠦᠯᠬᠢᠯᠲᠡ ᠶᠢᠨ ᠣᠷᠣᠨ ᠪᠠ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ | ᠬᠡᠪᠴᠢᠶᠡᠨ ᠳᠤ ᠡᠯ᠎ᠡ ᠵᠦᠢᠯ ᠤᠨ ᠰᠠᠭᠤᠷᠢ ᠪᠡᠯᠡᠳᠬᠡᠮᠵᠢ ︵ᠰᠢᠶᠠᠩ ᠪᠠᠯᠭᠠᠰᠤᠨ ᠤ ᠠᠵᠤ ᠠᠬᠤᠶᠢᠯᠠᠯ ᠪᠠ ᠠᠷᠠᠳ ᠤᠨ | ᠬᠡᠷᠡᠭᠯᠡᠭᠡᠨ ᠤ ᠣᠷᠣᠨ ᠰᠠᠭᠤᠴᠠ ᠶᠢ ᠪᠠᠭᠲᠠᠭᠠᠨ᠎ᠠ︶ ᠪᠠᠶᠢᠭᠤᠯᠬᠤ ᠶᠢ ᠵᠥᠪᠰᠢᠶᠡᠷᠡᠵᠦ ᠪᠣᠯᠬᠤ ᠦᠭᠡᠢ᠃ | ᠭᠤᠷᠪᠠ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠠᠷᠤᠨ ᠬᠤᠰᠢᠭᠤᠨ ᠤ ᠰᠢᠶᠣᠣ ᠴᠢ ᠽᠢ ᠤᠰᠤᠨ | ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠤᠰᠤᠨ ᠴᠥᠭᠦᠷᠥᠮ ᠤᠨ ᠲᠦᠯᠬᠢᠯᠲᠡ ᠶᠢᠨ ᠣᠷᠣᠨ ᠪᠠ ᠬᠦᠢᠰᠦ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶᠡᠨ ᠳᠤ ᠲᠥᠷᠥᠯ ᠵᠦᠢᠯ ᠰᠢᠨ᠎ᠡ ᠪᠠᠷ ᠪᠠᠶᠢᠭᠤᠯᠬᠤ᠂ | ᠥᠷᠭᠡᠳᠬᠡᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ ᠪᠣᠯᠬᠤ ᠦᠭᠡᠢ᠂ ᠭᠡᠷ ᠪᠠᠶᠢᠰᠢᠩ ᠵᠢᠴᠢ ᠪᠤᠰᠤᠳ | ᠪᠡᠯᠡᠳᠬᠡᠮᠵᠢ ᠶᠢ ᠪᠠᠶᠢᠭᠤᠯᠵᠤ ᠪᠣᠯᠬᠤ ᠦᠭᠡᠢ᠂ ᠤᠤᠯ ᠭᠠᠵᠠᠷ ᠤᠨ ᠲᠥᠷᠥᠯ᠂ ᠭᠠᠵᠠᠷ ᠤᠨ ᠲᠥᠷᠬᠦ ᠶᠢ | ᠬᠤᠪᠢᠷᠠᠭᠤᠯᠵᠤ ᠪᠣᠯᠬᠤ ᠦᠭᠡᠢ᠂ ᠲᠠᠷᠢᠶᠠᠯᠠᠬᠤ ᠭᠠᠵᠠᠷ᠂ ᠴᠡᠴᠡᠷᠯᠢᠭ ᠤᠨ ᠭᠠᠵᠠᠷ ᠢ ᠵᠠᠪᠳᠤᠨ ᠵᠠᠪᠰᠢᠵᠤ | ᠬᠠᠭᠠᠯᠪᠤᠷᠢᠯᠠᠬᠤ᠂ ᠡᠯ᠎ᠡ ᠵᠦᠢᠯ ᠤᠨ ᠣᠯᠠᠨ ᠨᠠᠰᠤᠲᠤ ᠠᠵᠤ ᠠᠬᠤᠢ ᠶᠢᠨ ᠲᠠᠷᠢᠮᠠᠯ ᠪᠠ ᠣᠢ ᠮᠣᠳᠣ ᠶᠢ ᠵᠠᠪᠳᠤᠨ | ᠵᠠᠪᠰᠢᠵᠤ ᠵᠠᠶᠢᠯᠠᠬᠤ ᠵᠡᠷᠭᠡ ᠭᠠᠵᠠᠷ ᠰᠢᠷᠣᠢ ᠶᠢᠨ ᠬᠡᠷᠡᠭᠴᠡᠭᠡ ᠶᠢ ᠬᠤᠪᠢᠷᠠᠭᠤᠯᠬᠤ ᠪᠠ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢ ᠨᠥᠯᠥᠭᠡᠯᠡᠬᠦ ᠠᠵᠢᠯᠯᠠᠭ᠎ᠠ ᠶᠢ ᠬᠢᠵᠦ ᠪᠣᠯᠬᠤ ᠦᠭᠡᠢ᠃ | ᠳᠥᠷᠪᠡ᠂ ᠠᠷᠤᠨ ᠬᠤᠰᠢᠭᠤᠨ ᠤ ᠰᠢᠶᠣᠣ ᠴᠢ ᠽᠢ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠨᠡᠯᠢᠶᠡᠳ ᠤᠷᠲᠤ ᠪᠠᠶᠢᠬᠤ ᠶᠢ ᠪᠣᠳᠣᠯᠬᠢᠯᠠᠨ᠂ | ᠲᠤᠬᠠᠢ ᠶᠢᠨ ᠭᠠᠵᠠᠷ ᠤᠨ ᠣᠯᠠᠨ ᠲᠦᠮᠡᠨ ᠤ ᠬᠡᠪ ᠤᠨ ᠦᠢᠯᠡᠳᠪᠦᠷᠢᠯᠡᠯ ᠠᠮᠢᠳᠤᠷᠠᠯ ᠳᠤ ᠨᠢ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠠᠴᠠ ᠪᠣᠯᠵᠤ ᠳᠡᠩᠳᠡᠭᠦᠦ ᠶᠡᠭᠡ ᠨᠥᠯᠥᠭᠡ ᠪᠣᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠶᠢᠨ | ᠲᠤᠰᠠᠳᠠ᠂ ᠲᠤᠬᠠᠢ ᠶᠢᠨ ᠭᠠᠵᠠᠷ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠰᠢᠭᠤᠳ | ᠬᠤᠯᠪᠣᠭᠳᠠᠬᠤ᠂ ᠦᠨᠡᠨ ᠬᠦ ᠪᠦᠲᠦᠭᠡᠨ ᠪᠠᠶᠢᠭᠤᠯᠬᠤ ᠴᠢᠬᠤᠯᠠ ᠲᠠᠢ ᠲᠥᠷᠥᠯ ᠵᠦᠢᠯ ᠳᠤ ︽ᠲᠣᠮᠣ ᠳᠤᠮᠳᠠ | ᠬᠡᠯᠪᠡᠷᠢ ᠶᠢᠨ ᠤᠰᠤᠨ ᠠᠰᠢᠭᠯᠠᠯᠲᠠ ᠤᠰᠤ ᠴᠠᠬᠢᠯᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ | ᠰᠢᠷᠣᠢ ᠲᠠᠲᠠᠪᠤᠷᠢᠯᠠᠭᠰᠠᠨ ᠲᠥᠯᠥᠪᠦᠷᠢ ᠪᠠ ᠠᠷᠠᠳ ᠢ ᠨᠡᠭᠦᠯᠭᠡᠨ ᠲᠥᠪᠬᠢᠨᠡᠭᠦᠯᠬᠦ ᠳᠦᠷᠢᠮ︾ ᠤᠨ ᠬᠤᠯᠪᠣᠭᠳᠠᠯ | ᠪᠦᠬᠦᠢ ᠲᠣᠭᠲᠠᠭᠠᠯ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠪᠠᠶᠢᠭᠤᠯᠵᠤ ᠪᠣᠯᠣᠨ᠎ᠠ᠃ | ᠲᠠᠪᠤ᠂ ᠠᠷᠤᠨ ᠬᠤᠰᠢᠭᠤᠨ ᠤ ᠰᠢᠶᠣᠣ ᠴᠢ ᠽᠢ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠤᠰᠤᠨ | ᠴᠥᠭᠦᠷᠥᠮ ᠤᠨ ᠲᠦᠯᠬᠢᠯᠲᠡ ᠶᠢᠨ ᠣᠷᠣᠨ ᠵᠢᠴᠢ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ | ᠬᠡᠪᠴᠢᠶᠡᠨ ᠳᠠᠬᠢ ᠡᠷᠦᠬᠡ ᠠᠮᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢᠨ | ᠬᠡᠪᠴᠢᠶᠡᠨ ᠳᠤ ᠬᠥᠮᠥᠨ ᠠᠮᠠ ᠨᠡᠭᠦᠯᠭᠡᠨ ᠣᠷᠣᠭᠤᠯᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠲᠥᠷᠥᠭᠰᠡᠨ᠂ | ᠤᠷᠤᠭᠯᠠᠭᠰᠠᠨ᠂ ᠴᠡᠷᠢᠭ ᠠᠴᠠ ᠬᠠᠯᠠᠭᠳᠠᠭᠰᠠᠳ ᠪᠠ ᠪᠠᠭᠤᠭᠰᠠᠳ᠂ ᠳᠡᠭᠡᠳᠦ ᠳᠤᠮᠳᠠ ᠵᠡᠷᠭᠡ ᠶᠢᠨ ᠲᠤᠰᠬᠠᠢ | ᠮᠡᠷᠭᠡᠵᠢᠯ ᠤᠨ ᠰᠤᠷᠭᠠᠭᠤᠯᠢ ᠲᠡᠭᠦᠰᠦᠭᠰᠡᠳ᠂ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠥᠰ | ᠵᠡᠷᠭᠡ ᠨᠤᠲᠤᠭ ᠲᠤ ᠪᠠᠨ ᠪᠤᠴᠠᠭᠰᠠᠨ ᠬᠥᠮᠥᠰ ᠠᠴᠠ ᠪᠤᠰᠤᠳ ᠲᠤ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠡᠯ᠎ᠡ ᠲᠥᠷᠥᠯ ᠤᠨ ᠬᠥᠮᠥᠨ ᠠᠮᠠ ᠳᠤ ᠨᠡᠭᠦᠯᠭᠡᠵᠦ | ᠣᠷᠣᠭᠤᠯᠬᠤ ᠭᠠᠷᠳᠠᠮ ᠭᠦᠢᠴᠡᠳᠬᠡᠵᠦ ᠪᠣᠯᠬᠤ ᠦᠭᠡᠢ᠃ | ᠵᠢᠷᠭᠤᠭ᠎ᠠ᠂ ᠪᠠᠷᠢᠯᠭ᠎ᠠ ᠶᠢᠨ ᠭᠠᠵᠠᠷ ᠰᠢᠷᠣᠢ ᠲᠠᠲᠠᠪᠤᠷᠢᠯᠠᠵᠤ ᠨᠡᠭᠦᠯᠭᠡᠨ ᠰᠢᠯᠵᠢᠭᠦᠯᠬᠦ ᠲᠠᠰᠢᠷᠠᠮ ᠢ ᠠᠰᠢᠭᠯᠠᠨ | ᠣᠯᠠᠨ ᠲᠦᠮᠡᠨ ᠢ ᠥᠳᠥᠭᠡᠨ ᠬᠡᠷᠡᠭ ᠭᠠᠷᠭᠠᠵᠤ᠂ ᠭᠠᠵᠠᠷ ᠰᠢᠷᠣᠢ ᠲᠠᠲᠠᠪᠤᠷᠢᠯᠠᠵᠤ ᠨᠡᠭᠦᠯᠭᠡᠨ ᠰᠢᠯᠵᠢᠭᠦᠯᠬᠦ ᠠᠵᠢᠯ ᠳᠤ | ᠬᠠᠷᠰᠢ ᠰᠠᠭᠠᠳ ᠤᠴᠠᠷᠠᠭᠤᠯᠤᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠬᠠᠷᠰᠢᠯᠠᠨ ᠨᠥᠯᠥᠭᠡᠯᠡᠬᠦ ᠵᠡᠷᠭᠡ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠨ ᠲᠣᠷᠭᠠᠬᠤ | ᠬᠠᠤᠯᠢ︾ ᠶᠢᠨ ᠲᠣᠭᠲᠠᠭᠠᠯ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠲᠣᠷᠭᠠᠭᠤᠯᠢ ᠥᠭᠬᠦ | ᠬᠡᠷᠡᠭᠲᠡᠢ᠃ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ | ᠬᠡᠷᠡᠭᠲᠡᠢ᠃ | ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | 2024 ᠣᠨ ᠤ 4 ᠳ᠋ᠦ᠋ᠭᠡᠷ ᠰᠠᠷ᠎ᠠ ᠶᠢᠨ 7 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | | | | | | | | | | | | | | | | | | | | | | | | | | | | | | | | ᠁ |