| ︽ᠲᠤᠰᠬᠠᠢ ᠰᠤᠷᠭᠠᠨ ᠬᠥᠮᠦᠵᠢᠯ︾ | ᠲᠤᠰᠬᠠᠶ ᠰᠤᠷᠭᠠᠨ ᠬᠥᠮᠦᠵᠢᠯ ᠪᠣᠯ ᠤᠯᠤᠰ ᠠᠷᠠᠳ ᠤᠨ ᠰᠤᠷᠭᠠᠨ ᠬᠥᠮᠦᠵᠢᠯ ᠤᠨ ᠲᠣᠭᠲᠠᠯᠴᠠᠭᠠᠨ ᠤ | ᠪᠦᠷᠢᠯᠳᠦᠬᠦᠨ ᠬᠡᠰᠡᠭ ᠪᠣᠯᠬᠤ ᠪᠥᠭᠡᠳ ᠬᠦᠨᠳᠦ ᠨᠣᠴᠢᠲᠠᠶ ᠮᠠᠭᠤ ᠦᠢᠯᠡ ᠠᠵᠢᠯᠯᠠᠭ᠎ᠠ ᠬᠢᠭᠡᠳ ᠨᠠᠰᠤᠨ ᠳᠤ ᠦᠯᠦ | ᠬᠦᠷᠦᠭᠰᠡᠳ ᠢ ᠰᠤᠷᠭᠠᠨ ᠬᠥᠮᠦᠵᠢᠭᠦᠯᠬᠦ ᠪᠠ ᠵᠠᠯᠠᠷᠠᠭᠤᠯᠬᠤ ᠶᠢᠨ ᠴᠢᠬᠤᠯᠠ ᠬᠠᠮᠠᠭᠠᠯᠠᠯᠲᠠ ᠪᠦᠬᠦᠢ ᠰᠢᠢᠳᠬᠡᠯ ᠥᠭᠬᠦ | ᠠᠷᠭ᠎ᠠ ᠬᠡᠮᠵᠢᠶ᠎ᠡ ᠪᠣᠯᠤᠨ᠎ᠠ᠃ ᠲᠤᠰᠬᠠᠶ ᠰᠤᠷᠭᠠᠨ ᠬᠥᠮᠦᠵᠢᠯ ᠨᠢ ᠨᠠᠰᠤᠨ ᠳᠤ ᠥᠯᠥ ᠭᠦᠷᠦᠭᠰᠡᠳ ᠤᠨ ᠪᠡᠶ᠎ᠡ | ᠰᠡᠳᠬᠢᠴᠡ ᠶᠢᠨ ᠬᠥᠭᠵᠢᠯᠲᠡ ᠶᠢᠨ ᠣᠨᠴᠠᠯᠢᠭ ᠲᠤ ᠴᠢᠭᠯᠡᠭᠦᠯᠦᠨ᠂ ᠲᠤᠰᠬᠠᠶ ᠰᠤᠷᠭᠠᠭᠤᠯᠢ ᠶᠢᠨ ᠰᠤᠷᠤᠭᠴᠢᠳ ᠲᠤ | ᠦᠵᠡᠯ ᠰᠠᠨᠠᠭ᠎ᠠ ᠶᠣᠰᠣ ᠰᠤᠷᠲᠠᠬᠤᠨ᠂ ᠬᠠᠤᠯᠢᠵᠢᠯ᠂ ᠤᠷᠠᠯᠢᠭ ᠪᠡᠶ᠎ᠡ ᠶᠢᠨ ᠲᠠᠮᠢᠷ᠂ ᠰᠢᠨᠵᠢᠯᠡᠬᠦ ᠤᠬᠠᠭᠠᠨ ᠰᠣᠶᠣᠯ᠂ | ᠠᠵᠢᠯ ᠮᠡᠷᠭᠡᠵᠢᠯ᠂ ᠰᠡᠳᠬᠢᠴᠡ ᠶᠢᠨ ᠡᠷᠡᠭᠦᠯ ᠮᠡᠨᠳᠦ ᠪᠠ ᠠᠮᠢ ᠨᠠᠰᠤ ᠵᠡᠷᠭᠡ ᠶᠢᠨ ᠰᠤᠷᠭᠠᠨ ᠬᠥᠮᠦᠵᠢᠯ ᠢ ᠭᠦᠨᠵᠡᠭᠡᠶ | ᠥᠷᠨᠢᠭᠦᠯᠵᠦ᠂ ᠲᠡᠳᠡᠨ ᠢ ᠬᠠᠪᠰᠤᠷᠤᠨ ᠵᠥᠪ ᠶᠢᠷᠲᠢᠨᠴᠦ ᠶᠢᠨ ᠦᠵᠡᠯᠲᠡ ᠠᠮᠢᠳᠤᠷᠠᠬᠤᠶ ᠶᠢᠨ ᠦᠵᠡᠯᠲᠡ | ᠥᠷᠲᠡᠭ ᠤᠨ ᠦᠵᠡᠯᠲᠡ ᠲᠠᠢ ᠪᠣᠯᠭᠠᠵᠤ᠂ ᠬᠠᠤᠯᠢᠵᠢᠯ ᠤᠨ ᠤᠬᠠᠮᠰᠠᠷ ᠪᠠ ᠲᠦᠷᠢᠮ ᠤᠨ ᠤᠬᠠᠮᠰᠠᠷ ᠢ ᠨᠢ | ᠬᠥᠮᠦᠵᠢᠭᠦᠯᠦᠨ᠂ ᠦᠢᠯᠡ ᠠᠵᠢᠯᠯᠠᠭ᠎ᠠ ᠶᠢᠨ ᠦᠨᠳᠦᠰᠦᠨ ᠬᠤᠷᠢᠭ᠎ᠠ ᠱᠤᠭᠤᠮ ᠢ ᠲᠣᠳᠣᠷᠬᠠᠶᠢᠯᠠᠵᠤ᠂ | ᠰᠡᠳᠬᠢᠴᠡ ᠶᠢᠨ ᠪᠠ ᠦᠢᠯᠡ ᠠᠵᠢᠯᠯᠠᠭ᠎ᠠ ᠶᠢᠨ ᠠᠯᠳᠠᠭ᠎ᠠ ᠶᠢ ᠨᠢ ᠵᠠᠯᠠᠷᠠᠭᠤᠯᠤᠨ᠎ᠠ᠃ ᠲᠤᠰᠬᠠᠶ ᠰᠤᠷᠭᠠᠭᠤᠯᠢ ᠶᠢᠨ | ᠪᠦᠲᠦᠭᠡᠨ ᠪᠠᠶᠢᠭᠤᠯᠤᠯᠲᠠ ᠪᠠ ᠲᠤᠰᠬᠠᠶ ᠰᠤᠷᠭᠠᠨ ᠬᠥᠮᠦᠵᠢᠯ ᠤᠨ ᠠᠵᠢᠯ ᠢ ᠴᠢᠩᠭᠠᠳᠬᠠᠬᠤ ᠪᠣᠯ ᠵᠠᠯᠠᠭᠤᠴᠤᠳ | ᠪᠠᠭᠠᠴᠤᠳ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠬᠢᠬᠦ ᠶᠢ ᠰᠡᠷᠭᠡᠶᠢᠯᠡᠬᠦ ᠪᠠ ᠪᠠᠭᠠᠰᠬᠠᠬᠤ ᠶᠢᠨ | ᠪᠣᠳᠠᠲᠤ ᠱᠠᠭᠠᠷᠳᠠᠯᠭ᠎ᠠ ᠪᠣᠯᠬᠤ ᠪᠥᠭᠡᠳ ᠵᠠᠯᠠᠭᠤᠴᠤᠳ ᠪᠠᠭᠠᠴᠤᠳ ᠤᠨ ᠪᠦᠬᠦᠯᠢ ᠴᠣᠭᠴᠠ ᠶᠢᠨ ᠡᠷᠡᠭᠦᠯ ᠢᠶᠠᠷ | ᠥᠰᠦᠨ ᠪᠤᠶᠢᠵᠢᠬᠤ ᠶᠢ ᠠᠬᠢᠭᠤᠯᠬᠤ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠪᠣᠯᠬᠤ ᠪᠥᠭᠡᠳ ᠭᠡᠷ ᠪᠦᠯᠢ ᠶᠢᠨ ᠠᠮᠤᠷ | ᠵᠢᠷᠭᠠᠯ ᠲᠠᠢ ᠨᠢ ᠬᠤᠯᠪᠣᠭᠳᠠᠬᠤ ᠪᠠᠷ ᠦᠯᠦ ᠪᠠᠷᠠᠨ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ᠂ | ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠲᠠᠢ ᠴᠤ ᠬᠤᠯᠪᠣᠭᠳᠠᠨ᠎ᠠ᠃ ᠲᠤᠰᠬᠠᠶ | ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ᠂ ᠲᠤᠰᠬᠠᠶ ᠰᠤᠷᠭᠠᠨ ᠬᠥᠮᠦᠵᠢᠯ ᠤᠨ ᠬᠡᠯᠪᠡᠷᠢ ᠪᠠ | ᠠᠭᠤᠯᠭ᠎ᠠ ᠶᠢ ᠰᠤᠷᠭᠠᠨ ᠬᠥᠮᠦᠵᠢᠯ ᠤᠨ ᠬᠠᠤᠯᠢ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ᠂ | ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ᠂ ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ | ᠰᠡᠷᠭᠡᠶᠢᠯᠡᠬᠦ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠬᠡᠷᠡᠭᠵᠢᠭᠦᠯᠦᠨ᠎ᠡ᠃ | ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠰᠢ ᠶᠤᠰᠤ︾ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠰᠢ ᠶᠣᠰᠣ ᠭᠡᠳᠡᠭ ᠪᠣᠯ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠤᠳᠤᠯᠭᠠᠨ ᠪᠠ ᠮᠡᠷᠭᠡᠵᠢᠯ ᠤᠨ ᠨᠡᠭᠡᠭᠡᠯᠲᠡ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠢᠯᠯᠠᠭ᠎ᠠ ᠳᠤᠮᠳᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠵᠢᠴᠢ ᠲᠡᠳᠡᠨᠡᠷ ᠤᠨ ᠬᠠᠮᠲᠤ ᠶᠢᠨ | ᠴᠣᠭᠴᠠ ᠶᠢᠨ ᠵᠢᠷᠤᠮᠯᠠᠬᠤ ᠴᠢᠬᠤᠯᠠᠲᠠᠶ ᠥᠷᠲᠡᠭ ᠤᠨ ᠣᠨᠣᠯᠵᠢᠬᠤᠨ ᠪᠠ ᠦᠢᠯᠡ ᠠᠵᠢᠯᠯᠠᠭ᠎ᠠ ᠶᠢᠨ ᠵᠢᠷᠤᠮᠵᠢᠯ ᠮᠥᠨ | ᠪᠥᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠶᠢᠨ ᠲᠡᠶᠢᠰᠢ ᠬᠥᠭᠵᠢᠬᠦ᠂ ᠬᠥᠮᠦᠨ ᠲᠥᠷᠥᠯᠬᠢᠲᠡᠨ ᠤ | ᠪᠤᠶᠠᠨ ᠵᠢᠷᠭᠠᠯ ᠢ ᠨᠡᠮᠡᠭᠳᠡᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠶᠢᠨ ᠴᠢᠬᠤᠯᠠ ᠪᠠᠲᠤᠯᠠᠭ᠎ᠠ ᠶᠤᠮ᠃ | ︽ᠲᠤᠰᠬᠠᠢ ᠨᠠᠷᠢᠯᠢᠭ ᠣᠨᠴᠠ ᠰᠢᠨ᠎ᠡ︾ | ᠲᠤᠰᠬᠠᠢ ᠨᠠᠷᠢᠯᠢᠭ ᠣᠨᠴᠠ ᠰᠢᠨ᠎ᠡ ᠭᠡᠳᠡᠭ ᠨᠢ ᠲᠤᠰᠬᠠᠶᠢᠵᠢᠭᠰᠠᠨ᠂ ᠨᠠᠷᠢᠯᠢᠭᠵᠢᠭᠤᠯᠤᠭᠰᠠᠨ᠂ | ᠣᠨᠴᠠᠯᠢᠭᠲᠤ᠂ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ ᠪᠠᠶᠢᠬᠤ ᠶᠢᠨ ᠲᠣᠪᠴᠢ ᠨᠡᠷᠡᠶᠢᠳᠦᠯ ᠪᠣᠯᠣᠨ᠎ᠠ᠃ ︽ | ᠲᠤᠰᠬᠠᠢ︾ ᠭᠡᠳᠡᠭ ᠨᠢ ᠳᠠᠷᠤᠢ ᠲᠤᠰᠬᠠᠶᠢᠵᠢᠭᠰᠠᠨ ᠪᠠᠶᠢᠵᠤ᠂ ᠠᠵᠤ ᠦᠢᠯᠡᠰ ᠤᠨ ᠠᠵᠢᠯ ᠤᠨ ᠬᠤᠪᠢᠶᠠᠷᠢᠯᠠᠯ ᠳᠤ | ᠨᠡᠶᠢᠴᠡᠭᠦᠯᠬᠦ ᠶᠢ ᠴᠢᠬᠤᠯᠠᠴᠢᠯᠠᠵᠤ᠂ ᠨᠠᠷᠢᠨ ᠨᠢᠭᠲᠠ ᠬᠤᠪᠢᠶᠠᠷᠢᠯᠠᠯ ᠲᠠᠢ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠨᠢᠭᠡ ᠰᠡᠳᠬᠢᠯ ᠨᠢᠭᠡ ᠵᠣᠷᠢᠭ ᠢᠶᠠᠷ ᠭᠤᠣᠯ ᠠᠵᠢᠯ ᠢᠶᠠᠨ ᠪᠠᠲᠤ ᠰᠠᠬᠢᠵᠤ᠂ ᠭᠦᠨᠵᠡᠭᠡᠢ ᠠᠵᠢᠯᠯᠠᠨ | ᠨᠢᠮᠪᠠᠢ ᠬᠢᠬᠦ ᠶᠢ ᠴᠢᠬᠤᠯᠠᠴᠢᠯᠠᠨ᠎ᠠ᠃ ︽ᠨᠠᠷᠢᠯᠢᠭ︾ ᠭᠡᠳᠡᠭ ᠨᠢ ᠳᠠᠷᠤᠢ ᠨᠠᠷᠢᠯᠢᠭᠵᠢᠭᠤᠯᠤᠭᠰᠠᠨ ᠪᠠᠶᠢᠵᠤ᠂ ᠠᠵᠤ | ᠠᠬᠤᠶᠢᠯᠠᠯ ᠤᠨ ᠬᠠᠮᠢᠶᠠᠷᠤᠯᠲᠠ᠂ ᠦᠢᠯᠡᠳᠬᠦᠨ ᠦᠢᠯᠡᠴᠢᠯᠡᠭᠡ᠂ ᠮᠡᠷᠭᠡᠵᠢᠯ ᠮᠡᠷᠭᠡᠰᠢᠯ ᠨᠢ ᠨᠠᠷᠢᠯᠢᠭ ᠪᠠᠶᠢᠬᠤ ᠶᠢ | ᠴᠢᠬᠤᠯᠠᠴᠢᠯᠠᠨ᠎ᠠ᠃ ︽ᠣᠨᠴᠠ︾ ᠭᠡᠳᠡᠭ ᠨᠢ ᠳᠠᠷᠤᠢ ᠣᠨᠴᠠᠯᠢᠭ ᠲᠠᠢ ᠪᠠᠶᠢᠬᠤ ᠶᠢ ᠵᠢᠭᠠᠵᠤ᠂ ᠮᠡᠷᠭᠡᠵᠢᠯ᠂ ᠤᠷᠠᠯᠠᠯ | ᠪᠠ ᠦᠢᠯᠡᠳᠬᠦᠨ ᠵᠡᠷᠭᠡ ᠨᠢ ᠥᠪᠡᠷ ᠤᠨ ᠥᠪᠡᠷᠮᠢᠴᠡ ᠳᠠᠪᠠᠭᠤᠯᠢᠭ ᠲᠠᠢ᠂ ︽ᠣᠨᠴᠠᠯᠢᠭᠲᠤ ᠮᠡᠷᠭᠡᠵᠢᠯ︾ | ᠡᠵᠡᠮᠰᠢᠬᠦ ᠶᠢ ᠴᠢᠬᠤᠯᠠᠴᠢᠯᠠᠨ᠎ᠠ᠃ ︽ᠰᠢᠨ᠎ᠡ︾ ᠭᠡᠳᠡᠭ ᠨᠢ ᠳᠠᠷᠤᠢ ᠰᠢᠨ᠎ᠡ ᠡᠭᠦᠳᠦᠯᠲᠡ ᠶᠢᠨ ᠴᠢᠳᠠᠪᠤᠷᠢ ᠪᠠᠷ | ᠴᠢᠩᠭ᠎ᠠ ᠪᠠᠶᠢᠬᠤ ᠶᠢ ᠬᠡᠯᠡᠵᠦ᠂ ᠰᠢᠨ᠎ᠡ ᠡᠭᠦᠳᠦᠯᠲᠡ ᠪᠠᠷ ᠠᠵᠤ ᠠᠬᠤᠶᠢᠯᠠᠯ ᠤᠨ ᠣᠷᠣᠰᠢᠨ ᠲᠣᠭᠲᠠᠨᠢᠬᠤ ᠪᠠ | ᠬᠥᠭᠵᠢᠬᠦ ᠶᠢᠨ ᠦᠨᠳᠦᠰᠦ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠰᠢᠨ᠎ᠡ ᠡᠭᠦᠳᠦᠯᠲᠡ᠂ ᠮᠡᠷᠭᠡᠵᠢᠯ ᠤᠨ ᠰᠢᠨ᠎ᠡ | ᠡᠭᠦᠳᠦᠯᠲᠡ᠂ ᠵᠠᠬ᠎ᠠ ᠳᠡᠯᠭᠡᠭᠦᠷ ᠤᠨ ᠰᠢᠨ᠎ᠡ ᠡᠭᠦᠳᠦᠯᠲᠡ ᠶᠢ ᠦᠷᠭᠦᠯᠵᠢᠯᠡᠨ ᠥᠷᠨᠢᠭᠦᠯᠵᠦ᠂ ᠰᠢᠨ᠎ᠡ ᠡᠭᠦᠳᠦᠯᠲᠡ ᠶᠢᠨ | ᠣᠷᠣᠭᠤᠯᠤᠯᠲᠠ ᠪᠠᠨ ᠨᠡᠮᠡᠭᠳᠡᠭᠦᠯᠵᠦ᠂ ᠰᠢᠨ᠎ᠡ ᠡᠭᠦᠳᠦᠯᠲᠡ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠴᠢᠬᠤᠯᠠᠴᠢᠯᠠᠨ᠎ᠠ | ᠃ ᠲᠤᠰᠬᠠᠶ ᠨᠠᠷᠢᠯᠢᠭ ᠣᠨᠴᠠ ᠰᠢᠨ᠎ᠡ ᠳᠤᠮᠳᠠ ᠵᠢᠵᠢᠭ ᠠᠵᠤ ᠠᠬᠤᠶᠢᠯᠠᠯ ᠤᠳ ᠨᠢ ᠣᠨᠴᠠ ᠶᠢᠨ ᠲᠥᠪᠯᠡᠷᠡᠩᠭᠦᠢ ᠪᠠᠷ | ᠳᠠᠪᠠᠭᠤᠯᠢᠭ ᠢᠶᠠᠨ ᠪᠠᠲᠤᠳᠬᠠᠵᠤ᠂ ᠢᠵᠢ ᠪᠦᠷᠢᠳᠦᠭᠦᠯᠬᠦ ᠪᠠᠷ ᠠᠵᠤ ᠦᠢᠯᠡᠰ ᠢᠶᠠᠨ ᠬᠦᠴᠦᠷᠬᠡᠭᠵᠢᠭᠦᠯᠵᠦ᠂ ᠰᠢᠨ᠎ᠡ | ᠡᠭᠦᠳᠦᠯᠲᠡ ᠪᠠᠷ ᠵᠠᠬ᠎ᠠ ᠳᠡᠯᠭᠡᠭᠦᠷ ᠲᠠᠬᠢ ᠣᠷᠣᠨ ᠪᠠᠶᠢᠷᠢ ᠪᠠᠨ ᠣᠯᠳᠠᠭ᠂ ᠲᠡᠷᠡ ᠨᠢ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠶᠢᠨ | ᠵᠠᠩᠭᠢᠯᠠᠭ᠎ᠠ ᠶᠢᠨ ᠭᠤᠭᠴᠤᠭ᠎ᠠ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ︽ᠪᠣᠭᠤᠮᠢ︾ ᠪᠣᠯᠵᠤ ᠪᠠᠶᠢᠭ᠎ᠠ | ᠠᠰᠠᠭᠤᠳᠠᠯ ᠢ ᠰᠢᠢᠳᠪᠦᠷᠢᠯᠡᠬᠦ ᠴᠢᠬᠤᠯᠠ ᠬᠦᠴᠦᠨ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ᠂ ᠰᠢᠨ᠎ᠡ ᠬᠥᠭᠵᠢᠯᠲᠡ ᠶᠢᠨ ᠲᠥᠯᠥᠪ ᠪᠠᠶᠢᠳᠠᠯ ᠢ ᠪᠠᠶᠢᠭᠤᠯᠬᠤ ᠶᠢᠨ ᠬᠦᠴᠦᠲᠡᠢ ᠲᠤᠯᠭᠠᠭᠤᠷᠢᠯᠠᠯ ᠮᠥᠨ᠃ | | |