| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠵᠠᠷᠯᠢᠭ | 266 ᠳ᠋ᠤᠭᠠᠷ ᠲᠣᠭᠠᠲᠤ | ︽ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ | ᠪᠣᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠲᠣᠭᠲᠠᠭᠠᠯ︾ ᠢ ᠨᠢᠭᠡᠨᠲᠡ 2024 ᠣᠨ ᠤ 4 ᠳ᠋ᠦ᠋ᠭᠡᠷ ᠰᠠᠷ᠎ᠠ ᠶᠢᠨ 25 ᠤ ᠡᠳᠦᠷ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ 12 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ | ᠪᠠᠲᠤᠯᠠᠭᠠᠳ᠂ ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ | 2024 ᠣᠨ ᠤ 5 ᠳ᠋ᠤᠭᠠᠷ ᠰᠠᠷ᠎ᠠ ᠶᠢᠨ 8 ᠤ ᠡᠳᠦᠷ | ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ | ᠪᠣᠯᠭᠠᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠲᠣᠭᠲᠠᠭᠠᠯ | ᠨᠡᠶᠢᠭᠡᠮ ᠵᠢᠷᠤᠮ ᠤᠨ ᠬᠠᠤᠯᠢ ᠳᠦᠷᠢᠮ ᠤᠨ ᠨᠢᠭᠡᠳᠦᠯᠲᠡᠢ ᠪᠠᠶᠢᠬᠤ ᠶᠢ ᠬᠠᠮᠠᠭᠠᠯᠠᠬᠤ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 4 ᠳ᠋ᠦ᠋ᠭᠡᠷ ᠰᠠᠷ᠎ᠠ ᠶᠢᠨ | 25 ᠤ ᠡᠳᠦᠷ 12 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠳᠣᠣᠷᠠᠬᠢ | ᠵᠠᠰᠠᠭ ᠤᠨ ᠣᠷᠳᠣᠨ ᠤ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠪᠠᠷ | ᠲᠣᠭᠲᠠᠪᠠ᠄ | ᠨᠢᠭᠡ᠂ 2 ᠬᠤᠪᠢ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠡᠰᠡᠭ ᠵᠦᠢᠯ ᠵᠤᠷᠪᠤᠰ ᠲᠤ ᠵᠠᠰᠠᠪᠤᠷᠢ | ᠣᠷᠣᠭᠤᠯᠤᠨ᠎ᠠ᠃ ︵ᠳᠠᠭᠠᠯᠳᠤᠭᠤᠯᠤᠯ 1︶ | ᠬᠤᠶᠠᠷ᠂ 2 ᠬᠤᠪᠢ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠬᠦᠴᠦᠨ ᠦᠭᠡᠢ ᠪᠣᠯᠭᠠᠨ᠎ᠠ᠃ ︵ | ᠳᠠᠭᠠᠯᠳᠤᠭᠤᠯᠤᠯ 2︶ | ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠲᠣᠰ ᠲᠣᠭᠲᠠᠭᠠᠯ ᠢ ᠦᠨᠳᠦᠰᠦᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠲᠤᠭᠤᠷᠪᠢᠨ | ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ︾ | ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ︾ ᠳᠤ ᠬᠠᠷᠠᠭᠠᠯᠵᠠᠭᠰᠠᠨ ᠵᠠᠰᠠᠪᠤᠷᠢ | ᠣᠷᠣᠭᠤᠯᠵᠤ᠂ ᠳᠠᠬᠢᠨ ᠨᠡᠶᠢᠲᠡᠯᠡᠨ᠎ᠡ᠃ | ᠳᠠᠭᠠᠯᠳᠤᠭᠤᠯᠤᠯ᠄ 1. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠪᠤᠷᠢ | ᠣᠷᠣᠭᠤᠯᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ | 2. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠦᠴᠦᠨ ᠦᠭᠡᠢ ᠪᠣᠯᠭᠠᠬᠤ ᠪᠠᠷ | ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ | ᠳᠠᠭᠠᠯᠳᠤᠭᠤᠯᠤᠯ 1 | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠪᠤᠷᠢ | ᠣᠷᠣᠭᠤᠯᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ | ᠨᠢᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ | ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ | ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ | ᠭᠤᠷᠪᠠᠳᠤᠭᠠᠷ ᠵᠦᠢᠯ ᠢ ᠨᠠᠢᠮᠠᠳᠤᠭᠠᠷ ᠵᠦᠢᠯ ᠪᠣᠯᠭᠠᠨ ᠬᠤᠪᠢᠷᠠᠭᠤᠯᠤᠨ᠎ᠠ᠃ ᠳᠥᠷᠪᠡᠳᠦᠭᠡᠷ ᠵᠦᠢᠯ ᠢ | ᠭᠤᠷᠪᠠᠳᠤᠭᠠᠷ ᠵᠦᠢᠯ ᠪᠣᠯᠭᠠᠨ ᠬᠤᠪᠢᠷᠠᠭᠤᠯᠵᠤ᠂ ︽ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ | ᠲᠥᠰᠥᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠤ ᠪᠠᠨ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠰᠢᠨ᠎ᠡ | ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ | ᠬᠠᠤᠯᠢ ᠲᠣᠭᠲᠠᠭᠠᠬᠤ ᠬᠠᠤᠯᠢ ᠳᠤ ᠲᠣᠭᠲᠠᠭᠠᠭᠰᠠᠨ ᠬᠠᠤᠯᠢ ᠲᠣᠭᠲᠠᠭᠠᠬᠤ ᠵᠠᠷᠴᠢᠮ ᠢ ᠵᠢᠷᠤᠮᠯᠠᠵᠤ᠂ ᠦᠨᠳᠦᠰᠦᠨ | ᠬᠠᠤᠯᠢ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠪᠤᠰᠤᠳ ᠳᠡᠭᠡᠳᠦ ᠪᠠᠶᠢᠷᠢ ᠶᠢᠨ | ᠬᠠᠤᠯᠢ ᠶᠢᠨ ᠲᠣᠭᠲᠠᠭᠠᠯ ᠳᠤ ᠨᠡᠶᠢᠴᠡᠵᠦ᠂ ᠨᠡᠶᠢᠭᠡᠮ ᠵᠢᠷᠤᠮ ᠤᠨ ᠭᠤᠣᠯᠯᠠᠬᠤ ᠥᠷᠳᠡᠭ ᠤᠨ ᠦᠵᠡᠯᠲᠡ ᠶᠢ | ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠳᠤ ᠰᠠᠭᠤᠷᠢᠯᠠᠨ᠂ ᠬᠠᠨᠳᠤᠯᠭᠠᠲᠤ ᠴᠢᠨᠠᠷ ᠪᠠ | ᠬᠡᠷᠡᠭᠵᠢᠭᠦᠯᠬᠦ᠋ᠢᠴᠡ ᠴᠢᠨᠠᠷ ᠢ ᠨᠡᠮᠡᠭᠳᠡᠭᠦᠯᠦᠨ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠪᠠᠷᠢᠮᠲᠠᠯᠠᠨ | ᠬᠥᠭᠵᠢᠭᠦᠯᠵᠦ᠂ ᠬᠠᠤᠯᠢ ᠲᠣᠭᠲᠠᠭᠠᠬᠤ ᠠᠵᠢᠯᠯᠠᠭ᠎ᠠ ᠳᠤ ᠠᠷᠠᠳ ᠲᠦᠮᠡᠨ ᠤ ᠤᠯᠠᠨ ᠵᠦᠢᠯ ᠤᠨ ᠠᠷᠭ᠎ᠠ ᠵᠠᠮ ᠢᠶᠠᠷ | ᠣᠷᠣᠯᠴᠠᠬᠤ ᠶᠢ ᠨᠢ ᠪᠠᠲᠤᠯᠠᠬᠤ ᠬᠡᠷᠡᠭᠲᠡᠢ︾ ᠭᠡᠵᠦ ᠵᠠᠰᠠᠪᠤᠷᠢ ᠣᠷᠣᠭᠤᠯᠪᠠ᠃ | ᠰᠢᠨ᠎ᠡ ᠪᠠᠷ ᠨᠢᠭᠡ ᠵᠦᠢᠯ ᠨᠡᠮᠡᠭᠡᠳ ᠶᠢᠰᠦᠳᠦᠭᠡᠷ ᠵᠦᠢᠯ ᠪᠣᠯᠭᠠᠪᠠ᠄ ︽ᠣᠷᠣᠨ ᠨᠤᠲᠤᠭ ᠤᠨ ᠴᠢᠨᠠᠷᠲᠠᠢ ᠬᠠᠤᠯᠢ | ᠲᠣᠭᠲᠠᠭᠠᠯ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠲᠥᠷᠥᠯ ᠵᠦᠢᠯ ᠴᠤᠭᠯᠠᠭᠤᠯᠬᠤ᠂ ᠢᠯᠡ ᠪᠠᠷ | ᠰᠠᠨᠠᠯ ᠬᠤᠷᠢᠶᠠᠬᠤ᠂ ᠭᠡᠷᠡᠴᠢᠯᠡᠭᠡ ᠰᠣᠨᠣᠰᠬᠤ᠂ ᠵᠥᠪᠯᠡᠯᠭᠡ ᠥᠭᠴᠦ ᠨᠤᠲᠠᠯᠠᠬᠤ᠂ ᠦᠨᠡᠯᠡᠨ ᠵᠢᠱᠢᠬᠦ ᠵᠡᠷᠭᠡ ᠬᠠᠤᠯᠢ | ᠲᠣᠭᠲᠠᠭᠠᠬᠤ ᠠᠵᠢᠯᠯᠠᠭ᠎ᠠ ᠳᠤ ᠨᠡᠶᠢᠭᠡᠮ ᠨᠡᠶᠢᠲᠡ ᠶᠢᠨ ᠬᠢᠨ ᠡᠮᠬᠢ ᠳᠠᠷᠠᠭᠠᠯᠠᠯ ᠲᠠᠢ ᠪᠠᠷ ᠣᠷᠣᠯᠴᠠᠵᠤ᠂ ᠰᠠᠨᠠᠯ ᠪᠠ | ᠰᠠᠨᠠᠭᠤᠯᠭ᠎ᠠ ᠳᠤᠷᠠᠳᠬᠤ ᠶᠢ ᠨᠢ ᠵᠣᠷᠢᠭᠵᠢᠭᠤᠯᠤᠨ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠣᠳᠠᠲᠤ ᠬᠡᠷᠡᠭᠴᠡᠭᠡ ᠪᠠᠨ | ᠦᠨᠳᠦᠰᠦᠯᠡᠨ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠪᠠᠶᠢᠭᠤᠯᠵᠤ᠂ ᠨᠡᠶᠢᠭᠡᠮ ᠨᠡᠶᠢᠲᠡ | ᠪᠠ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠬᠠᠤᠯᠢ ᠲᠣᠭᠲᠠᠭᠠᠬᠤ ᠠᠵᠢᠯ ᠤᠨ ᠲᠤᠬᠠᠢ ᠰᠠᠨᠠᠯ ᠪᠠ ᠰᠠᠨᠠᠭᠤᠯᠭ᠎ᠠ ᠶᠢ | ᠰᠣᠨᠣᠰᠤᠨ᠎ᠠ᠃︾ | ᠶᠢᠰᠦᠳᠦᠭᠡᠷ ᠵᠦᠢᠯ ᠢ ᠠᠷᠪᠠᠳᠤᠭᠠᠷ ᠵᠦᠢᠯ ᠪᠣᠯᠭᠠᠨ ᠬᠤᠪᠢᠷᠠᠭᠤᠯᠤᠭᠠᠳ᠄ ︽ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠠᠴᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠬᠠᠤᠯᠢ | ᠲᠣᠭᠲᠠᠭᠠᠬᠤ ᠲᠥᠯᠦᠪᠵᠢᠭᠦᠯᠭᠡ ᠪᠠ ᠬᠠᠤᠯᠢ ᠲᠣᠭᠲᠠᠭᠠᠬᠤ ᠲᠥᠯᠥᠪᠯᠡᠭᠡ ᠶᠢᠨ ᠰᠠᠨᠠᠭᠤᠯᠭ᠎ᠠ ᠳᠤᠷᠠᠳᠬᠤ᠂ ᠵᠠᠰᠠᠭ ᠤᠨ | ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ᠶᠢ ᠲᠣᠭᠲᠠᠭᠠᠬᠤ ᠳᠤ ᠪᠠᠨ ᠥᠷᠭᠡᠨ ᠢᠶᠠᠷ | ᠰᠠᠨᠠᠯ ᠬᠤᠷᠢᠶᠠᠵᠤ᠂ ᠰᠢᠨᠵᠢᠯᠡᠬᠦ ᠤᠬᠠᠭᠠᠨᠴᠢ ᠪᠠᠷ ᠨᠤᠲᠠᠯᠠᠯᠲᠠ ᠬᠢᠵᠦ ᠦᠨᠡᠯᠡᠨ ᠵᠢᠱᠢᠵᠦ᠂ ᠠᠵᠤ ᠠᠬᠤᠢ | ᠨᠡᠶᠢᠭᠡᠮ ᠤᠨ ᠬᠥᠭᠵᠢᠯᠲᠡ ᠪᠠ ᠠᠷᠠᠳᠴᠢᠯᠠᠯ ᠢ ᠬᠡᠷᠡᠭᠵᠢᠭᠦᠯᠵᠦ ᠬᠠᠤᠯᠢ ᠪᠠᠷ ᠵᠠᠰᠠᠬᠤ ᠪᠠᠶᠢᠭᠤᠯᠤᠯᠲᠠ ᠶᠢᠨ | ᠬᠡᠷᠡᠭᠴᠡᠭᠡ ᠶᠢ ᠦᠨᠳᠦᠰᠦᠯᠡᠨ᠂ ᠨᠢᠭᠡᠳᠦᠯᠲᠡᠢ ᠲᠥᠯᠥᠪᠯᠡᠨ ᠨᠡᠶᠢᠲᠡ ᠳᠤ ᠨᠢ ᠬᠠᠷᠠᠭᠠᠯᠵᠠᠵᠤ᠂ ᠭᠤᠣᠯᠳᠠᠯᠭ᠎ᠠ ᠶᠢ | ᠲᠣᠪᠤᠶᠢᠯᠭᠠᠨ᠂ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠲᠠᠶᠢᠯᠪᠤᠷᠢᠯᠠᠬᠤ ᠶᠢ ᠵᠡᠷᠭᠡ ᠪᠠᠷ | ᠴᠢᠬᠤᠯᠠᠴᠢᠯᠠᠬᠤ ᠬᠡᠷᠡᠭᠲᠡᠢ᠃ | ︽ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ᠶᠢ ᠣᠷᠣᠨ | ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠬᠠᠤᠯᠢ ᠲᠣᠭᠲᠠᠭᠠᠬᠤ ᠲᠥᠯᠦᠪᠵᠢᠭᠦᠯᠭᠡ᠂ ᠬᠠᠤᠯᠢ ᠲᠣᠭᠲᠠᠭᠠᠬᠤ | ᠲᠥᠯᠥᠪᠯᠡᠭᠡ ᠯᠦᠭᠡ ᠵᠣᠯᠭᠠᠭᠤᠯᠬᠤ ᠬᠡᠷᠡᠭᠲᠡᠢ᠃︾ ᠭᠡᠵᠦ ᠵᠠᠰᠠᠪᠤᠷᠢ ᠣᠷᠣᠭᠤᠯᠪᠠ᠃ | ᠠᠷᠪᠠᠨ ᠬᠤᠶᠠᠳᠤᠭᠠᠷ ᠵᠦᠢᠯ ᠢ ᠠᠷᠪᠠᠨ ᠭᠤᠷᠪᠠᠳᠤᠭᠠᠷ ᠵᠦᠢᠯ ᠪᠣᠯᠭᠠᠨ ᠬᠤᠪᠢᠷᠠᠭᠤᠯᠤᠭᠠᠳ᠄ ︽ᠣᠷᠣᠨ | ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠲᠣᠭᠲᠠᠭᠠᠯ ᠳᠦᠷᠢᠮ ᠢᠶᠠᠷ ᠰᠡᠳᠦᠪ | ᠲᠣᠭᠲᠠᠭᠠᠬᠤ ᠪᠠᠷ ᠮᠡᠳᠡᠭᠦᠯᠬᠦ ᠳᠤ ᠳᠣᠣᠷ᠎ᠠ ᠵᠢᠭᠰᠠᠭᠠᠭᠰᠠᠨ ᠪᠢᠴᠢᠭᠯᠡᠭᠰᠡᠨ ᠮᠠᠲ᠋ᠧᠷᠢᠶᠠᠯ ᠵᠢᠴᠢ ᠲᠡᠭᠦᠨ ᠤ ᠡᠯᠧᠺᠳ᠋ᠷᠣᠨ | ᠲᠧᠺᠰᠲ ᠢ ᠮᠡᠳᠡᠭᠦᠯᠦᠨ ᠬᠦᠷᠭᠡᠬᠦ ᠬᠡᠷᠡᠭᠲᠡᠢ᠄ | ︽︵ᠨᠢᠭᠡ︶ ᠰᠡᠳᠦᠪ ᠲᠣᠭᠲᠠᠭᠠᠬᠤ ᠰᠠᠨᠠᠭᠤᠯᠭ᠎ᠠ ᠶᠢᠨ ᠮᠡᠳᠡᠭᠦᠯᠦᠯᠲᠡ ᠶᠢᠨ ᠪᠢᠴᠢᠭ︔ | ︽︵ᠬᠤᠶᠠᠷ︶ ᠡᠬᠡ ᠲᠥᠰᠥᠯ ᠪᠠ ᠲᠤᠭᠤᠷᠪᠢᠭᠰᠠᠨ ᠲᠣᠳᠣᠷᠬᠠᠶᠢᠯᠠᠯᠲᠠ︔ | ︽︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠦᠨᠳᠦᠰᠦᠯᠡᠯ ᠵᠢᠴᠢ ᠬᠤᠯᠪᠣᠭᠳᠠᠯ ᠪᠦᠬᠦᠢ | ᠬᠠᠤᠯᠢ ᠲᠣᠭᠲᠠᠭᠠᠬᠤ ᠮᠠᠲ᠋ᠧᠷᠢᠶᠠᠯ︔ | ︽︵ᠳᠥᠷᠪᠡ︶ ᠬᠤᠷᠢᠶᠠᠭᠰᠠᠨ ᠰᠠᠨᠠᠯ ᠤᠳ ᠤᠨ ᠬᠤᠷᠢᠶᠠᠩᠭᠤᠶᠢᠯᠠᠭᠰᠠᠨ ᠮᠠᠲ᠋ᠧᠷᠢᠶᠠᠯ ᠵᠢᠴᠢ ᠪᠠᠶᠢᠴᠠᠭᠠᠨ | ᠰᠤᠳᠤᠯᠤᠯᠲᠠ ᠶᠢᠨ ᠮᠡᠳᠡᠭᠦᠯᠦᠯᠲᠡ︔ | ︽︵ᠲᠠᠪᠤ︶ ᠬᠢᠨᠠᠨ ᠵᠥᠪᠯᠡᠭᠦᠯᠬᠦ ᠪᠠᠷ ᠰᠠᠨᠠᠭᠤᠯᠤᠭᠰᠠᠨ ᠴᠠᠭ᠃ | ︽ᠲᠤᠭᠤᠷᠪᠢᠭᠰᠠᠨ ᠲᠣᠳᠣᠷᠬᠠᠶᠢᠯᠠᠯᠲᠠ ᠳᠤ ᠬᠠᠤᠯᠢ ᠲᠣᠭᠲᠠᠭᠠᠬᠤ ᠶᠢᠨ ᠴᠢᠬᠤᠯᠠ ᠴᠢᠨᠠᠷ ᠪᠠ ᠪᠣᠯᠣᠮᠵᠢᠲᠤ | ᠴᠢᠨᠠᠷ᠂ ᠲᠤᠭᠤᠷᠪᠢᠭᠰᠠᠨ ᠶᠠᠪᠤᠴᠠ᠂ ᠰᠢᠢᠳᠪᠦᠷᠢᠯᠡᠬᠦ ᠪᠠᠷ ᠵᠢᠱᠢᠵᠦ ᠪᠠᠶᠢᠭ᠎ᠠ ᠭᠤᠣᠯ ᠠᠰᠠᠭᠤᠳᠠᠯ᠂ ᠲᠣᠭᠲᠠᠭᠠᠭᠰᠠᠨ | ᠭᠤᠣᠯ ᠠᠷᠭ᠎ᠠ ᠬᠡᠮᠵᠢᠶ᠎ᠡ ᠵᠢᠴᠢ ᠵᠥᠷᠢᠯᠳᠦᠭᠡᠨ ᠲᠠᠢ ᠭᠤᠣᠯ ᠰᠠᠨᠠᠯ ᠢ ᠵᠣᠬᠢᠴᠠᠭᠤᠯᠤᠨ ᠰᠢᠢᠳᠪᠦᠷᠢᠯᠡᠭᠰᠡᠨ ᠪᠠᠶᠢᠳᠠᠯ ᠢ | ᠪᠠᠭᠲᠠᠭᠠᠬᠤ ᠬᠡᠷᠡᠭᠲᠡᠢ᠃ | ︽ᠨᠤᠲᠠᠯᠠᠬᠤ ᠬᠤᠷᠠᠯ ᠪᠠ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠤᠭᠰᠠᠨ ᠪᠠᠶᠢᠪᠠᠯ᠂ ᠪᠠᠰᠠ | ᠨᠤᠲᠠᠯᠠᠯᠲᠠ ᠬᠢᠭᠰᠡᠨ᠂ ᠭᠡᠷᠡᠴᠢᠯᠡᠭᠡ ᠰᠣᠨᠣᠰᠤᠭᠰᠠᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠢ︾ ᠭᠡᠵᠦ | ᠵᠠᠰᠠᠪᠤᠷᠢ ᠣᠷᠣᠭᠤᠯᠪᠠ᠃ | ᠰᠢᠨ᠎ᠡ ᠪᠠᠷ ᠨᠢᠭᠡ ᠵᠦᠢᠯ ᠨᠡᠮᠡᠭᠡᠳ ᠠᠷᠪᠠᠨ ᠲᠠᠪᠤᠳᠤᠭᠠᠷ ᠵᠦᠢᠯ ᠪᠣᠯᠭᠠᠪᠠ᠄ ︽ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠠᠶᠢᠮᠠᠭ ᠤᠨ ᠵᠠᠬᠢᠷᠭ᠎ᠠ ᠪᠠ ᠲᠣᠭᠤᠷᠢᠭ ᠪᠠᠶᠢᠭᠤᠯᠤᠭᠰᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠨ ᠬᠦᠷᠭᠡᠭᠰᠡᠨ ᠰᠡᠳᠦᠪ ᠲᠣᠭᠲᠠᠭᠠᠬᠤ ᠭᠤᠶᠤᠴᠢᠯᠠᠯ ᠤᠨ | ᠲᠥᠷᠥᠯ ᠵᠦᠢᠯ ᠪᠠ ᠢᠯᠡ ᠪᠠᠷ ᠴᠤᠭᠯᠠᠭᠤᠯᠤᠭᠰᠠᠨ ᠬᠠᠤᠯᠢ ᠲᠣᠭᠲᠠᠭᠠᠬᠤ ᠲᠥᠯᠥᠪᠯᠡᠭᠡ ᠶᠢᠨ ᠰᠠᠨᠠᠭᠤᠯᠭ᠎ᠠ ᠶᠢᠨ | ᠲᠥᠷᠥᠯ ᠵᠦᠢᠯ ᠳᠤ ᠳᠣᠣᠷᠠᠬᠢ ᠪᠠᠶᠢᠳᠠᠯ ᠤᠳ ᠤᠨ ᠨᠢᠭᠡ ᠨᠢ ᠪᠠᠶᠢᠪᠠᠯ᠂ ᠣᠷᠣᠨ ᠨᠤᠲᠤᠭ ᠤᠨ ᠴᠢᠨᠠᠷᠲᠠᠢ ᠬᠠᠤᠯᠢ | ᠲᠣᠭᠲᠠᠭᠠᠯ ᠤᠨ ᠬᠠᠤᠯᠢ ᠲᠣᠭᠲᠠᠭᠠᠬᠤ ᠲᠥᠯᠦᠪᠵᠢᠭᠦᠯᠭᠡ᠂ ᠬᠠᠤᠯᠢ ᠲᠣᠭᠲᠠᠭᠠᠬᠤ ᠲᠥᠯᠥᠪᠯᠡᠭᠡ ᠶᠢᠨ | ᠰᠠᠨᠠᠭᠤᠯᠭ᠎ᠠ ᠶᠢᠨ ᠲᠥᠷᠥᠯ ᠵᠦᠢᠯ ᠪᠤᠶᠤ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ | ᠲᠥᠯᠥᠪᠯᠡᠭᠡ ᠳᠤ ᠣᠷᠣᠭᠤᠯᠬᠤ ᠦᠭᠡᠢ᠄ | ︽︵ᠨᠢᠭᠡ︶ ᠬᠠᠤᠯᠢ ᠲᠣᠭᠲᠠᠭᠠᠬᠤ ᠵᠣᠷᠢᠯᠲᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠵᠡᠷᠭᠡ ᠨᠠᠮ ᠪᠠ ᠤᠯᠤᠰ ᠤᠨ ᠦᠨᠳᠦᠰᠦᠨ ᠴᠢᠭᠯᠡᠯᠲᠡ᠂ ᠲᠦᠷᠦ ᠶᠢᠨ | ᠪᠣᠳᠣᠯᠭ᠎ᠠ ᠳᠤ ᠦᠯᠦ ᠨᠡᠶᠢᠴᠡᠭᠰᠡᠨ︔ | ︽︵ᠬᠤᠶᠠᠷ︶ ᠭᠤᠣᠯ ᠠᠭᠤᠯᠭ᠎ᠠ ᠨᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠬᠥᠭᠵᠢᠯᠲᠡ ᠪᠠ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠱᠠᠭᠠᠷᠳᠠᠯᠭ᠎ᠠ ᠳᠤ ᠦᠯᠦ | ᠨᠡᠶᠢᠴᠡᠭᠰᠡᠨ︔ | ︽︵ᠭᠤᠷᠪᠠ︶ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢᠶᠠᠷ ᠳᠠᠮᠵᠢᠭᠤᠯᠤᠨ ᠠᠰᠠᠭᠤᠳᠠᠯ ᠢ | ᠰᠢᠢᠳᠪᠦᠷᠢᠯᠡᠵᠦ ᠪᠣᠯᠬᠤ︔ | ︽︵ᠳᠥᠷᠪᠡ︶ ᠬᠠᠤᠯᠢ ᠲᠣᠭᠲᠠᠭᠠᠬᠤ ᠴᠢᠬᠤᠯᠠ ᠴᠢᠨᠠᠷ ᠨᠢ ᠭᠦᠢᠴᠡᠳ ᠪᠤᠰᠤ ᠪᠤᠶᠤ ᠦᠢᠯᠡᠳᠦᠯᠭᠡ ᠶᠢᠨ | ᠳᠤᠮᠳᠠ ᠬᠡᠷᠡᠭᠵᠢᠭᠦᠯᠬᠦ ᠳᠤ ᠪᠡᠷᠬᠡᠲᠡᠢ ᠪᠠᠶᠢᠬᠤ︔ | ︽︵ᠲᠠᠪᠤ︶ ᠲᠤᠰ ᠲᠣᠭᠲᠠᠭᠠᠯ ᠤᠨ ᠠᠷᠪᠠᠨ ᠭᠤᠷᠪᠠᠳᠤᠭᠠᠷ ᠵᠦᠢᠯ ᠤᠨ ᠶᠣᠰᠣᠭᠠᠷ ᠬᠠᠮᠢᠶ᠎ᠠ ᠪᠦᠬᠦᠢ | ᠮᠠᠲ᠋ᠧᠷᠢᠶᠠᠯ ᠢ ᠦᠯᠦ ᠮᠡᠳᠡᠭᠦᠯᠵᠦ ᠬᠦᠷᠭᠡᠭᠰᠡᠨ︔ | ︽︵ᠵᠢᠷᠭᠤᠭ᠎ᠠ︶ ᠬᠠᠤᠯᠢ ᠲᠣᠭᠲᠠᠭᠠᠬᠤ ᠨᠥᠬᠦᠴᠡᠯ ᠪᠠ ᠴᠠᠭ ᠲᠣᠬᠢᠶᠠᠯ ᠨᠢ ᠪᠣᠯᠪᠠᠰᠤᠷᠠᠩᠭᠤᠢ ᠪᠤᠰᠤ ᠪᠤᠰᠤᠳ | ᠪᠠᠶᠢᠳᠠᠯ᠃︾ | ᠰᠢᠨ᠎ᠡ ᠪᠠᠷ ᠨᠢᠭᠡ ᠵᠦᠢᠯ ᠨᠡᠮᠡᠭᠡᠳ ᠬᠤᠷᠢᠨ ᠳᠥᠷᠪᠡᠳᠦᠭᠡᠷ ᠵᠦᠢᠯ ᠪᠣᠯᠭᠠᠪᠠ᠄ ︽ᠲᠤᠭᠤᠷᠪᠢᠭᠰᠠᠨ ᠨᠢᠭᠡᠴᠢ ᠨᠢ | ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ | ᠲᠥᠰᠥᠯ ᠤᠨ ᠬᠢᠨᠠᠭᠤᠯᠬᠤ ᠨᠣᠣᠷᠠᠭ ᠢ ᠮᠡᠳᠡᠭᠦᠯᠦᠨ ᠬᠦᠷᠭᠡᠬᠦ ᠳᠤ ᠪᠠᠨ ᠳᠣᠣᠷ᠎ᠠ ᠵᠢᠭᠰᠠᠭᠠᠭᠰᠠᠨ ᠪᠢᠴᠢᠭᠯᠡᠭᠰᠡᠨ | ᠮᠠᠲ᠋ᠧᠷᠢᠶᠠᠯ ᠵᠢᠴᠢ ᠡᠯᠧᠺᠳ᠋ᠷᠣᠨ ᠲᠧᠺᠰᠲ ᠢ ᠮᠡᠳᠡᠭᠦᠯᠦᠨ ᠬᠦᠷᠭᠡᠬᠦ ᠬᠡᠷᠡᠭᠲᠡᠢ᠄ | ︽︵ᠨᠢᠭᠡ︶ ᠡᠬᠡ ᠲᠥᠰᠥᠯ ᠤᠨ ᠬᠢᠨᠠᠭᠤᠯᠬᠤ ᠨᠣᠣᠷᠠᠭ ᠪᠠ ᠲᠤᠭᠤᠷᠪᠢᠭᠰᠠᠨ ᠲᠣᠳᠣᠷᠬᠠᠶᠢᠯᠠᠯᠲᠠ︔ | ︽︵ᠬᠤᠶᠠᠷ︶ ᠬᠤᠷᠢᠶᠠᠭᠰᠠᠨ ᠰᠠᠨᠠᠯ ᠤᠳ ᠤᠨ ᠬᠤᠷᠢᠶᠠᠩᠭᠤᠶᠢᠯᠠᠭᠰᠠᠨ ᠪᠠᠶᠢᠳᠠᠯ ᠵᠢᠴᠢ ᠵᠥᠷᠢᠯᠳᠦᠭᠡᠨ ᠲᠠᠢ | ᠰᠠᠨᠠᠯ ᠢ ᠵᠣᠬᠢᠴᠠᠭᠤᠯᠤᠨ ᠰᠢᠢᠳᠪᠦᠷᠢᠯᠡᠭᠰᠡᠨ ᠪᠠᠶᠢᠳᠠᠯ ᠤᠨ ᠮᠠᠲ᠋ᠧᠷᠢᠶᠠᠯ︔ | ︽︵ᠭᠤᠷᠪᠠ︶ ᠬᠠᠤᠯᠢ ᠲᠣᠭᠲᠠᠭᠠᠬᠤ ᠦᠨᠳᠦᠰᠦᠯᠡᠯ ᠵᠢᠴᠢ ᠬᠠᠤᠯᠢ ᠲᠣᠭᠲᠠᠭᠠᠬᠤ ᠳᠤ ᠯᠠᠪᠯᠠᠯᠲᠠ ᠪᠣᠯᠭᠠᠭᠰᠠᠨ | ᠮᠠᠲ᠋ᠧᠷᠢᠶᠠᠯ︔ | ︽︵ᠳᠥᠷᠪᠡ︶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠨᠤᠲᠠᠯᠠᠯᠲᠠ ᠶᠢᠨ ᠮᠡᠳᠡᠭᠦᠯᠦᠯᠲᠡ᠂ | ᠭᠡᠷᠡᠴᠢᠯᠡᠭᠡ ᠰᠣᠨᠣᠰᠤᠭᠰᠠᠨ ᠮᠡᠳᠡᠭᠦᠯᠦᠯᠲᠡ᠂ ᠠᠶᠤᠯ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠵᠡᠷᠭᠡ | ᠬᠠᠩᠭᠠᠬᠤ ᠴᠢᠬᠤᠯᠠ ᠲᠠᠢ ᠪᠤᠰᠤᠳ ᠮᠠᠲ᠋ᠧᠷᠢᠶᠠᠯ᠃︾ | ᠰᠢᠨ᠎ᠡ ᠪᠠᠷ ᠨᠢᠭᠡ ᠵᠦᠢᠯ ᠨᠡᠮᠡᠭᠡᠳ ᠬᠤᠷᠢᠨ ᠲᠠᠪᠤᠳᠤᠭᠠᠷ ᠵᠦᠢᠯ ᠪᠣᠯᠭᠠᠪᠠ᠄ ︽ᠣᠷᠣᠨ ᠨᠤᠲᠤᠭ ᠤᠨ ᠴᠢᠨᠠᠷᠲᠠᠢ | ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠢ | ᠲᠤᠭᠤᠷᠪᠢᠭᠰᠠᠨ ᠲᠣᠳᠣᠷᠬᠠᠶᠢᠯᠠᠯᠲᠠ ᠳᠤ ᠳᠣᠣᠷᠠᠬᠢ ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠢ᠄ | ︽︵ᠨᠢᠭᠡ︶ ᠬᠠᠤᠯᠢ ᠲᠣᠭᠲᠠᠭᠠᠬᠤ ᠶᠢᠨ ᠴᠢᠬᠤᠯᠠ ᠴᠢᠨᠠᠷ ᠪᠠ ᠪᠣᠯᠣᠮᠵᠢᠲᠤ ᠴᠢᠨᠠᠷ︔ | ︽︵ᠬᠤᠶᠠᠷ︶ ᠵᠢᠷᠤᠮᠵᠢᠭᠤᠯᠬᠤ ᠪᠠᠷ ᠪᠠᠶᠢᠭ᠎ᠠ ᠵᠦᠢᠯᠡᠰ ᠤᠨ ᠣᠳᠣᠬᠢ ᠪᠠᠶᠢᠳᠠᠯ ᠪᠠ ᠦᠢᠯᠡᠳᠦᠯᠭᠡ ᠶᠢᠨ | ᠳᠤᠮᠳᠠ ᠣᠷᠣᠰᠢᠵᠤ ᠪᠠᠶᠢᠭ᠎ᠠ ᠠᠰᠠᠭᠤᠳᠠᠯ᠂ ᠡᠬᠡ ᠲᠥᠰᠥᠯ ᠤᠨ ᠬᠢᠨᠠᠭᠤᠯᠬᠤ ᠨᠣᠣᠷᠠᠭ ᠲᠤ ᠲᠣᠭᠲᠠᠭᠠᠭᠰᠠᠨ | ᠠᠰᠠᠭᠤᠳᠠᠯ ᠰᠢᠢᠳᠪᠦᠷᠢᠯᠡᠬᠦ ᠠᠷᠭ᠎ᠠ ᠬᠡᠮᠵᠢᠶ᠎ᠡ ᠵᠢᠴᠢ ᠬᠠᠤᠯᠢ ᠴᠠᠭᠠᠵᠠ ᠶᠢᠨ ᠦᠨᠳᠦᠰᠦᠯᠡᠯ︔ | ︽︵ᠭᠤᠷᠪᠠ︶ ᠬᠢᠨᠠᠭᠤᠯᠬᠤ ᠨᠣᠣᠷᠠᠭ ᠤᠨ ᠡᠬᠡ ᠲᠥᠰᠥᠯ ᠢ ᠲᠤᠭᠤᠷᠪᠢᠭᠰᠠᠨ ᠶᠠᠪᠤᠴᠠ︔ | ︽︵ᠳᠥᠷᠪᠡ︶ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠵᠥᠪᠳᠡᠯᠴᠡᠭᠰᠡᠨ ᠪᠠᠶᠢᠳᠠᠯ ᠵᠢᠴᠢ | ᠵᠥᠷᠢᠯᠳᠦᠭᠡᠨ ᠲᠠᠢ ᠰᠠᠨᠠᠯ ᠢ ᠰᠢᠢᠳᠪᠦᠷᠢᠯᠡᠭᠰᠡᠨ ᠪᠠᠶᠢᠳᠠᠯ︔ | ︽︵ᠲᠠᠪᠤ︶ ᠲᠣᠳᠣᠷᠬᠠᠶᠢᠯᠠᠬᠤ ᠴᠢᠬᠤᠯᠠ ᠲᠠᠢ ᠪᠤᠰᠤᠳ ᠠᠰᠠᠭᠤᠳᠠᠯ᠃︾ | ᠬᠤᠷᠢᠨ ᠭᠤᠷᠪᠠᠳᠤᠭᠠᠷ ᠵᠦᠢᠯ ᠢ ᠬᠤᠷᠢᠨ ᠳᠣᠯᠣᠳᠤᠭᠠᠷ ᠵᠦᠢᠯ ᠪᠣᠯᠭᠠᠨ ᠬᠤᠪᠢᠷᠠᠭᠤᠯᠤᠭᠠᠳ᠄ ︽ᠣᠷᠣᠨ | ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠪᠠ ᠵᠠᠰᠠᠭ ᠤᠨ | ᠣᠷᠳᠣᠨ ᠤ ᠲᠣᠭᠲᠠᠭᠠᠯ ᠳᠦᠷᠢᠮ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠲᠤ ᠳᠣᠣᠷᠠᠬᠢ ᠪᠠᠶᠢᠳᠠᠯ ᠤᠳ ᠤᠨ | ᠨᠢᠭᠡ ᠨᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠨᠠᠨ ᠪᠠᠶᠢᠴᠠᠭᠠᠬᠤ ᠪᠠᠨ ᠲᠦᠷ ᠬᠤᠶᠢᠰᠢᠯᠠᠭᠤᠯᠵᠤ ᠪᠣᠯᠣᠨ᠎ᠠ᠄ | ︽︵ᠨᠢᠭᠡ︶ ᠲᠣᠭᠲᠠᠭᠠᠯ ᠶᠣᠰᠣᠭᠠᠷ ᠢᠯᠡ ᠪᠠᠷ ᠰᠠᠨᠠᠯ ᠬᠤᠷᠢᠶᠠᠭᠰᠠᠨ ᠦᠭᠡᠢ︔ | ︽︵ᠬᠤᠶᠠᠷ︶ ᠳᠡᠭᠡᠳᠦ ᠪᠠᠶᠢᠷᠢ ᠶᠢᠨ ᠬᠠᠤᠯᠢ ᠶᠢ ᠶᠠᠭ ᠲᠣᠭᠲᠠᠭᠠᠵᠤ ᠪᠠᠶᠢᠬᠤ ᠪᠤᠶᠤ ᠵᠠᠰᠠᠪᠤᠷᠢ ᠣᠷᠣᠭᠤᠯᠵᠤ | ᠪᠠᠶᠢᠬᠤ︔ | ︽︵ᠭᠤᠷᠪᠠ︶ ᠬᠤᠯᠪᠣᠭᠳᠠᠯ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠥᠴᠢᠷ ᠤᠨ ᠬᠢᠨ ᠡᠬᠡ ᠲᠥᠰᠥᠯ ᠤᠨ | ᠬᠢᠨᠠᠭᠤᠯᠬᠤ ᠨᠣᠣᠷᠠᠭ ᠤᠨ ᠲᠤᠬᠠᠢ ᠨᠡᠯᠢᠶᠡᠳ ᠶᠡᠭᠡ ᠮᠠᠷᠭᠤᠭᠠᠨ ᠲᠠᠢ ᠪᠠᠶᠢᠵᠤ᠂ ᠲᠤᠭᠤᠷᠪᠢᠭᠰᠠᠨ ᠨᠢᠭᠡᠴᠢ ᠨᠢ | ᠬᠤᠯᠪᠣᠭᠳᠠᠯ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠥᠴᠢᠷ ᠯᠦᠭᠡ ᠭᠦᠢᠴᠡᠳ ᠵᠥᠪᠳᠡᠯᠴᠡᠭᠰᠡᠨ ᠦᠭᠡᠢ︔ | ︽︵ᠳᠥᠷᠪᠡ︶ ᠲᠤᠭᠤᠷᠪᠢᠭᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠢᠶᠠᠷ ᠭᠠᠷ ᠤᠨ ᠦᠰᠦᠭ | ᠵᠢᠷᠤᠭᠤᠯᠤᠭᠰᠠᠨ ᠦᠭᠡᠢ︔ | ︽︵ᠲᠠᠪᠤ︶ ᠲᠤᠭᠤᠷᠪᠢᠭᠰᠠᠨ ᠨᠢᠭᠡᠴᠢ ᠨᠢ ᠬᠢᠨᠠᠨ ᠪᠠᠶᠢᠴᠠᠭᠠᠯᠭᠠᠬᠤ ᠪᠠᠨ ᠲᠦᠷ ᠬᠤᠶᠢᠰᠢᠯᠠᠭᠤᠯᠬᠤ | ᠪᠢᠴᠢᠭᠯᠡᠭᠰᠡᠨ ᠭᠤᠶᠤᠴᠢᠯᠠᠯ ᠭᠠᠷᠭᠠᠭᠰᠠᠨ︔ | ︽︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠬᠢᠨᠠᠨ ᠪᠠᠶᠢᠴᠠᠭᠠᠬᠤ ᠶᠢ ᠲᠦᠷ | ᠬᠤᠶᠢᠰᠢᠯᠠᠭᠤᠯᠵᠤ ᠪᠣᠯᠬᠤ ᠪᠠᠷ ᠲᠣᠭᠲᠠᠭᠠᠭᠰᠠᠨ ᠪᠤᠰᠤᠳ ᠪᠠᠶᠢᠳᠠᠯ᠃︾ ᠭᠡᠵᠦ ᠵᠠᠰᠠᠪᠤᠷᠢ ᠣᠷᠣᠭᠤᠯᠪᠠ᠃ | ᠭᠤᠴᠢᠨ ᠳᠥᠷᠪᠡᠳᠦᠭᠡᠷ ᠵᠦᠢᠯ ᠢ ᠭᠤᠴᠢᠨ ᠨᠠᠢᠮᠠᠳᠤᠭᠠᠷ ᠵᠦᠢᠯ ᠪᠣᠯᠭᠠᠨ ᠬᠤᠪᠢᠷᠠᠭᠤᠯᠤᠭᠠᠳ᠄ ︽ᠵᠠᠰᠠᠭ ᠤᠨ | ᠣᠷᠳᠣᠨ ᠤ ᠲᠣᠭᠲᠠᠭᠠᠯ ᠳᠦᠷᠢᠮ ᠳᠤ ᠭᠠᠷ ᠤᠨ ᠥᠰᠥᠭ ᠵᠢᠷᠤᠵᠤ ᠨᠡᠶᠢᠲᠡᠯᠡᠭᠰᠡᠨ ᠤ ᠳᠠᠷᠠᠭ᠎ᠠ᠂ ︿ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ﹀ ᠪᠠ | ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠮᠡᠳᠡᠭᠡ ᠵᠠᠩᠭᠢ ᠶᠢᠨ ᠰᠦᠯᠵᠢᠶ᠎ᠡ ᠵᠢᠴᠢ ︿ | ᠥᠪᠥᠷ ᠮᠣᠩᠭᠤᠯ ᠤᠨ ᠡᠳᠦᠷ ᠤᠨ ᠰᠣᠨᠢᠨ﹀᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠫᠣᠷᠲ᠋ᠧᠯ ᠰᠦᠯᠵᠢᠶ᠎ᠡ ᠳᠤ ᠴᠠᠭ ᠲᠤᠬᠠᠢ ᠳᠤ ᠨᠢ ᠨᠡᠶᠢᠲᠡᠯᠡᠬᠦ ᠬᠡᠷᠡᠭᠲᠡᠢ᠃ | ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠮᠡᠳᠡᠭᠡ﹀ ᠳᠡᠭᠡᠷ᠎ᠡ ᠨᠡᠶᠢᠲᠡᠯᠡᠭᠰᠡᠨ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠲᠧᠺᠰᠲ ᠪᠣᠯ ᠪᠠᠷᠢᠮᠵᠢᠶᠠᠲᠤ | ᠲᠧᠺᠰᠲ ᠪᠣᠯᠣᠨ᠎ᠠ᠃︾ ᠭᠡᠵᠦ ᠵᠠᠰᠠᠪᠤᠷᠢ ᠣᠷᠣᠭᠤᠯᠪᠠ᠃ | ᠭᠤᠴᠢᠨ ᠵᠢᠷᠭᠤᠳᠤᠭᠠᠷ ᠵᠦᠢᠯ ᠢ ᠳᠥᠴᠢᠳᠦᠭᠡᠷ ᠵᠦᠢᠯ ᠪᠣᠯᠭᠠᠨ ᠬᠤᠪᠢᠷᠠᠭᠤᠯᠤᠭᠠᠳ᠄ ︽ᠵᠠᠰᠠᠭ ᠤᠨ | ᠣᠷᠳᠣᠨ ᠤ ᠲᠣᠭᠲᠠᠭᠠᠯ ᠳᠦᠷᠢᠮ ᠢ ᠨᠡᠶᠢᠲᠡᠯᠡᠭᠰᠡᠨ ᠤ ᠳᠠᠷᠠᠭᠠᠬᠢ ᠭᠤᠴᠢᠨ ᠡᠳᠦᠷ ᠤᠨ ᠳᠣᠲᠣᠷ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠳᠤ ᠳᠠᠩᠰᠠᠯᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ | ᠲᠣᠭᠲᠠᠭᠠᠯ ᠳᠦᠷᠢᠮ ᠢ ᠳᠠᠩᠰᠠᠯᠠᠭᠤᠯᠬᠤ ᠠᠵᠢᠯ ᠢ ᠪᠣᠳᠠᠲᠠᠢ ᠬᠠᠷᠢᠭᠤᠴᠠᠨ᠎ᠠ︾ ᠭᠡᠵᠦ ᠵᠠᠰᠠᠪᠤᠷᠢ ᠣᠷᠣᠭᠤᠯᠪᠠ᠃ | ᠳᠥᠴᠢᠨ ᠬᠤᠶᠠᠳᠤᠭᠠᠷ ᠵᠦᠢᠯ ᠢ ᠳᠥᠴᠢᠨ ᠵᠢᠷᠭᠤᠳᠤᠭᠠᠷ ᠵᠦᠢᠯ ᠪᠣᠯᠭᠠᠨ ᠬᠤᠪᠢᠷᠠᠭᠤᠯᠤᠭᠠᠳ᠄ ︽ᠵᠠᠰᠠᠭ ᠤᠨ | ᠣᠷᠳᠣᠨ ᠤ ᠲᠣᠭᠲᠠᠭᠠᠯ ᠳᠦᠷᠢᠮ ᠳᠤ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠴᠠᠭ ᠲᠤᠬᠠᠢ ᠳᠤ ᠨᠢ ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭᠠᠬᠤ ᠰᠠᠨᠠᠭᠤᠯᠭ᠎ᠠ | ᠳᠤᠷᠠᠳᠬᠤ ᠬᠡᠷᠡᠭᠲᠡᠢ᠄ | ︽︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ | ᠠᠵᠢᠯ ᠤᠨ ᠭᠤᠣᠯ ᠰᠢᠵᠢᠮ ᠤᠨ ᠱᠠᠭᠠᠷᠳᠠᠯᠭ᠎ᠠ ᠯᠤᠭ᠎ᠠ ᠦᠯᠦ ᠨᠡᠶᠢᠴᠡᠭᠰᠡᠨ︔ | ︽︵ᠬᠤᠶᠠᠷ︶ ᠰᠢᠨ᠎ᠡ ᠪᠠᠷ ᠲᠣᠭᠲᠠᠭᠠᠭᠰᠠᠨ ᠳᠡᠭᠡᠳᠦ ᠪᠠᠶᠢᠷᠢ ᠶᠢᠨ ᠬᠠᠤᠯᠢ ᠲᠠᠢ ᠬᠠᠷᠰᠢᠯᠳᠤᠭᠰᠠᠨ ᠪᠤᠶᠤ | ᠦᠨᠳᠦᠰᠦᠯᠡᠯ ᠪᠣᠯᠭᠠᠭᠰᠠᠨ ᠳᠡᠭᠡᠳᠦ ᠪᠠᠶᠢᠷᠢ ᠶᠢᠨ ᠬᠠᠤᠯᠢ ᠶᠢ ᠵᠠᠰᠠᠪᠤᠷᠢᠯᠠᠭᠰᠠᠨ᠂ ᠬᠦᠴᠦᠨ ᠦᠭᠡᠢ ᠪᠣᠯᠭᠠᠭᠰᠠᠨ︔ | ︽︵ᠭᠤᠷᠪᠠ︶ ᠭᠤᠣᠯ ᠠᠭᠤᠯᠭ᠎ᠠ ᠨᠢ ᠰᠢᠨ᠎ᠡ ᠪᠠᠷ ᠨᠡᠶᠢᠲᠡᠯᠡᠭᠰᠡᠨ ᠬᠠᠤᠯᠢ ᠴᠠᠭᠠᠵᠠ᠂ ᠬᠠᠤᠯᠢ | ᠲᠣᠭᠲᠠᠭᠠᠯ ᠢᠶᠠᠷ ᠣᠷᠣᠯᠠᠭᠳᠠᠭᠰᠠᠨ︔ | ︽︵ᠳᠥᠷᠪᠡ︶ ᠲᠣᠬᠢᠷᠠᠭᠤᠯᠤᠯᠲᠠ ᠬᠢᠬᠦ ᠡᠲᠡᠭᠡᠳ ᠨᠢ ᠠᠷᠢᠯᠤᠭᠰᠠᠨ ᠪᠤᠶᠤ ᠬᠤᠪᠢᠷᠠᠯᠲᠠ ᠭᠠᠷᠤᠭᠰᠠᠨ︔ | ︽︵ᠲᠠᠪᠤ︶ ᠬᠡᠷᠡᠭᠵᠢᠭᠦᠯᠬᠦ ᠭᠤᠣᠯ ᠴᠣᠭᠴᠠ ᠳᠤ ᠨᠢ ᠬᠤᠪᠢᠷᠠᠯᠲᠠ ᠭᠠᠷᠤᠭᠰᠠᠨ︔ | ︽︵ᠵᠢᠷᠭᠤᠭ᠎ᠠ︶ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠡᠷᠡᠭᠴᠡᠭᠡ ᠳᠤ ᠵᠣᠬᠢᠴᠠᠬᠤ ᠦᠭᠡᠢ ᠪᠣᠯᠤᠭᠰᠠᠨ︔ | ︽︵ᠲᠤᠯᠤᠭ᠎ᠠ︶ ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭᠠᠬᠤ ᠶᠣᠰᠣᠲᠠᠢ ᠪᠤᠰᠤᠳ ᠪᠠᠶᠢᠳᠠᠯ︾ | ᠭᠡᠵᠦ ᠵᠠᠰᠠᠪᠤᠷᠢ ᠣᠷᠣᠭᠤᠯᠪᠠ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ | ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ | ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ︾ ᠤᠨ ︽ᠣᠨ ᠤ ᠬᠠᠤᠯᠢ | ᠲᠣᠭᠲᠠᠭᠠᠬᠤ ᠲᠥᠯᠥᠪᠯᠡᠭᠡ︾ ᠶᠢ ᠴᠥᠮ ︽ᠬᠠᠤᠯᠢ ᠲᠣᠭᠲᠠᠭᠠᠬᠤ ᠲᠥᠯᠥᠪᠯᠡᠭᠡ︾ ᠭᠡᠵᠦ ᠵᠠᠰᠠᠪᠤᠷᠢ ᠣᠷᠣᠭᠤᠯᠪᠠ᠃ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ | ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ | ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ︾ ᠤᠨ ᠵᠦᠢᠯ ᠵᠤᠷᠪᠤᠰ ᠤᠨ | ᠳ᠋ᠤᠭᠠᠷᠯᠠᠯ ᠳᠤ ᠵᠣᠬᠢᠬᠤ ᠲᠣᠬᠢᠷᠠᠭᠤᠯᠤᠯᠲᠠ ᠬᠢᠪᠡ᠃ | ᠬᠤᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ | ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ | ᠲᠠᠪᠢᠨ ᠨᠢᠭᠡᠳᠦᠭᠡᠷ ᠵᠦᠢᠯ ᠳᠤ᠄ ︽ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠡᠯ᠎ᠡ | ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ | ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠬᠡᠷᠡᠭᠲᠡᠢ᠄ | ︽︵ᠨᠢᠭᠡ︶ ᠳᠡᠭᠡᠳᠦ ᠱᠠᠲᠤ ᠪᠤᠶᠤ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠦᠨᠳᠦᠰᠦᠯᠡᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠤᠭᠰᠠᠨ︔ | ︽︵ᠬᠤᠶᠠᠷ︶ ᠡᠳ᠋ ᠬᠥᠷᠥᠩᠭᠡ ᠶᠢ ᠰᠢᠯᠵᠢᠭᠦᠯᠦᠨ ᠥᠭᠬᠦ᠂ ᠬᠤᠪᠢᠶᠠᠷᠢᠯᠠᠨ ᠰᠢᠯᠵᠢᠭᠦᠯᠬᠦ ᠵᠢᠴᠢ ᠨᠢᠭᠡᠴᠢ ᠶᠢ | ᠰᠠᠯᠭᠠᠬᠤ᠂ ᠨᠡᠶᠢᠯᠡᠭᠦᠯᠬᠦ᠂ ᠪᠠᠶᠢᠭᠤᠯᠤᠯ ᠢ ᠥᠭᠡᠷᠡᠴᠢᠯᠡᠬᠦ᠂ ᠬᠠᠰᠤᠬᠤ᠂ ᠬᠠᠷᠢᠶᠠᠯᠠᠭᠳᠠᠬᠤ ᠬᠠᠷᠢᠴᠠᠭ᠎ᠠ ᠶᠢ ᠨᠢ | ᠬᠤᠪᠢᠷᠠᠭᠤᠯᠬᠤ ᠵᠡᠷᠭᠡ ᠴᠢᠬᠤᠯᠠ ᠶᠡᠭᠡ ᠪᠠᠶᠢᠳᠠᠯ ᠭᠠᠷᠤᠭᠰᠠᠨ︔ | ︽︵ᠭᠤᠷᠪᠠ︶ ᠪᠠᠶᠢᠭᠠᠯᠢ ᠶᠢᠨ ᠭᠠᠮᠰᠢᠭ ᠵᠡᠷᠭᠡ ᠡᠰᠡᠷᠭᠦᠴᠡᠰᠢ ᠦᠭᠡᠢ ᠬᠦᠴᠦᠨ ᠠᠴᠠ ᠪᠣᠯᠵᠤ ᠡᠳ᠋ | ᠬᠥᠷᠥᠩᠭᠡ ᠨᠢ ᠬᠤᠬᠢᠷᠠᠵᠤ ᠰᠦᠢᠳᠦᠭᠰᠡᠨ᠂ ᠤᠰᠠᠳᠴᠤ ᠭᠡᠭᠡᠭᠳᠡᠭᠰᠡᠨ︔ | ︽︵ᠳᠥᠷᠪᠡ︶ ᠨᠢᠭᠲᠠᠯᠠᠨ ᠪᠣᠳᠣᠯᠲᠠ ᠶᠢᠨ ᠮᠡᠳᠡᠭᠡ ᠵᠠᠩᠭᠢ ᠨᠢ ᠬᠦᠨᠳᠦ ᠨᠣᠴᠢᠲᠠᠢ ᠰᠣᠯᠣᠭᠠᠶᠢᠷᠠᠭᠰᠠᠨ︔ | ︽︵ᠲᠠᠪᠤ︶ ᠤᠯᠤᠰ ᠤᠨ ᠨᠢᠭᠲᠠᠯᠠᠨ ᠪᠤᠳᠤᠬᠤ ᠨᠢᠭᠡᠳᠦᠯᠲᠡᠢ ᠳᠦᠷᠢᠮ ᠳᠤ ᠴᠢᠬᠤᠯᠠ ᠶᠡᠭᠡ ᠬᠤᠪᠢᠷᠠᠯᠲᠠ | ᠭᠠᠷᠴᠤ᠂ ᠡᠳ᠋ ᠬᠥᠷᠥᠩᠭᠡ ᠶᠢᠨ ᠲᠣᠭᠠᠴᠠᠭ᠎ᠠ ᠬᠢᠬᠦ ᠠᠷᠭ᠎ᠠ ᠳᠤ ᠴᠢᠬᠤᠯᠠ ᠬᠤᠪᠢᠷᠠᠯᠲᠠ ᠭᠠᠷᠤᠭᠰᠠᠨ ᠳᠤ | ᠬᠤᠯᠪᠣᠭᠳᠠᠭᠰᠠᠨ︔ | ︽︵ᠵᠢᠷᠭᠤᠭ᠎ᠠ︶ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠴᠢᠬᠤᠯᠠ ᠲᠠᠢ ᠪᠤᠰᠤᠳ ᠪᠠᠶᠢᠳᠠᠯ︾ | ᠭᠡᠵᠦ ᠵᠠᠰᠠᠪᠤᠷᠢ ᠣᠷᠣᠭᠤᠯᠪᠠ᠃ | ᠳᠠᠭᠠᠯᠳᠤᠭᠤᠯᠤᠯ 2 | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠦᠴᠦᠨ | ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ | ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ | ᠨᠣᠭᠤᠭᠠᠷᠠᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ︵2015 ᠣᠨ ᠤ 3 ᠳ᠋ᠤᠭᠠᠷ ᠰᠠᠷ᠎ᠠ ᠶᠢᠨ 27 ᠤ | ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 210 | ᠳ᠋ᠤᠭᠠᠷ ᠲᠣᠭᠠᠲᠤ ᠪᠠᠷ ᠨᠡᠶᠢᠲᠡᠯᠡᠪᠡ︶ | ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠲᠣᠰᠣ ᠪᠠ ᠬᠢᠮᠢ ᠶᠢᠨ ᠠᠵᠤ | ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠬᠢᠨᠠᠨ ᠬᠠᠮᠢᠶᠠᠷᠬᠤ ᠠᠷᠭ᠎ᠠ︾ ︵ | 2017 ᠣᠨ ᠤ 12 ᠳ᠋ᠤᠭᠠᠷ ᠰᠠᠷ᠎ᠠ ᠶᠢᠨ 13 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠵᠠᠷᠯᠢᠭ 228 ᠳ᠋ᠤᠭᠠᠷ ᠲᠣᠭᠠᠲᠤ ᠪᠠᠷ ᠨᠡᠶᠢᠲᠡᠯᠡᠵᠦ᠂ 2020 ᠣᠨ ᠤ 5 | ᠳ᠋ᠤᠭᠠᠷ ᠰᠠᠷ᠎ᠠ ᠶᠢᠨ 29 ᠤ ᠡᠳᠦᠷ ᠲᠤ ᠨᠡᠶᠢᠲᠡᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠵᠠᠷᠯᠢᠭ 246 ᠳ᠋ᠤᠭᠠᠷ ᠲᠣᠭᠠᠲᠤ ᠶᠢ ᠦᠨᠳᠦᠰᠦᠯᠡᠨ ᠵᠠᠰᠠᠪᠤᠷᠢ ᠣᠷᠣᠭᠤᠯᠪᠠ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ | ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ | ᠡᠬᠡ ᠲᠥᠰᠥᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ | ᠳᠡᠰ ᠳᠠᠷᠠᠭᠠᠯᠠᠯ ᠤᠨ ᠲᠣᠭᠲᠠᠭᠠᠯ | ︵2019 ᠣᠨ ᠤ 12 ᠳ᠋ᠤᠭᠠᠷ ᠰᠠᠷ᠎ᠠ ᠶᠢᠨ 15 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 243 ᠳ᠋ᠤᠭᠠᠷ ᠲᠣᠭᠠᠲᠤ ᠪᠠᠷ ᠨᠡᠶᠢᠲᠡᠯᠡᠵᠦ 2024 | ᠣᠨ ᠤ 5 ᠳ᠋ᠤᠭᠠᠷ ᠰᠠᠷ᠎ᠠ ᠶᠢᠨ 8 ᠤ ᠡᠳᠦᠷ ᠲᠤ ᠨᠡᠶᠢᠲᠡᠯᠡᠭᠰᠡᠨ ︽ᠵᠠᠰᠠᠭ ᠤᠨ ᠣᠷᠳᠣᠨ ᠤ ᠬᠡᠰᠡᠭ ᠲᠣᠭᠲᠠᠭᠠᠯ | ᠳᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠦᠨᠳᠦᠰᠦᠯᠡᠨ ᠵᠠᠰᠠᠪᠤᠷᠢ ᠣᠷᠣᠭᠤᠯᠪᠠ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ | ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ | ᠲᠣᠭᠲᠠᠭᠠᠯ ᠳᠦᠷᠢᠮ ᠢ ᠲᠣᠭᠲᠠᠭᠠᠬᠤ ᠳᠡᠰ ᠳᠠᠷᠠᠭᠠᠯᠠᠯ ᠢ ᠵᠢᠷᠤᠮᠵᠢᠭᠤᠯᠵᠤ᠂ ᠬᠠᠤᠯᠢ ᠲᠣᠭᠲᠠᠭᠠᠬᠤ ᠶᠠᠰᠤ ᠴᠢᠨᠠᠷ ᠢ | ᠪᠠᠲᠤᠯᠠᠨ᠂ ᠬᠠᠤᠯᠢ ᠲᠣᠭᠲᠠᠭᠠᠬᠤ ᠶᠢᠨ ᠬᠥᠲᠥᠯᠥᠨ ᠳᠠᠭᠠᠭᠤᠯᠬᠤ ᠪᠠ ᠠᠬᠢᠭᠤᠯᠬᠤ ᠦᠢᠯᠡᠳᠦᠯ ᠢ ᠪᠠᠳᠠᠷᠠᠭᠤᠯᠬᠤ ᠶᠢᠨ | ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠲᠣᠭᠲᠠᠭᠠᠬᠤ ᠬᠠᠤᠯᠢ︾ ︽ | ᠲᠣᠭᠲᠠᠭᠠᠯ ᠳᠦᠷᠢᠮ ᠲᠣᠭᠲᠠᠭᠠᠬᠤ ᠳᠡᠰ ᠳᠠᠷᠠᠭᠠᠯᠠᠯ ᠤᠨ ᠳᠦᠷᠢᠮ︾ ᠵᠡᠷᠭᠡ ᠬᠠᠤᠯᠢ ᠴᠠᠭᠠᠵᠠ᠂ ᠬᠠᠤᠯᠢ | ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠤᠰ | ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠷᠣᠨ | ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ | ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠤ ᠪᠠᠨ ᠲᠤᠰ ᠲᠣᠭᠲᠠᠭᠠᠯ ᠢ ᠲᠣᠬᠢᠷᠠᠭᠤᠯᠤᠨ ᠬᠡᠷᠡᠭᠯᠡᠨ᠎ᠡ᠃ | ᠭᠤᠷᠪᠠᠳᠤᠭᠠᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠲᠤᠭᠤᠷᠪᠢᠨ | ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠤ ᠪᠠᠨ ᠳᠤᠮᠳᠠᠳᠤ ᠤᠯᠤᠰ ᠤᠨ | ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠰᠢᠨ᠎ᠡ ᠬᠥᠭᠵᠢᠯᠲᠡ ᠶᠢᠨ | ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠠᠤᠯᠢ ᠲᠣᠭᠲᠠᠭᠠᠬᠤ | ᠬᠠᠤᠯᠢ ᠳᠤ ᠲᠣᠭᠲᠠᠭᠠᠭᠰᠠᠨ ᠬᠠᠤᠯᠢ ᠲᠣᠭᠲᠠᠭᠠᠬᠤ ᠵᠠᠷᠴᠢᠮ ᠢ ᠵᠢᠷᠤᠮᠯᠠᠨ᠂ ᠦᠨᠳᠦᠰᠦᠨ ᠬᠠᠤᠯᠢ᠂ ᠬᠠᠤᠯᠢ ᠴᠠᠭᠠᠵᠠ | ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠪᠤᠰᠤᠳ ᠳᠡᠭᠡᠳᠦ ᠪᠠᠶᠢᠷᠢ ᠶᠢᠨ ᠬᠠᠤᠯᠢ ᠶᠢᠨ ᠲᠣᠭᠲᠠᠭᠠᠯ ᠳᠤ | ᠨᠡᠶᠢᠴᠡᠵᠦ᠂ ᠨᠡᠶᠢᠭᠡᠮ ᠵᠢᠷᠤᠮ ᠤᠨ ᠭᠤᠣᠯᠯᠠᠬᠤ ᠥᠷᠳᠡᠭ ᠤᠨ ᠦᠵᠡᠯᠲᠡ ᠶᠢ ᠪᠠᠳᠠᠷᠠᠭᠤᠯᠤᠨ᠂ ᠥᠪᠡᠷᠲᠡᠭᠡᠨ ᠵᠠᠰᠠᠬᠤ | ᠣᠷᠣᠨ ᠤ ᠪᠣᠳᠠᠲᠠᠢ ᠳᠤ ᠰᠠᠭᠤᠷᠢᠯᠠᠨ᠂ ᠬᠠᠨᠳᠤᠯᠭᠠᠲᠤ ᠴᠢᠨᠠᠷ ᠪᠠ ᠬᠡᠷᠡᠭᠵᠢᠭᠦᠯᠬᠦ᠋ᠢᠴᠡ ᠴᠢᠨᠠᠷ ᠢ ᠨᠡᠮᠡᠭᠳᠡᠭᠦᠯᠦᠨ᠂ | ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠪᠠᠷᠢᠮᠲᠠᠯᠠᠨ ᠬᠥᠭᠵᠢᠭᠦᠯᠵᠦ᠂ ᠬᠠᠤᠯᠢ ᠲᠣᠭᠲᠠᠭᠠᠬᠤ | ᠠᠵᠢᠯᠯᠠᠭ᠎ᠠ ᠳᠤ ᠠᠷᠠᠳ ᠲᠦᠮᠡᠨ ᠤ ᠤᠯᠠᠨ ᠠᠷᠭ᠎ᠠ ᠵᠠᠮ ᠢᠶᠠᠷ ᠣᠷᠣᠯᠴᠠᠬᠤ ᠶᠢ ᠨᠢ ᠪᠠᠲᠤᠯᠠᠬᠤ ᠬᠡᠷᠡᠭᠲᠡᠢ᠃ | ᠳᠥᠷᠪᠡᠳᠦᠭᠡᠷ ᠵᠦᠢᠯ ᠤᠯᠤᠰ ᠲᠥᠷᠥ ᠶᠢᠨ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠢᠵᠢ | ᠪᠦᠷᠢᠳᠦᠭᠰᠡᠨ ᠵᠠᠰᠠᠭ ᠤᠨ ᠣᠷᠳᠣᠨ ᠤ ᠲᠣᠭᠲᠠᠭᠠᠯ ᠳᠦᠷᠢᠮ ᠪᠠ ᠴᠢᠬᠤᠯᠠ ᠶᠡᠭᠡ ᠠᠵᠤ ᠠᠬᠤᠢ ᠨᠡᠶᠢᠭᠡᠮ ᠤᠨ | ᠲᠠᠯ᠎ᠠ ᠶᠢᠨ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠤ ᠪᠠᠨ᠂ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠳᠤ ᠮᠡᠳᠡᠭᠦᠯᠬᠦ | ᠬᠡᠷᠡᠭᠲᠡᠢ᠃ | ᠲᠠᠪᠤᠳᠤᠭᠠᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠲᠤᠭᠤᠷᠪᠢᠨ | ᠲᠣᠭᠲᠠᠭᠠᠬᠤ ᠳᠡᠰ ᠳᠠᠷᠠᠭᠠᠯᠠᠯ ᠳᠤ ᠰᠡᠳᠦᠪ ᠲᠣᠭᠲᠠᠭᠠᠬᠤ᠂ ᠲᠤᠭᠤᠷᠪᠢᠬᠤ᠂ ᠬᠢᠨᠠᠨ ᠪᠠᠶᠢᠴᠠᠭᠠᠬᠤ᠂ ᠲᠣᠭᠲᠠᠭᠠᠬᠤ᠂ | ᠬᠢᠨᠠᠨ ᠵᠥᠪᠯᠡᠭᠦᠯᠬᠦ ᠪᠠᠷ ᠳᠡᠪᠰᠢᠭᠦᠯᠬᠦ ᠪᠠᠭᠲᠠᠨ᠎ᠠ᠃ | ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠡᠰ ᠳᠠᠷᠠᠭᠠᠯᠠᠯ ᠳᠤ ᠰᠡᠳᠦᠪ ᠲᠣᠭᠲᠠᠭᠠᠬᠤ᠂ | ᠲᠤᠭᠤᠷᠪᠢᠬᠤ᠂ ᠬᠢᠨᠠᠨ ᠪᠠᠶᠢᠴᠠᠭᠠᠬᠤ᠂ ᠲᠣᠭᠲᠠᠭᠠᠬᠤ᠂ ᠨᠡᠶᠢᠲᠡᠯᠡᠬᠦ᠂ ᠳᠠᠩᠰᠠᠯᠠᠬᠤ ᠪᠠ ᠲᠠᠶᠢᠯᠪᠤᠷᠢᠯᠠᠬᠤ ᠪᠠᠭᠲᠠᠨ᠎ᠠ᠃ | ᠵᠢᠷᠭᠤᠳᠤᠭᠠᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠲᠤᠭᠤᠷᠪᠢᠨ | ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠤ ᠬᠠᠤᠯᠢ ᠲᠣᠭᠲᠠᠭᠠᠬᠤ | ᠮᠡᠷᠭᠡᠵᠢᠯ ᠤᠨ ᠵᠢᠷᠤᠮᠵᠢᠯ ᠳᠤ ᠨᠡᠶᠢᠴᠡᠵᠦ᠂ ᠯᠣᠭᠢᠭ ᠨᠢᠭᠲᠠ ᠴᠢᠩᠭ᠎ᠠ᠂ ᠡᠮᠬᠢ ᠵᠢᠷᠤᠮ ᠲᠠᠢ᠂ ᠠᠭᠤᠯᠭ᠎ᠠ ᠨᠢ ᠲᠣᠳᠣ᠂ | ᠪᠣᠳᠠᠲᠠᠢ᠂ ᠦᠭᠡ ᠬᠡᠯᠡᠯᠭᠡ ᠨᠢ ᠣᠨᠣᠪᠴᠢᠲᠠᠢ᠂ ᠲᠣᠪᠴᠢ ᠠᠪᠰᠠᠷᠬᠠᠨ᠂ ᠬᠡᠷᠡᠭᠵᠢᠭᠦᠯᠬᠦ᠋ᠢᠴᠡ ᠴᠢᠨᠠᠷ ᠲᠠᠢ ᠪᠠᠶᠢᠬᠤ | ᠬᠡᠷᠡᠭᠲᠡᠢ᠃ | ᠳᠡᠭᠡᠳᠦ ᠪᠠᠶᠢᠷᠢ ᠶᠢᠨ ᠬᠠᠤᠯᠢ ᠳᠤ ᠲᠣᠳᠣᠷᠬᠠᠢ ᠲᠣᠭᠲᠠᠭᠠᠭᠰᠠᠨ ᠠᠭᠤᠯᠭ᠎ᠠ ᠶᠢ ᠣᠷᠣᠨ ᠨᠤᠲᠤᠭ ᠤᠨ ᠴᠢᠨᠠᠷᠲᠠᠢ | ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠳᠤ ᠵᠠᠷᠴᠢᠮ ᠳᠡᠭᠡᠷ᠎ᠡ ᠪᠠᠨ ᠳᠠᠪᠬᠤᠷᠳᠠᠭᠤᠯᠤᠨ | ᠲᠣᠭᠲᠠᠭᠠᠬᠤ ᠦᠭᠡᠢ᠃ | ᠳᠣᠯᠣᠳᠤᠭᠠᠷ ᠵᠦᠢᠯ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠣᠷᠣᠨ ᠨᠤᠲᠤᠭ ᠤᠨ | ᠴᠢᠨᠠᠷᠲᠠᠢ ᠬᠠᠤᠯᠢ ᠲᠣᠭᠲᠠᠭᠠᠯ ᠤᠨ ᠦᠨᠳᠦᠰᠦᠯᠡᠯ ᠪᠠᠶᠢᠬᠤ ᠦᠭᠡᠢ ᠪᠣᠯ ᠵᠠᠰᠠᠭ ᠤᠨ ᠣᠷᠳᠣᠨ ᠤ ᠲᠣᠭᠲᠠᠭᠠᠯ | ᠳᠦᠷᠢᠮ ᠳᠤ ᠠᠷᠠᠳ ᠢᠷᠭᠡᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠶᠢ | ᠬᠠᠰᠤᠵᠤ ᠬᠤᠬᠢᠷᠠᠭᠤᠯᠬᠤ ᠪᠤᠶᠤ ᠲᠡᠭᠦᠨ ᠤ ᠡᠭᠦᠷᠭᠡ ᠶᠢ ᠨᠡᠮᠡᠭᠳᠡᠭᠦᠯᠬᠦ ᠵᠢᠷᠤᠮᠵᠢᠯ ᠲᠣᠭᠲᠠᠭᠠᠵᠤ ᠪᠣᠯᠬᠤ ᠦᠭᠡᠢ᠃ | ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠭ ᠤᠨ | ᠣᠷᠳᠣᠨ ᠤ ᠬᠠᠤᠯᠢ ᠲᠣᠭᠲᠠᠭᠠᠬᠤ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠬᠠᠤᠯᠢ ᠲᠣᠭᠲᠠᠭᠠᠬᠤ | ᠠᠵᠢᠯ ᠳᠤᠮᠳᠠᠬᠢ ᠴᠢᠬᠤᠯᠠ ᠶᠡᠭᠡ ᠠᠰᠠᠭᠤᠳᠠᠯ ᠤᠳ ᠢ ᠰᠤᠳᠤᠯᠤᠨ ᠰᠢᠢᠳᠪᠦᠷᠢᠯᠡᠬᠦ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠨᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ | ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠶᠢ ᠵᠣᠬᠢᠶᠠᠨ | ᠪᠠᠶᠢᠭᠤᠯᠬᠤ᠂ ᠵᠢᠭᠠᠨ ᠵᠢᠯᠤᠭᠤᠳᠬᠤ᠂ ᠵᠣᠬᠢᠴᠠᠭᠤᠯᠬᠤ ᠪᠠ ᠡᠬᠡ ᠲᠥᠰᠥᠯ ᠤᠨ ᠬᠢᠨᠠᠨ ᠪᠠᠶᠢᠴᠠᠭᠠᠬᠤ ᠠᠵᠢᠯ ᠢ | ᠪᠣᠳᠠᠲᠠᠢ ᠬᠠᠷᠢᠭᠤᠴᠠᠨ᠎ᠠ᠃ | ᠶᠢᠰᠦᠳᠦᠭᠡᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ | ᠲᠣᠭᠲᠠᠭᠠᠯ ᠳᠦᠷᠢᠮ ᠤᠨ ᠲᠥᠷᠥᠯ ᠵᠦᠢᠯ ᠴᠤᠭᠯᠠᠭᠤᠯᠬᠤ᠂ ᠢᠯᠡ ᠪᠠᠷ ᠰᠠᠨᠠᠯ ᠬᠤᠷᠢᠶᠠᠬᠤ᠂ ᠭᠡᠷᠡᠴᠢᠯᠡᠭᠡ ᠰᠣᠨᠣᠰᠬᠤ | ᠂ ᠵᠥᠪᠯᠡᠯᠭᠡ ᠥᠭᠴᠦ ᠨᠤᠲᠠᠯᠠᠬᠤ᠂ ᠦᠨᠡᠯᠡᠨ ᠵᠢᠱᠢᠬᠦ ᠵᠡᠷᠭᠡ ᠬᠠᠤᠯᠢ ᠲᠣᠭᠲᠠᠭᠠᠬᠤ ᠠᠵᠢᠯᠯᠠᠭ᠎ᠠ ᠳᠤ ᠨᠡᠶᠢᠭᠡᠮ | ᠨᠡᠶᠢᠲᠡ ᠶᠢᠨ ᠬᠢᠨ ᠡᠮᠬᠢ ᠳᠠᠷᠠᠭᠠᠯᠠᠯ ᠲᠠᠢ ᠪᠠᠷ ᠣᠷᠣᠯᠴᠠᠵᠤ᠂ ᠰᠠᠨᠠᠯ ᠪᠠ ᠰᠠᠨᠠᠭᠤᠯᠭ᠎ᠠ ᠳᠤᠷᠠᠳᠬᠤ ᠶᠢ ᠨᠢ | ᠵᠣᠷᠢᠭᠵᠢᠭᠤᠯᠤᠨ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠣᠳᠠᠲᠠᠢ ᠬᠡᠷᠡᠭᠴᠡᠭᠡ ᠪᠠᠨ ᠦᠨᠳᠦᠰᠦᠯᠡᠨ ᠦᠨᠳᠦᠰᠦᠨ | ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠪᠠᠶᠢᠭᠤᠯᠵᠤ᠂ ᠨᠡᠶᠢᠭᠡᠮ ᠨᠡᠶᠢᠲᠡ ᠪᠠ ᠬᠤᠯᠪᠣᠭᠳᠠᠯ ᠪᠦᠬᠦᠢ | ᠲᠠᠯ᠎ᠠ ᠶᠢᠨ ᠬᠢᠨ ᠤ ᠬᠠᠤᠯᠢ ᠲᠣᠭᠲᠠᠭᠠᠬᠤ ᠠᠵᠢᠯ ᠤᠨ ᠲᠤᠬᠠᠢ ᠰᠠᠨᠠᠯ ᠪᠠ ᠰᠠᠨᠠᠭᠤᠯᠭ᠎ᠠ ᠶᠢ ᠰᠣᠨᠣᠰᠤᠨ᠎ᠠ᠃ | ᠬᠤᠶᠠᠳᠤᠭᠠᠷ ᠪᠦᠯᠦᠭ ᠰᠡᠳᠦᠪ ᠲᠣᠭᠲᠠᠭᠠᠬᠤ | ᠠᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠷᠣᠨ | ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠬᠠᠤᠯᠢ ᠲᠣᠭᠲᠠᠭᠠᠬᠤ ᠲᠥᠯᠦᠪᠵᠢᠭᠦᠯᠭᠡ ᠪᠠ ᠬᠠᠤᠯᠢ ᠲᠣᠭᠲᠠᠭᠠᠬᠤ | ᠲᠥᠯᠥᠪᠯᠡᠭᠡ ᠶᠢᠨ ᠰᠠᠨᠠᠭᠤᠯᠭ᠎ᠠ ᠳᠤᠷᠠᠳᠴᠤ᠂ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ | ᠲᠣᠭᠲᠠᠭᠠᠬᠤ ᠲᠥᠯᠥᠪᠯᠡᠭᠡ ᠶᠢ ᠲᠣᠭᠲᠠᠭᠠᠬᠤ ᠳᠤ ᠪᠠᠨ᠂ ᠥᠷᠭᠡᠨ ᠢᠶᠠᠷ ᠰᠠᠨᠠᠯ ᠬᠤᠷᠢᠶᠠᠵᠤ᠂ ᠰᠢᠨᠵᠢᠯᠡᠬᠦ | ᠤᠬᠠᠭᠠᠨᠴᠢ ᠪᠠᠷ ᠨᠤᠲᠠᠯᠠᠯᠲᠠ ᠬᠢᠵᠦ ᠦᠨᠡᠯᠡᠨ ᠵᠢᠱᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠪᠠ | ᠠᠷᠠᠳᠴᠢᠯᠠᠯ ᠢ ᠬᠡᠷᠡᠭᠵᠢᠭᠦᠯᠵᠦ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠡᠷᠡᠭᠴᠡᠭᠡ ᠶᠢ ᠦᠨᠳᠦᠰᠦᠯᠡᠨ᠂ | ᠨᠢᠭᠡᠳᠦᠯᠲᠡᠢ ᠲᠥᠯᠥᠪᠯᠡᠨ ᠨᠡᠶᠢᠲᠡ ᠳᠤ ᠨᠢ ᠬᠠᠷᠠᠭᠠᠯᠵᠠᠵᠤ᠂ ᠭᠤᠣᠯᠳᠠᠯᠭ᠎ᠠ ᠶᠢ ᠲᠣᠪᠤᠶᠢᠯᠭᠠᠨ᠂ ᠲᠣᠭᠲᠠᠭᠠᠬᠤ | ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠲᠠᠶᠢᠯᠪᠤᠷᠢᠯᠠᠬᠤ ᠶᠢ ᠵᠡᠷᠭᠡ ᠳᠤ ᠨᠢ ᠴᠢᠬᠤᠯᠠᠴᠢᠯᠠᠬᠤ ᠬᠡᠷᠡᠭᠲᠡᠢ᠃ | ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ᠶᠢ ᠣᠷᠣᠨ ᠨᠤᠲᠤᠭ ᠤᠨ | ᠴᠢᠨᠠᠷᠲᠠᠢ ᠬᠠᠤᠯᠢ ᠲᠣᠭᠲᠠᠭᠠᠯ ᠤᠨ ᠬᠠᠤᠯᠢ ᠲᠣᠭᠲᠠᠭᠠᠬᠤ ᠲᠥᠯᠦᠪᠵᠢᠭᠦᠯᠭᠡ᠂ ᠬᠠᠤᠯᠢ ᠲᠣᠭᠲᠠᠭᠠᠬᠤ | ᠲᠥᠯᠥᠪᠯᠡᠭᠡ ᠯᠦᠭᠡ ᠵᠣᠯᠭᠠᠭᠤᠯᠬᠤ ᠬᠡᠷᠡᠭᠲᠡᠢ᠃ | ᠠᠷᠪᠠᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠣᠷᠣᠨ | ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ | ᠲᠣᠭᠲᠠᠭᠠᠬᠤ ᠣᠨ ᠤ ᠲᠥᠯᠥᠪᠯᠡᠭᠡ ᠶᠢᠨ ᠲᠥᠷᠥᠯ ᠵᠦᠢᠯ ᠤᠨ ᠰᠠᠨᠠᠭᠤᠯᠭ᠎ᠠ ᠶᠢ ᠨᠡᠶᠢᠭᠡᠮ ᠨᠡᠶᠢᠲᠡ ᠠᠴᠠ ᠢᠯᠡ ᠪᠠᠷ | ᠴᠤᠭᠯᠠᠭᠤᠯᠵᠤ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠨᠢ ᠵᠢᠯ ᠪᠦᠷᠢ ᠶᠢᠨ ᠳᠣᠣᠷ᠎ᠠ ᠬᠠᠭᠠᠰ ᠵᠢᠯ ᠳᠤ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠠᠶᠢᠮᠠᠭ ᠤᠨ ᠵᠠᠬᠢᠷᠭ᠎ᠠ ᠪᠠ ᠲᠣᠭᠤᠷᠢᠭ ᠪᠠᠶᠢᠭᠤᠯᠤᠭᠰᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠯᠪᠣᠭᠳᠠᠯ ᠪᠦᠬᠦᠢ ᠵᠣᠬᠢᠶᠠᠨ ᠪᠠᠶᠢᠭᠤᠯᠤᠯᠲᠠ ᠠᠴᠠ ᠢᠷᠡᠬᠦ | ᠵᠢᠯ ᠤᠨ ᠬᠠᠤᠯᠢ ᠲᠣᠭᠲᠠᠭᠠᠬᠤ ᠲᠥᠯᠥᠪᠯᠡᠭᠡ ᠶᠢᠨ ᠲᠥᠷᠥᠯ ᠵᠦᠢᠯ ᠤᠨ ᠰᠠᠨᠠᠭᠤᠯᠭ᠎ᠠ ᠶᠢ ᠴᠤᠭᠯᠠᠭᠤᠯᠬᠤ ᠬᠡᠷᠡᠭᠲᠡᠢ᠂ | ᠮᠥᠨ ᠴᠦ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠨ ᠫᠣᠷᠲ᠋ᠧᠯ ᠰᠦᠯᠵᠢᠶ᠎ᠡ ᠪᠤᠶᠤ ᠪᠤᠰᠤᠳ ᠠᠷᠭ᠎ᠠ ᠬᠡᠯᠪᠡᠷᠢ ᠪᠠᠷ ᠳᠠᠮᠵᠢᠭᠤᠯᠤᠨ ᠨᠡᠶᠢᠭᠡᠮ | ᠨᠡᠶᠢᠲᠡ ᠠᠴᠠ ᠬᠠᠤᠯᠢ ᠲᠣᠭᠲᠠᠭᠠᠬᠤ ᠲᠥᠯᠥᠪᠯᠡᠭᠡ ᠶᠢᠨ ᠲᠥᠷᠥᠯ ᠵᠦᠢᠯ ᠤᠨ ᠰᠠᠨᠠᠭᠤᠯᠭ᠎ᠠ ᠶᠢ ᠢᠯᠡ ᠪᠠᠷ | ᠴᠤᠭᠯᠠᠭᠤᠯᠵᠤ ᠪᠣᠯᠣᠨ᠎ᠠ᠃ | ᠠᠷᠪᠠᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠯᠠᠭ᠎ᠠ | ᠮᠥᠴᠢᠷ᠂ ᠠᠶᠢᠮᠠᠭ ᠤᠨ ᠵᠠᠬᠢᠷᠭ᠎ᠠ ᠪᠠ ᠲᠣᠭᠤᠷᠢᠭ ᠪᠠᠶᠢᠭᠤᠯᠤᠭᠰᠠᠨ ᠬᠤᠳᠠ ᠶᠢᠨ ᠠᠷᠠᠳ ᠤᠨ ᠵᠠᠰᠠᠭ ᠤᠨ | ᠣᠷᠳᠣᠨ ᠨᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠤᠶᠤ ᠵᠠᠰᠠᠭ ᠤᠨ ᠣᠷᠳᠣᠨ ᠤ ᠲᠣᠭᠲᠠᠭᠠᠯ | ᠳᠦᠷᠢᠮ ᠲᠣᠭᠲᠠᠭᠠᠬᠤ ᠴᠢᠬᠤᠯᠠ ᠲᠠᠢ ᠭᠡᠵᠦ ᠦᠵᠡᠵᠦ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠳᠤ ᠰᠡᠳᠦᠪ ᠲᠣᠭᠲᠠᠭᠠᠬᠤ ᠪᠠᠷ ᠭᠤᠶᠤᠴᠢᠯᠠᠬᠤ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ | ᠲᠣᠭᠲᠠᠭᠠᠯ ᠳᠦᠷᠢᠮ ᠢᠶᠠᠷ ᠰᠡᠳᠦᠪ ᠲᠣᠭᠲᠠᠭᠠᠬᠤ ᠪᠠᠷ ᠮᠡᠳᠡᠭᠦᠯᠬᠦ ᠳᠤ ᠳᠣᠣᠷ᠎ᠠ ᠵᠢᠭᠰᠠᠭᠠᠭᠰᠠᠨ ᠪᠢᠴᠢᠭᠯᠡᠭᠰᠡᠨ | ᠮᠠᠲ᠋ᠧᠷᠢᠶᠠᠯ ᠵᠢᠴᠢ ᠲᠡᠭᠦᠨ ᠤ ᠡᠯᠧᠺᠳ᠋ᠷᠣᠨ ᠲᠧᠺᠰᠲ ᠢ ᠮᠡᠳᠡᠭᠦᠯᠦᠨ ᠬᠦᠷᠭᠡᠬᠦ ᠬᠡᠷᠡᠭᠲᠡᠢ᠄ | ︵ᠨᠢᠭᠡ︶ ᠰᠡᠳᠦᠪ ᠲᠣᠭᠲᠠᠭᠠᠬᠤ ᠰᠠᠨᠠᠭᠤᠯᠭ᠎ᠠ ᠶᠢᠨ ᠮᠡᠳᠡᠭᠦᠯᠦᠯᠲᠡ ᠶᠢᠨ ᠪᠢᠴᠢᠭ︔ | ︵ᠬᠤᠶᠠᠷ︶ ᠡᠬᠡ ᠲᠥᠰᠥᠯ ᠪᠠ ᠲᠤᠭᠤᠷᠪᠢᠭᠰᠠᠨ ᠲᠣᠳᠣᠷᠬᠠᠶᠢᠯᠠᠯᠲᠠ︔ | ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠦᠨᠳᠦᠰᠦᠯᠡᠯ ᠵᠢᠴᠢ ᠬᠤᠯᠪᠣᠭᠳᠠᠯ ᠪᠦᠬᠦᠢ ᠬᠠᠤᠯᠢ | ᠲᠣᠭᠲᠠᠭᠠᠬᠤ ᠮᠠᠲ᠋ᠧᠷᠢᠶᠠᠯ︔ | ︵ᠳᠥᠷᠪᠡ︶ ᠬᠤᠷᠢᠶᠠᠭᠰᠠᠨ ᠰᠠᠨᠠᠯ ᠤᠳ ᠤᠨ ᠬᠤᠷᠢᠶᠠᠩᠭᠤᠶᠢᠯᠠᠭᠰᠠᠨ ᠮᠠᠲ᠋ᠧᠷᠢᠶᠠᠯ ᠵᠢᠴᠢ ᠪᠠᠶᠢᠴᠠᠭᠠᠨ | ᠰᠤᠳᠤᠯᠤᠯᠲᠠ ᠶᠢᠨ ᠮᠡᠳᠡᠭᠦᠯᠦᠯᠲᠡ︔ | ︵ᠲᠠᠪᠤ︶ ᠬᠢᠨᠠᠨ ᠵᠥᠪᠯᠡᠭᠦᠯᠬᠦ ᠪᠠᠷ ᠰᠠᠨᠠᠭᠤᠯᠤᠭᠰᠠᠨ ᠴᠠᠭ᠃ | ᠲᠤᠭᠤᠷᠪᠢᠭᠰᠠᠨ ᠲᠣᠳᠣᠷᠬᠠᠶᠢᠯᠠᠯᠲᠠ ᠳᠤ ᠬᠠᠤᠯᠢ ᠲᠣᠭᠲᠠᠭᠠᠬᠤ ᠶᠢᠨ ᠴᠢᠬᠤᠯᠠ ᠴᠢᠨᠠᠷ ᠪᠠ ᠪᠣᠯᠣᠮᠵᠢᠲᠤ ᠴᠢᠨᠠᠷ᠂ | ᠲᠤᠭᠤᠷᠪᠢᠬᠤ ᠶᠠᠪᠤᠴᠠ᠂ ᠰᠢᠢᠳᠪᠦᠷᠢᠯᠡᠬᠦ ᠪᠠᠷ ᠵᠢᠱᠢᠵᠦ ᠪᠠᠶᠢᠭ᠎ᠠ ᠭᠤᠣᠯ ᠠᠰᠠᠭᠤᠳᠠᠯ᠂ ᠲᠣᠭᠲᠠᠭᠠᠭᠰᠠᠨ ᠭᠤᠣᠯ | ᠠᠷᠭ᠎ᠠ ᠬᠡᠮᠵᠢᠶ᠎ᠡ ᠵᠢᠴᠢ ᠵᠥᠷᠢᠯᠳᠦᠭᠡᠨ ᠲᠠᠢ ᠭᠤᠣᠯ ᠰᠠᠨᠠᠯ ᠢ ᠵᠣᠬᠢᠴᠠᠭᠤᠯᠤᠨ ᠰᠢᠢᠳᠪᠦᠷᠢᠯᠡᠭᠰᠡᠨ ᠪᠠᠶᠢᠳᠠᠯ ᠢ | ᠪᠠᠭᠲᠠᠭᠠᠬᠤ ᠬᠡᠷᠡᠭᠲᠡᠢ᠃ | ᠨᠤᠲᠠᠯᠠᠬᠤ ᠬᠤᠷᠠᠯ ᠪᠠ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠤᠭᠰᠠᠨ ᠪᠠᠶᠢᠪᠠᠯ᠂ ᠪᠠᠰᠠ ᠨᠤᠲᠠᠯᠠᠯᠲᠠ | ᠬᠢᠭᠰᠡᠨ᠂ ᠭᠡᠷᠡᠴᠢᠯᠡᠭᠡ ᠰᠣᠨᠣᠰᠤᠭᠰᠠᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠬᠠᠤᠯᠢ ᠲᠣᠭᠲᠠᠭᠠᠬᠤ | ᠲᠥᠯᠦᠪᠵᠢᠭᠦᠯᠭᠡ ᠶᠢᠨ ᠰᠠᠨᠠᠭᠤᠯᠭ᠎ᠠ ᠪᠠ ᠬᠠᠤᠯᠢ ᠲᠣᠭᠲᠠᠭᠠᠬᠤ ᠲᠥᠯᠥᠪᠯᠡᠭᠡ ᠶᠢᠨ ᠰᠠᠨᠠᠭᠤᠯᠭ᠎ᠠ ᠶᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠲᠤᠭᠤᠷᠪᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠬᠢᠨᠠᠨ ᠲᠣᠭᠲᠠᠭᠠᠯᠭᠠᠭᠰᠠᠨ ᠤ ᠲᠠᠷᠠᠭ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠦᠨ ᠬᠦᠷᠭᠡᠬᠦ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠰᠡᠳᠦᠪ | ᠲᠣᠭᠲᠠᠭᠠᠬᠤ ᠭᠤᠶᠤᠴᠢᠯᠠᠯ ᠪᠠ ᠢᠯᠡ ᠪᠠᠷ ᠴᠤᠭᠯᠠᠭᠤᠯᠤᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ | ᠬᠠᠤᠯᠢ ᠲᠣᠭᠲᠠᠭᠠᠬᠤ ᠲᠥᠯᠥᠪᠯᠡᠭᠡ ᠶᠢᠨ ᠲᠥᠷᠥᠯ ᠵᠦᠢᠯ ᠤᠨ ᠰᠠᠨᠠᠭᠤᠯᠭ᠎ᠠ ᠶᠢ ᠦᠨᠡᠯᠡᠨ ᠵᠢᠱᠢᠵᠦ ᠨᠤᠲᠠᠯᠠᠯᠲᠠ ᠬᠢᠵᠦ | ᠂ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ᠶᠢ ᠲᠤᠭᠤᠷᠪᠢᠨ | ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ | ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠭᠡᠮ ᠳᠤ ᠨᠡᠶᠢᠲᠡᠯᠡᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠯᠠᠭ᠎ᠠ | ᠮᠥᠴᠢᠷ᠂ ᠠᠶᠢᠮᠠᠭ ᠤᠨ ᠵᠠᠬᠢᠷᠭ᠎ᠠ ᠪᠠ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠮᠡᠳᠡᠭᠦᠯᠵᠦ ᠬᠦᠷᠭᠡᠭᠰᠡᠨ ᠰᠡᠳᠦᠪ ᠲᠣᠭᠲᠠᠭᠠᠬᠤ ᠭᠤᠶᠤᠴᠢᠯᠠᠯ ᠤᠨ ᠲᠥᠷᠥᠯ ᠵᠦᠢᠯ ᠪᠠ ᠢᠯᠡ ᠪᠠᠷ | ᠴᠤᠭᠯᠠᠭᠤᠯᠤᠭᠰᠠᠨ ᠬᠠᠤᠯᠢ ᠲᠣᠭᠲᠠᠭᠠᠬᠤ ᠲᠥᠯᠥᠪᠯᠡᠭᠡ ᠶᠢᠨ ᠰᠠᠨᠠᠭᠤᠯᠭ᠎ᠠ ᠶᠢᠨ ᠲᠥᠷᠥᠯ ᠵᠦᠢᠯ ᠳᠤ ᠳᠣᠣᠷᠠᠬᠢ | ᠪᠠᠶᠢᠳᠠᠯ ᠤᠳ ᠤᠨ ᠨᠢᠭᠡ ᠨᠢ ᠪᠠᠶᠢᠪᠠᠯ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠬᠠᠤᠯᠢ | ᠲᠣᠭᠲᠠᠭᠠᠬᠤ ᠲᠥᠯᠦᠪᠵᠢᠭᠦᠯᠭᠡ᠂ ᠬᠠᠤᠯᠢ ᠲᠣᠭᠲᠠᠭᠠᠬᠤ ᠲᠥᠯᠥᠪᠯᠡᠭᠡ ᠶᠢᠨ ᠰᠠᠨᠠᠭᠤᠯᠭ᠎ᠠ ᠶᠢᠨ ᠲᠥᠷᠥᠯ ᠵᠦᠢᠯ ᠪᠤᠶᠤ | ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ᠳᠤ ᠣᠷᠣᠭᠤᠯᠬᠤ ᠦᠭᠡᠢ᠄ | ︵ᠨᠢᠭᠡ︶ ᠬᠠᠤᠯᠢ ᠲᠣᠭᠲᠠᠭᠠᠬᠤ ᠵᠣᠷᠢᠯᠲᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠵᠡᠷᠭᠡ ᠨᠠᠮ ᠪᠠ ᠤᠯᠤᠰ ᠤᠨ ᠦᠨᠳᠦᠰᠦᠨ ᠴᠢᠭᠯᠡᠯᠲᠡ᠂ ᠲᠦᠷᠦ ᠶᠢᠨ ᠪᠣᠳᠣᠯᠭ᠎ᠠ ᠲᠠᠢ | ᠦᠯᠦ ᠨᠡᠶᠢᠴᠡᠭᠰᠡᠨ︔ | ︵ᠬᠤᠶᠠᠷ︶ ᠭᠤᠣᠯ ᠠᠭᠤᠯᠭ᠎ᠠ ᠨᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠬᠥᠭᠵᠢᠯᠲᠡ | ᠪᠠ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠱᠠᠭᠠᠷᠳᠠᠯᠭ᠎ᠠ ᠳᠤ ᠦᠯᠦ ᠨᠡᠶᠢᠴᠡᠭᠰᠡᠨ︔ | ︵ᠭᠤᠷᠪᠠ︶ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢᠶᠠᠷ ᠳᠠᠮᠵᠢᠭᠤᠯᠤᠨ ᠠᠰᠠᠭᠤᠳᠠᠯ ᠢ | ᠰᠢᠢᠳᠪᠦᠷᠢᠯᠡᠵᠦ ᠪᠣᠯᠬᠤ︔ | ︵ᠳᠥᠷᠪᠡ︶ ᠬᠠᠤᠯᠢ ᠲᠣᠭᠲᠠᠭᠠᠬᠤ ᠴᠢᠬᠤᠯᠠ ᠴᠢᠨᠠᠷ ᠨᠢ ᠭᠦᠢᠴᠡᠳ ᠪᠤᠰᠤ ᠪᠤᠶᠤ ᠦᠢᠯᠡᠳᠦᠯᠭᠡ ᠶᠢᠨ ᠳᠤᠮᠳᠠ | ᠬᠡᠷᠡᠭᠵᠢᠭᠦᠯᠬᠦ ᠳᠤ ᠪᠡᠷᠬᠡᠲᠡᠢ ᠪᠠᠶᠢᠬᠤ︔ | ︵ᠲᠠᠪᠤ︶ ᠲᠤᠰ ᠲᠣᠭᠲᠠᠭᠠᠯ ᠤᠨ ᠠᠷᠪᠠᠨ ᠭᠤᠷᠪᠠᠳᠤᠭᠠᠷ ᠵᠦᠢᠯ ᠤᠨ ᠶᠣᠰᠣᠭᠠᠷ ᠬᠠᠮᠢᠶ᠎ᠠ ᠪᠦᠬᠦᠢ ᠮᠠᠲ᠋ᠧᠷᠢᠶᠠᠯ ᠢ | ᠦᠯᠦ ᠮᠡᠳᠡᠭᠦᠯᠵᠦ ᠬᠦᠷᠭᠡᠭᠰᠡᠨ︔ | ︵ᠵᠢᠷᠭᠤᠭ᠎ᠠ︶ ᠬᠠᠤᠯᠢ ᠲᠣᠭᠲᠠᠭᠠᠬᠤ ᠨᠥᠬᠦᠴᠡᠯ ᠪᠠ ᠴᠠᠭ ᠲᠣᠬᠢᠶᠠᠯ ᠨᠢ ᠪᠣᠯᠪᠠᠰᠤᠷᠠᠩᠭᠤᠢ ᠪᠤᠰᠤ ᠪᠤᠰᠤᠳ | ᠪᠠᠶᠢᠳᠠᠯ᠃ | ᠠᠷᠪᠠᠨ ᠵᠢᠷᠭᠤᠳᠤᠭᠠᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ | ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ᠶᠢ ᠬᠡᠷᠡᠭᠵᠢᠭᠦᠯᠬᠦ ᠶᠠᠪᠤᠴᠠ ᠳᠤ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠨᠢ ᠪᠣᠳᠠᠲᠤ ᠪᠠᠶᠢᠳᠠᠯ ᠢᠶᠠᠨ ᠦᠨᠳᠦᠰᠦᠯᠡᠨ᠂ ᠬᠠᠤᠯᠢ ᠲᠣᠭᠲᠠᠭᠠᠬᠤ ᠲᠥᠯᠥᠪᠯᠡᠭᠡ ᠳᠤ ᠲᠣᠬᠢᠷᠠᠭᠤᠯᠤᠯᠲᠠ | ᠬᠢᠬᠦ ᠰᠠᠨᠠᠭᠤᠯᠭ᠎ᠠ ᠳᠤᠷᠠᠳᠴᠤ ᠪᠣᠯᠣᠨ᠎ᠠ᠃ | ᠭᠤᠷᠪᠠᠳᠤᠭᠠᠷ ᠪᠦᠯᠦᠭ ᠲᠤᠭᠤᠷᠪᠢᠬᠤ | ᠠᠷᠪᠠᠨ ᠳᠣᠯᠣᠳᠤᠭᠠᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ | ᠲᠣᠭᠲᠠᠭᠠᠯ ᠳᠦᠷᠢᠮ ᠢ ᠰᠡᠳᠦᠪ ᠲᠣᠭᠲᠠᠭᠠᠬᠤ ᠪᠠᠷ ᠭᠤᠶᠤᠴᠢᠯᠠᠭᠰᠠᠨ ᠰᠠᠯᠠᠭ᠎ᠠ ᠮᠥᠴᠢᠷ ᠪᠤᠶᠤ ᠨᠢᠭᠡᠴᠢ | ᠲᠤᠭᠤᠷᠪᠢᠨ᠎ᠠ᠃ ᠬᠤᠶᠠᠷ ᠠᠴᠠ ᠳᠡᠭᠡᠭᠰᠢᠬᠢ ᠰᠠᠯᠠᠭ᠎ᠠ ᠮᠥᠴᠢᠷ ᠤᠨ ᠡᠷᠬᠡ ᠲᠤᠰᠢᠶᠠᠯ ᠳᠤ ᠬᠤᠯᠪᠣᠭᠳᠠᠪᠠᠯ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡ ᠰᠠᠯᠠᠭ᠎ᠠ ᠮᠥᠴᠢᠷ ᠪᠤᠶᠤ ᠬᠡᠳᠦᠨ | ᠰᠠᠯᠠᠭ᠎ᠠ ᠮᠥᠴᠢᠷ ᠬᠠᠮᠲᠤ ᠪᠠᠷ ᠲᠤᠭᠤᠷᠪᠢᠬᠤ ᠠᠵᠢᠯ ᠢ ᠬᠠᠷᠢᠭᠤᠴᠠᠬᠤ ᠶᠢ ᠲᠣᠭᠲᠠᠭᠠᠨ᠎ᠠ︔ ᠴᠢᠬᠤᠯᠠ ᠵᠠᠰᠠᠭ | ᠵᠠᠬᠢᠷᠭᠠᠨ ᠤ ᠬᠠᠮᠢᠶᠠᠷᠤᠯᠲᠠ ᠪᠤᠶᠤ ᠶᠡᠷᠦᠩᠬᠡᠶᠢᠯᠡᠭᠰᠡᠨ ᠴᠢᠨᠠᠷ ᠢᠶᠠᠷ ᠨᠡᠯᠢᠶᠡᠳ ᠴᠢᠩᠭ᠎ᠠ ᠲᠥᠷᠥᠯ ᠵᠦᠢᠯ ᠳᠤ | ᠬᠤᠯᠪᠣᠭᠳᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤᠭᠤᠷᠪᠢᠬᠤ ᠠᠵᠢᠯ ᠢ ᠵᠣᠬᠢᠶᠠᠨ ᠪᠠᠶᠢᠭᠤᠯᠵᠤ ᠪᠣᠯᠣᠨ᠎ᠠ᠃ | ᠠᠶᠢᠮᠠᠭ ᠤᠨ ᠵᠠᠬᠢᠷᠭ᠎ᠠ ᠨᠢ ᠰᠡᠳᠦᠪ ᠲᠣᠭᠲᠠᠭᠠᠬᠤ ᠪᠠᠷ ᠭᠤᠶᠤᠴᠢᠯᠠᠭᠰᠠᠨ ᠪᠠᠶᠢᠪᠠᠯ᠂ ᠠᠶᠢᠮᠠᠭ ᠤᠨ | ᠵᠠᠬᠢᠷᠭ᠎ᠠ ᠠᠴᠠ ᠲᠤᠭᠤᠷᠪᠢᠬᠤ ᠠᠵᠢᠯ ᠢ ᠵᠣᠬᠢᠶᠠᠨ ᠪᠠᠶᠢᠭᠤᠯᠤᠨ᠎ᠠ᠃ | ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ | ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠤᠭᠤᠷᠪᠢᠬᠤ ᠳᠤ ᠬᠠᠮᠢᠶ᠎ᠠ ᠪᠦᠬᠦᠢ ᠬᠦᠷᠢᠶᠡᠨ ᠤ ᠲᠤᠰᠬᠠᠢ | ᠮᠡᠷᠭᠡᠵᠢᠯᠲᠡᠨ ᠢ ᠲᠤᠭᠤᠷᠪᠢᠬᠤ ᠠᠵᠢᠯ ᠳᠤ ᠣᠷᠣᠯᠴᠠᠭᠤᠯᠵᠤ ᠪᠣᠯᠣᠨ᠎ᠠ᠂ ᠡᠰᠡᠬᠦᠯ᠎ᠡ ᠬᠤᠯᠪᠣᠭᠳᠠᠯ ᠪᠦᠬᠦᠢ ᠲᠤᠰᠬᠠᠢ | ᠮᠡᠷᠭᠡᠵᠢᠯᠲᠡᠨ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠳᠤ ᠲᠤᠭᠤᠷᠪᠢᠬᠤ ᠠᠵᠢᠯ ᠢ ᠨᠠᠶᠢᠳᠠᠵᠤ ᠪᠣᠯᠣᠨ᠎ᠠ᠃ | ᠠᠷᠪᠠᠨ ᠨᠠᠢᠮᠠᠳᠤᠭᠠᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ | ᠲᠣᠭᠲᠠᠭᠠᠯ ᠳᠦᠷᠢᠮ ᠢ ᠲᠤᠭᠤᠷᠪᠢᠬᠤ ᠳᠤ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠ ᠲᠠᠢ ᠠᠴᠠ | ᠭᠠᠳᠠᠨ᠎ᠠ ᠡᠬᠡ ᠲᠥᠰᠥᠯ ᠵᠢᠴᠢ ᠲᠡᠭᠦᠨ ᠤ ᠲᠣᠳᠣᠷᠬᠠᠶᠢᠯᠠᠯᠲᠠ ᠵᠡᠷᠭᠡ ᠶᠢ ᠨᠡᠶᠢᠭᠡᠮ ᠳᠤ ᠨᠡᠶᠢᠲᠡᠯᠡᠵᠦ᠂ ᠰᠠᠨᠠᠯ | ᠬᠤᠷᠢᠶᠠᠬᠤ ᠬᠡᠷᠡᠭᠲᠡᠢ᠃ ᠨᠡᠶᠢᠭᠡᠮ ᠳᠤ ᠨᠡᠶᠢᠲᠡᠯᠡᠵᠦ ᠰᠠᠨᠠᠯ ᠬᠤᠷᠢᠶᠠᠬᠤ ᠬᠤᠭᠤᠴᠠᠭ᠎ᠠ ᠬᠢᠵᠠᠭᠠᠷ ᠢ ᠶᠡᠷᠦ ᠳᠤ ᠪᠠᠨ | ᠭᠤᠴᠢᠨ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ | ᠠᠷᠪᠠ ᠶᠢᠰᠦᠳᠦᠭᠡᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ | ᠲᠣᠭᠲᠠᠭᠠᠯ ᠳᠦᠷᠢᠮ ᠢ ᠲᠤᠭᠤᠷᠪᠢᠬᠤ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠪᠤᠰᠤᠳ ᠪᠠᠶᠢᠭᠤᠯᠤᠮᠵᠢ ᠪᠤᠶᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠳᠤ ᠬᠤᠯᠪᠣᠭᠳᠠᠭᠰᠠᠨ ᠪᠠᠶᠢᠪᠠᠯ᠂ | ᠲᠤᠭᠤᠷᠪᠢᠬᠤ ᠨᠢᠭᠡᠴᠢ ᠨᠢ ᠬᠠᠮᠢᠶ᠎ᠠ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠥᠴᠢᠷ ᠤᠨ ᠰᠠᠨᠠᠯ ᠢ ᠭᠦᠢᠴᠡᠳ | ᠬᠤᠷᠢᠶᠠᠬᠤ ᠬᠡᠷᠡᠭᠲᠡᠢ᠃ | ᠬᠤᠷᠢᠳᠤᠭᠠᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ | ᠲᠣᠭᠲᠠᠭᠠᠯ ᠳᠦᠷᠢᠮ ᠢ ᠲᠤᠭᠤᠷᠪᠢᠬᠤ ᠳᠤ ᠨᠡᠶᠢᠭᠡᠮ ᠨᠡᠶᠢᠲᠡ ᠶᠢᠨ ᠨᠡᠶᠢᠳᠡᠮ ᠠᠩᠬᠠᠷᠴᠤ ᠪᠠᠶᠢᠭ᠎ᠠ ᠬᠠᠯᠠᠮᠰᠢᠯ | ᠠᠰᠠᠭᠤᠳᠠᠯ ᠬᠦᠴᠢᠷ ᠠᠰᠠᠭᠤᠳᠠᠯ ᠪᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠯᠭᠠᠷᠠᠭᠰᠠᠨ ᠲᠣᠪᠤᠶᠢᠮ᠎ᠠ | ᠵᠥᠷᠢᠴᠡᠯ᠂ ᠠᠷᠠᠳ ᠢᠷᠭᠡᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠶᠢ | ᠬᠠᠰᠤᠵᠤ ᠬᠤᠬᠢᠷᠠᠭᠤᠯᠬᠤ ᠪᠤᠶᠤ ᠡᠭᠦᠷᠭᠡ ᠶᠢ ᠨᠢ ᠨᠡᠮᠡᠭᠳᠡᠭᠦᠯᠦᠨ᠂ ᠨᠡᠶᠢᠭᠡᠮ ᠨᠡᠶᠢᠲᠡ ᠳᠤ ᠴᠢᠬᠤᠯᠠ ᠨᠥᠯᠥᠭᠡ ᠪᠣᠯᠬᠤ | ᠵᠡᠷᠭᠡ ᠴᠢᠬᠤᠯᠠ ᠶᠡᠭᠡ ᠠᠰᠢᠭ ᠲᠤᠰᠠ ᠶᠢ ᠲᠣᠬᠢᠷᠠᠭᠤᠯᠬᠤ ᠵᠦᠢᠯᠡᠰ ᠲᠤ ᠬᠤᠯᠪᠣᠭᠳᠠᠭᠰᠠᠨ ᠪᠠᠶᠢᠪᠠᠯ᠂ ᠲᠤᠭᠤᠷᠪᠢᠬᠤ | ᠨᠢᠭᠡᠴᠢ ᠨᠢ ᠨᠤᠲᠠᠯᠠᠨ ᠵᠥᠪᠯᠡᠯᠭᠡ ᠠᠪᠴᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ | ᠰᠣᠨᠣᠰᠬᠤ ᠬᠡᠷᠡᠭᠲᠡᠢ᠃ | ᠬᠤᠷᠢᠨ ᠨᠢᠭᠡᠳᠦᠭᠡᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ | ᠲᠣᠭᠲᠠᠭᠠᠯ ᠳᠦᠷᠢᠮ ᠢ ᠲᠤᠭᠤᠷᠪᠢᠬᠤ ᠳᠤ ᠴᠢᠬᠤᠯᠠ ᠶᠡᠭᠡ ᠠᠰᠢᠭ ᠲᠤᠰᠠ ᠶᠢᠨ ᠲᠣᠬᠢᠷᠠᠭᠤᠯᠤᠯᠲᠠ ᠳᠤ | ᠬᠤᠯᠪᠣᠭᠳᠠᠬᠤ ᠪᠤᠶᠤ ᠴᠢᠬᠤᠯᠠ ᠶᠡᠭᠡ ᠰᠠᠨᠠᠯ ᠤᠨ ᠵᠥᠷᠢᠯᠳᠦᠭᠡᠨ ᠣᠷᠣᠰᠢᠵᠤ ᠪᠠᠶᠢᠭ᠎ᠠ᠂ ᠠᠷᠠᠳ ᠢᠷᠭᠡᠳ᠂ | ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠡᠭᠦᠷᠭᠡ ᠳᠤ ᠨᠡᠯᠢᠶᠡᠳ ᠶᠡᠭᠡ | ᠨᠥᠯᠥᠭᠡ ᠲᠠᠢ ᠪᠠᠶᠢᠵᠤ᠂ ᠠᠷᠠᠳ ᠤᠯᠠᠨ ᠨᠡᠶᠢᠳᠡᠮ ᠠᠩᠬᠠᠷᠤᠨ᠂ ᠰᠠᠨᠠᠯ ᠰᠣᠨᠣᠰᠬᠤ ᠴᠢᠬᠤᠯᠠ ᠲᠠᠢ ᠪᠣᠯ | ᠲᠤᠭᠤᠷᠪᠢᠬᠤ ᠨᠢᠭᠡᠴᠢ ᠠᠴᠠ ᠭᠡᠷᠡᠴᠢᠯᠡᠭᠡ ᠰᠣᠨᠣᠰᠬᠤ ᠬᠤᠷᠠᠯ ᠢ ᠬᠤᠷᠠᠯᠳᠤᠭᠤᠯᠬᠤ ᠬᠡᠷᠡᠭᠲᠡᠢ᠃ | ᠬᠤᠷᠢᠨ ᠬᠤᠶᠠᠳᠤᠭᠠᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ | ᠲᠣᠭᠲᠠᠭᠠᠯ ᠳᠦᠷᠢᠮ ᠢ ᠲᠤᠭᠤᠷᠪᠢᠬᠤ ᠳᠤ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ᠂ ᠠᠵᠤ ᠦᠢᠯᠡᠰ ᠤᠨ | ᠬᠥᠭᠵᠢᠯᠲᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ᠂ ᠵᠠᠰᠠᠭ ᠤᠨ ᠣᠷᠳᠣᠨ ᠬᠤᠳᠠᠯᠳᠤᠨ ᠠᠪᠬᠤ᠂ ᠡᠵᠡᠩᠨᠡᠯᠲᠡ ᠶᠢᠨ ᠦᠶ᠋ᠯᠡ ᠠᠵᠢᠯᠯᠠᠭ᠎ᠠ ᠶᠢᠨ ᠵᠢᠷᠤᠮᠵᠢᠯ᠂ | ᠬᠢᠷᠢ ᠬᠡᠮ ᠤᠨ ᠪᠠᠷᠢᠮᠵᠢᠶ᠎ᠠ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠤ ᠠᠬᠤᠢ ᠶᠢᠨ ᠠᠵᠢᠯᠯᠠᠭ᠎ᠠ ᠳᠤ | ᠬᠤᠯᠪᠣᠭᠳᠠᠭᠰᠠᠨ ᠪᠠᠶᠢᠪᠠᠯ᠂ ᠲᠤᠭᠤᠷᠪᠢᠬᠤ ᠨᠢᠭᠡᠴᠢ ᠠᠴᠠ ᠤᠯᠤᠰ ᠪᠠ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ ᠥᠷᠨᠢᠭᠦᠯᠵᠦ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠠᠨᠠᠯ ᠢ ᠰᠣᠨᠣᠰᠬᠤ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠤᠨ | ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ ᠲᠥᠰᠥᠯ ᠤᠨ ᠬᠢᠨᠠᠭᠤᠯᠬᠤ | ᠨᠣᠣᠷᠠᠭ ᠢ ᠲᠤᠭᠤᠷᠪᠢᠭᠰᠠᠨ ᠨᠢᠭᠡᠴᠢ ᠶᠢᠨ ᠬᠠᠤᠯᠢ ᠳᠦᠷᠢᠮ ᠤᠨ ᠪᠠᠶᠢᠭᠤᠯᠤᠮᠵᠢ ᠬᠢᠨᠠᠨ ᠬᠠᠷᠭᠤᠭᠤᠯᠵᠤ᠂ | ᠲᠤᠭᠤᠷᠪᠢᠭᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠢᠶᠠᠷ ᠭᠠᠷ ᠤᠨ ᠦᠰᠦᠭ ᠵᠢᠷᠤᠭᠤᠯᠤᠭᠰᠠᠨ ᠤ ᠲᠡᠷᠠᠭ᠎ᠠ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ᠃ | ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠪᠠ | ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠢ ᠬᠡᠳᠦᠨ ᠨᠢᠭᠡᠴᠢ | ᠬᠠᠮᠲᠤ ᠪᠠᠷ ᠲᠤᠭᠤᠷᠪᠢᠭᠰᠠᠨ ᠪᠠᠶᠢᠪᠠᠯ᠂ ᠲᠤᠭᠤᠷᠪᠢᠭᠰᠠᠨ ᠨᠢᠭᠡᠴᠢ ᠨᠦᠭᠦᠳ ᠤᠨ ᠭᠤᠣᠯ ᠬᠠᠷᠢᠭᠤᠴᠠᠯᠭᠠᠲᠠᠨ | ᠬᠠᠮᠲᠤ ᠪᠠᠷ ᠭᠠᠷ ᠤᠨ ᠥᠰᠥᠭ ᠵᠢᠷᠤᠬᠤ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠲᠤᠭᠤᠷᠪᠢᠭᠰᠠᠨ ᠨᠢᠭᠡᠴᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ | ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠢ ᠮᠡᠳᠡᠭᠦᠯᠦᠨ | ᠬᠦᠷᠭᠡᠬᠦ ᠳᠤ ᠪᠠᠨ᠂ ᠳᠣᠣᠷ᠎ᠠ ᠵᠢᠭᠰᠠᠭᠠᠭᠰᠠᠨ ᠪᠢᠴᠢᠭᠯᠡᠭᠰᠡᠨ ᠮᠠᠲ᠋ᠧᠷᠢᠶᠠᠯ ᠵᠢᠴᠢ ᠲᠡᠭᠦᠨ ᠤ ᠡᠯᠧᠺᠳ᠋ᠷᠣᠨ ᠲᠧᠺᠰᠲ ᠢ | ᠮᠡᠳᠡᠭᠦᠯᠦᠨ ᠬᠦᠷᠭᠡᠬᠦ ᠬᠡᠷᠡᠭᠲᠡᠢ᠄ | ︵ᠨᠢᠭᠡ︶ ᠡᠬᠡ ᠲᠥᠰᠥᠯ ᠤᠨ ᠬᠢᠨᠠᠭᠤᠯᠬᠤ ᠨᠣᠣᠷᠠᠭ ᠪᠠ ᠲᠤᠭᠤᠷᠪᠢᠭᠰᠠᠨ ᠲᠣᠳᠣᠷᠬᠠᠶᠢᠯᠠᠯᠲᠠ︔ | ︵ᠬᠤᠶᠠᠷ︶ ᠬᠤᠷᠢᠶᠠᠭᠰᠠᠨ ᠰᠠᠨᠠᠯ ᠤᠳ ᠢ ᠬᠤᠷᠢᠶᠠᠩᠭᠤᠶᠢᠯᠠᠭᠰᠠᠨ ᠪᠠᠶᠢᠳᠠᠯ ᠵᠢᠴᠢ ᠵᠥᠷᠢᠯᠳᠦᠭᠡᠨ ᠲᠠᠢ ᠰᠠᠨᠠᠯ ᠢ | ᠵᠣᠬᠢᠴᠠᠭᠤᠯᠤᠨ ᠰᠢᠢᠳᠪᠦᠷᠢᠯᠡᠭᠰᠡᠨ ᠪᠠᠶᠢᠳᠠᠯ ᠤᠨ ᠮᠠᠲ᠋ᠧᠷᠢᠶᠠᠯ︔ | ︵ᠭᠤᠷᠪᠠ︶ ᠬᠠᠤᠯᠢ ᠲᠣᠭᠲᠠᠭᠠᠬᠤ ᠦᠨᠳᠦᠰᠦᠯᠡᠯ ᠵᠢᠴᠢ ᠬᠠᠤᠯᠢ ᠲᠣᠭᠲᠠᠭᠠᠬᠤ ᠳᠤ ᠯᠠᠪᠯᠠᠯᠲᠠ ᠪᠣᠯᠭᠠᠭᠰᠠᠨ | ᠮᠠᠲ᠋ᠧᠷᠢᠶᠠᠯ︔ | ︵ᠳᠥᠷᠪᠡ︶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠨᠤᠲᠠᠯᠠᠯᠲᠠ ᠶᠢᠨ ᠮᠡᠳᠡᠭᠦᠯᠦᠯᠲᠡ᠂ ᠭᠡᠷᠡᠴᠢᠯᠡᠭᠡ | ᠰᠣᠨᠣᠰᠤᠭᠰᠠᠨ ᠮᠡᠳᠡᠭᠦᠯᠦᠯᠲᠡ᠂ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠵᠡᠷᠭᠡ ᠬᠠᠩᠭᠠᠬᠤ | ᠴᠢᠬᠤᠯᠠ ᠲᠠᠢ ᠪᠤᠰᠤᠳ ᠮᠠᠲ᠋ᠧᠷᠢᠶᠠᠯ᠃ | ᠬᠤᠷᠢᠨ ᠲᠠᠪᠤᠳᠤᠭᠠᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ | ᠲᠣᠭᠲᠠᠭᠠᠯ ᠳᠦᠷᠢᠮ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠢ ᠲᠤᠭᠤᠷᠪᠢᠭᠰᠠᠨ ᠲᠣᠳᠣᠷᠬᠠᠶᠢᠯᠠᠯᠲᠠ ᠳᠤ | ᠳᠣᠣᠷᠠᠬᠢ ᠠᠭᠤᠯᠭ᠎ᠠ ᠨᠤᠭᠤᠳ ᠢ ᠪᠠᠭᠲᠠᠭ᠋ᠭ᠍ᠬᠤ ᠬᠡᠷᠡᠭᠲᠡᠢ᠄ | ︵ᠨᠢᠭᠡ︶ ᠬᠠᠤᠯᠢ ᠲᠣᠭᠲᠠᠭᠠᠬᠤ ᠶᠢᠨ ᠴᠢᠬᠤᠯᠠ ᠴᠢᠨᠠᠷ ᠪᠠ ᠪᠣᠯᠣᠮᠵᠢᠲᠤ ᠴᠢᠨᠠᠷ︔ | ︵ᠬᠤᠶᠠᠷ︶ ᠵᠢᠷᠤᠮᠵᠢᠭᠤᠯᠬᠤ ᠪᠠᠷ ᠪᠠᠶᠢᠭ᠎ᠠ ᠵᠦᠢᠯᠡᠰ ᠤᠨ ᠣᠳᠣᠬᠢ ᠪᠠᠶᠢᠳᠠᠯ ᠪᠠ ᠦᠢᠯᠡᠳᠦᠯᠭᠡ ᠶᠢᠨ ᠳᠤᠮᠳᠠ | ᠣᠷᠣᠰᠢᠵᠤ ᠪᠠᠶᠢᠭ᠎ᠠ ᠠᠰᠠᠭᠤᠳᠠᠯ᠂ ᠡᠬᠡ ᠲᠥᠰᠥᠯ ᠤᠨ ᠬᠢᠨᠠᠭᠤᠯᠬᠤ ᠨᠣᠣᠷᠠᠭ ᠲᠤ ᠲᠣᠭᠲᠠᠭᠠᠭᠰᠠᠨ ᠠᠰᠠᠭᠤᠳᠠᠯ | ᠰᠢᠢᠳᠪᠦᠷᠢᠯᠡᠬᠦ ᠠᠷᠭ᠎ᠠ ᠬᠡᠮᠵᠢᠶ᠎ᠡ ᠵᠢᠴᠢ ᠲᠡᠭᠦᠨ ᠤ ᠬᠠᠤᠯᠢ ᠴᠠᠭᠠᠵᠠ ᠶᠢᠨ ᠦᠨᠳᠦᠰᠦᠯᠡᠯ︔ | ︵ᠭᠤᠷᠪᠠ︶ ᠬᠢᠨᠠᠭᠤᠯᠬᠤ ᠨᠣᠣᠷᠠᠭ ᠤᠨ ᠡᠬᠡ ᠲᠥᠰᠥᠯ ᠢ ᠲᠤᠭᠤᠷᠪᠢᠭᠰᠠᠨ ᠶᠠᠪᠤᠴᠠ︔ | ︵ᠳᠥᠷᠪᠡ︶ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠨ ᠵᠥᠪᠳᠡᠯᠴᠡᠭᠰᠡᠨ ᠪᠠᠶᠢᠳᠠᠯ ᠵᠢᠴᠢ | ᠵᠥᠷᠢᠯᠳᠦᠭᠡᠨ ᠲᠠᠢ ᠰᠠᠨᠠᠯ ᠢ ᠰᠢᠢᠳᠪᠦᠷᠢᠯᠡᠭᠰᠡᠨ ᠪᠠᠶᠢᠳᠠᠯ︔ | ︵ᠲᠠᠪᠤ︶ ᠲᠣᠳᠣᠷᠬᠠᠶᠢᠯᠠᠬᠤ ᠴᠢᠬᠤᠯᠠ ᠲᠠᠢ ᠪᠤᠰᠤᠳ ᠠᠰᠠᠭᠤᠳᠠᠯ᠃ | ᠳᠥᠷᠪᠡᠳᠦᠭᠡᠷ ᠪᠦᠯᠦᠭ ᠬᠢᠨᠠᠨ ᠪᠠᠶᠢᠴᠠᠭᠠᠬᠤ | ᠬᠤᠷᠢᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ | ᠡᠬᠡ ᠲᠥᠰᠥᠯ ᠤᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ ᠲᠥᠰᠥᠯ ᠤᠨ | ᠬᠢᠨᠠᠭᠤᠯᠬᠤ ᠨᠣᠣᠷᠠᠭ ᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃ | ᠬᠤᠷᠢᠨ ᠳᠣᠯᠣᠳᠤᠭᠠᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠤᠨ | ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ ᠲᠥᠰᠥᠯ ᠤᠨ ᠬᠢᠨᠠᠭᠤᠯᠬᠤ | ᠨᠣᠣᠷᠠᠭ ᠲᠤ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠨᠠᠨ | ᠪᠠᠶᠢᠴᠠᠭᠠᠬᠤ ᠪᠠᠨ ᠲᠦᠷ ᠬᠤᠶᠢᠰᠢᠯᠠᠭᠤᠯᠵᠤ ᠪᠣᠯᠣᠨ᠎ᠠ᠄ | ︵ᠨᠢᠭᠡ︶ ᠲᠣᠭᠲᠠᠭᠠᠯ ᠶᠣᠰᠣᠭᠠᠷ ᠢᠯᠡ ᠪᠠᠷ ᠰᠠᠨᠠᠯ ᠬᠤᠷᠢᠶᠠᠭᠰᠠᠨ ᠦᠭᠡᠢ︔ | ︵ᠬᠤᠶᠠᠷ︶ ᠳᠡᠭᠡᠳᠦ ᠪᠠᠶᠢᠷᠢ ᠶᠢᠨ ᠬᠠᠤᠯᠢ ᠶᠢ ᠶᠠᠭ ᠲᠣᠭᠲᠠᠭᠠᠵᠤ ᠪᠠᠶᠢᠬᠤ ᠪᠤᠶᠤ ᠵᠠᠰᠠᠪᠤᠷᠢ ᠣᠷᠣᠭᠤᠯᠵᠤ | ᠪᠠᠶᠢᠬᠤ︔ | ︵ᠭᠤᠷᠪᠠ︶ ᠬᠤᠯᠪᠣᠭᠳᠠᠯ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠥᠴᠢᠷ ᠤᠨ ᠬᠢᠨ ᠡᠬᠡ ᠲᠥᠰᠥᠯ ᠤᠨ | ᠬᠢᠨᠠᠭᠤᠯᠬᠤ ᠨᠣᠣᠷᠠᠭ ᠤᠨ ᠲᠤᠬᠠᠢ ᠨᠡᠯᠢᠶᠡᠳ ᠶᠡᠭᠡ ᠮᠠᠷᠭᠤᠭᠠᠨ ᠲᠠᠢ ᠪᠠᠶᠢᠵᠤ᠂ ᠲᠤᠭᠤᠷᠪᠢᠭᠰᠠᠨ ᠨᠢᠭᠡᠴᠢ ᠨᠢ | ᠬᠤᠯᠪᠣᠭᠳᠠᠯ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠥᠴᠢᠷ ᠯᠦᠭᠡ ᠭᠦᠢᠴᠡᠳ ᠵᠥᠪᠳᠡᠯᠴᠡᠭᠰᠡᠨ ᠦᠭᠡᠢ︔ | ︵ᠳᠥᠷᠪᠡ︶ ᠲᠤᠭᠤᠷᠪᠢᠭᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠢᠶᠠᠷ ᠭᠠᠷ ᠤᠨ ᠥᠰᠥᠭ | ᠵᠢᠷᠤᠭᠤᠯᠤᠭᠰᠠᠨ ᠦᠭᠡᠢ︔ | ︵ᠲᠠᠪᠤ︶ ᠲᠤᠭᠤᠷᠪᠢᠭᠰᠠᠨ ᠨᠢᠭᠡᠴᠢ ᠨᠢ ᠬᠢᠨᠠᠨ ᠪᠠᠶᠢᠴᠠᠭᠠᠯᠭᠠᠬᠤ ᠪᠠᠨ ᠲᠦᠷ ᠬᠤᠶᠢᠰᠢᠯᠠᠭᠤᠯᠬᠤ ᠪᠢᠴᠢᠭᠯᠡᠭᠰᠡᠨ | ᠭᠤᠶᠤᠴᠢᠯᠠᠯ ᠭᠠᠷᠭᠠᠭᠰᠠᠨ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠬᠢᠨᠠᠨ ᠪᠠᠶᠢᠴᠠᠭᠠᠬᠤ ᠶᠢ ᠲᠦᠷ ᠬᠤᠶᠢᠰᠢᠯᠠᠭᠤᠯᠵᠤ | ᠪᠣᠯᠬᠤ ᠪᠠᠷ ᠲᠣᠭᠲᠠᠭᠠᠭᠰᠠᠨ ᠪᠤᠰᠤᠳ ᠪᠠᠶᠢᠳᠠᠯ᠃ | ᠬᠤᠷᠢᠨ ᠨᠠᠢᠮᠠᠳᠤᠭᠠᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠤᠨ | ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ ᠲᠥᠰᠥᠯ ᠤᠨ ᠬᠢᠨᠠᠭᠤᠯᠬᠤ | ᠨᠣᠣᠷᠠᠭ ᠲᠤ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ | ᠲᠤᠭᠤᠷᠪᠢᠭᠰᠠᠨ ᠨᠢᠭᠡᠴᠢ ᠳᠤ ᠪᠤᠴᠠᠭᠠᠵᠤ ᠪᠣᠯᠣᠨ᠎ᠠ᠄ | ︵ᠨᠢᠭᠡ︶ ᠬᠠᠤᠯᠢ ᠲᠣᠭᠲᠠᠭᠠᠬᠤ ᠨᠥᠬᠦᠴᠡᠯ ᠬᠠᠷᠠᠬᠠᠨ ᠪᠣᠯᠪᠠᠰᠤᠷᠠᠩᠭᠤᠢ ᠪᠤᠰᠤ ᠪᠤᠶᠤ ᠴᠢᠬᠤᠯᠠ ᠶᠡᠭᠡ | ᠬᠤᠪᠢᠷᠠᠯᠲᠠ ᠭᠠᠷᠤᠭᠰᠠᠨ︔ | ︵ᠬᠤᠶᠠᠷ︶ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢᠶᠠᠷ ᠳᠠᠮᠵᠢᠭᠤᠯᠤᠨ ᠠᠰᠠᠭᠤᠳᠠᠯ ᠢ ᠰᠢᠢᠳᠪᠦᠷᠢᠯᠡᠵᠦ | ᠪᠣᠯᠬᠤ︔ | ︵ᠭᠤᠷᠪᠠ︶ ᠬᠠᠤᠯᠢ ᠶᠣᠰᠣᠴᠢ ᠴᠢᠨᠠᠷ᠂ ᠵᠦᠢ ᠶᠣᠰᠣᠴᠢ ᠴᠢᠨᠠᠷ ᠤᠨ ᠴᠢᠬᠤᠯᠠ ᠶᠡᠭᠡ ᠠᠰᠠᠭᠤᠳᠠᠯ ᠣᠷᠣᠰᠢᠵᠤ | ᠪᠠᠶᠢᠬᠤ︔ | ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠪᠤᠴᠠᠭᠠᠵᠤ ᠪᠣᠯᠬᠤ ᠪᠠᠷ ᠲᠣᠭᠲᠠᠭᠠᠭᠰᠠᠨ ᠪᠤᠰᠤᠳ | ᠪᠠᠶᠢᠳᠠᠯ᠃ | ᠬᠤᠷᠢ ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠢᠨᠠᠨ ᠪᠠᠶᠢᠴᠠᠭᠠᠬᠤ ᠪᠠᠨ ᠲᠥᠷ ᠬᠤᠶᠢᠰᠢᠯᠠᠭᠤᠯᠬᠤ ᠪᠤᠶᠤ | ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠪᠠ ᠵᠠᠰᠠᠭ ᠤᠨ | ᠣᠷᠳᠣᠨ ᠤ ᠲᠣᠭᠲᠠᠭᠠᠯ ᠳᠦᠷᠢᠮ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠢ ᠪᠤᠴᠠᠭᠠᠬᠤ ᠳᠤ ᠪᠠᠨ᠂ | ᠲᠤᠭᠤᠷᠪᠢᠭᠰᠠᠨ ᠨᠢᠭᠡᠴᠢ ᠳᠤ ᠪᠢᠴᠢᠭᠯᠡᠨ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ | ᠬᠡᠷᠡᠭᠲᠡᠢ᠃ | ᠭᠤᠴᠢᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ | ᠡᠬᠡ ᠲᠥᠰᠥᠯ ᠤᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ ᠲᠥᠰᠥᠯ ᠤᠨ | ᠬᠢᠨᠠᠭᠤᠯᠬᠤ ᠨᠣᠣᠷᠠᠭ ᠵᠢᠴᠢ ᠲᠣᠳᠣᠷᠬᠠᠶᠢᠯᠠᠯᠲᠠ ᠶᠢ ᠬᠢᠨᠠᠨ ᠪᠠᠶᠢᠴᠠᠭᠠᠬᠤ ᠳᠤ ᠪᠠᠨ᠂ ᠨᠡᠶᠢᠭᠡᠮ ᠳᠤ ᠨᠡᠶᠢᠲᠡᠯᠡᠵᠦ᠂ | ᠰᠠᠨᠠᠯ ᠬᠤᠷᠢᠶᠠᠵᠤ ᠪᠣᠯᠣᠨ᠎ᠠ᠃ ᠨᠡᠶᠢᠭᠡᠮ ᠳᠤ ᠨᠡᠶᠢᠲᠡᠯᠡᠵᠦ ᠰᠠᠨᠠᠯ ᠬᠤᠷᠢᠶᠠᠬᠤ ᠬᠤᠭᠤᠴᠠᠭ᠎ᠠ ᠬᠢᠵᠠᠭᠠᠷ ᠢ | ᠶᠡᠷᠦ ᠳᠤ ᠪᠠᠨ ᠭᠤᠴᠢᠨ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ | ᠭᠤᠴᠢᠨ ᠨᠢᠭᠡᠳᠦᠭᠡᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠤᠨ | ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ ᠲᠥᠰᠥᠯ ᠤᠨ ᠬᠢᠨᠠᠭᠤᠯᠬᠤ | ᠨᠣᠣᠷᠠᠭ ᠨᠢ ᠴᠢᠬᠤᠯᠠ ᠶᠡᠭᠡ ᠠᠰᠢᠭ ᠲᠤᠰᠠ ᠶᠢᠨ ᠲᠣᠬᠢᠷᠠᠭᠤᠯᠤᠯᠲᠠ ᠳᠤ ᠬᠤᠯᠪᠣᠭᠳᠠᠭᠰᠠᠨ ᠪᠠᠶᠢᠪᠠᠯ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠨᠤᠲᠠᠯᠠᠯᠲᠠ ᠬᠢᠵᠦ ᠠᠰᠠᠭᠤᠨ ᠯᠠᠪᠯᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ | ᠰᠣᠨᠣᠰᠬᠤ ᠬᠡᠷᠡᠭᠲᠡᠢ᠃ ᠨᠤᠲᠠᠯᠠᠯᠲᠠ ᠬᠢᠵᠦ ᠠᠰᠠᠭᠤᠨ ᠯᠠᠪᠯᠠᠬᠤ ᠳᠤ ᠰᠠᠭᠤᠳᠠᠯ ᠤᠨ ᠬᠤᠷᠠᠯ᠂ ᠨᠤᠲᠠᠯᠠᠬᠤ ᠬᠤᠷᠠᠯ᠂ | ᠭᠡᠷᠡᠴᠢᠯᠡᠭᠡ ᠰᠣᠨᠣᠰᠬᠤ ᠬᠤᠷᠠᠯ᠂ ᠨᠠᠶᠢᠳᠠᠨ ᠰᠤᠳᠤᠯᠬᠤ ᠵᠡᠷᠭᠡ ᠣᠯᠠᠨ ᠬᠡᠯᠪᠡᠷᠢ ᠶᠢ ᠠᠪᠴᠤ ᠪᠣᠯᠣᠨ᠎ᠠ᠃ | ᠭᠤᠴᠢᠨ ᠬᠤᠶᠠᠳᠤᠭᠠᠷ ᠵᠦᠢᠯ ᠬᠤᠯᠪᠣᠭᠳᠠᠯ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠥᠴᠢᠷ ᠨᠢ ᠣᠷᠣᠨ | ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠪᠠ ᠵᠠᠰᠠᠭ ᠤᠨ | ᠣᠷᠳᠣᠨ ᠤ ᠲᠣᠭᠲᠠᠭᠠᠯ ᠳᠦᠷᠢᠮ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠲᠤ ᠬᠤᠯᠪᠣᠭᠳᠠᠭᠰᠠᠨ ᠭᠤᠣᠯ | ᠠᠷᠭ᠎ᠠ ᠬᠡᠮᠵᠢᠶ᠎ᠡ᠂ ᠬᠠᠮᠢᠶᠠᠷᠤᠯᠲᠠ ᠶᠢᠨ ᠪᠠᠶᠢᠭᠤᠯᠤᠯ᠂ ᠡᠷᠬᠡ ᠮᠡᠳᠡᠯ ᠤᠨ ᠬᠤᠪᠢᠶᠠᠷᠢᠯᠠᠯ ᠵᠡᠷᠭᠡ ᠠᠰᠠᠭᠤᠳᠠᠯ ᠳᠤ | ᠠᠳᠠᠯᠢ ᠪᠤᠰᠤ ᠰᠠᠨᠠᠯ ᠲᠠᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠣᠬᠢᠴᠠᠭᠤᠯᠵᠤ ᠪᠠᠶᠢᠭᠠᠳ ᠰᠠᠨᠠᠯ ᠨᠢᠭᠡᠲᠡᠢ ᠪᠣᠯᠭᠠᠬᠤ ᠪᠠᠷ | ᠴᠢᠷᠮᠠᠶᠢᠬᠤ ᠬᠡᠷᠡᠭᠲᠡᠢ᠃ ᠨᠡᠯᠢᠶᠡᠳ ᠶᠡᠭᠡ ᠮᠠᠷᠭᠤᠭᠠᠨ ᠲᠠᠢ ᠴᠢᠬᠤᠯᠠ ᠵᠦᠢᠯᠡᠰ ᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠤᠯᠪᠣᠭᠳᠠᠯ | ᠪᠦᠬᠦᠢ ᠲᠤᠰᠬᠠᠢ ᠮᠡᠷᠭᠡᠵᠢᠯᠲᠡᠨ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠠᠶᠢᠳᠠᠵᠤ ᠦᠨᠡᠯᠡᠨ ᠵᠢᠱᠢᠭᠦᠯᠵᠦ ᠪᠣᠯᠣᠨ᠎ᠠ᠃ | ᠭᠦᠢᠴᠡᠳ ᠵᠣᠬᠢᠴᠠᠭᠤᠯᠬᠤ ᠪᠠᠷ ᠳᠠᠮᠵᠢᠭᠠᠳ ᠰᠠᠨᠠᠯ ᠨᠢᠭᠡᠳᠴᠦ ᠳᠡᠶᠢᠯᠦᠭᠰᠡᠨ ᠦᠭᠡᠢ ᠪᠠᠶᠢᠪᠠᠯ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠨᠢ ᠭᠤᠣᠯ ᠠᠰᠠᠭᠤᠳᠠᠯ᠂ ᠬᠤᠯᠪᠣᠭᠳᠠᠯ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠥᠴᠢᠷ ᠤᠨ ᠰᠠᠨᠠᠯ ᠪᠠ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠨ ᠰᠠᠨᠠᠯ ᠢ ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠬᠤᠯᠪᠣᠭᠳᠠᠯ ᠪᠦᠬᠦᠢ ᠤᠳᠤᠷᠢᠳᠤᠯᠭ᠎ᠠ ᠳᠤ ᠮᠡᠳᠡᠭᠦᠯᠦᠨ ᠵᠣᠬᠢᠴᠠᠭᠤᠯᠬᠤ ᠪᠤᠶᠤ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠲᠣᠭᠲᠠᠭᠠᠯᠭᠠᠬᠤ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠯ᠎ᠡ ᠲᠠᠯ᠎ᠠ ᠶᠢᠨ ᠬᠢᠨ ᠤ ᠰᠠᠨᠠᠯ ᠢ ᠬᠢᠨᠠᠮᠠᠭᠠᠢ ᠰᠤᠳᠤᠯᠵᠤ᠂ | ᠲᠤᠭᠤᠷᠪᠢᠭᠰᠠᠨ ᠨᠢᠭᠡᠴᠢ ᠯᠦᠭᠡ ᠵᠥᠪᠳᠡᠯᠴᠡᠭᠰᠡᠨ ᠤ ᠳᠠᠷᠠᠭ᠎ᠠ᠂ ᠣᠷᠣᠨ ᠨᠤᠲᠤᠭ ᠤᠨ ᠴᠢᠨᠠᠷᠲᠠᠢ ᠬᠠᠤᠯᠢ | ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ | ᠡᠬᠡ ᠲᠥᠰᠥᠯ ᠤᠨ ᠬᠢᠨᠠᠭᠤᠯᠬᠤ ᠨᠣᠣᠷᠠᠭ ᠲᠤ ᠵᠠᠰᠠᠪᠤᠷᠢ ᠣᠷᠣᠭᠤᠯᠵᠤ᠂ ᠡᠬᠡ ᠲᠥᠰᠥᠯ ᠪᠠ ᠡᠬᠡ ᠲᠥᠰᠥᠯ ᠤᠨ | ᠲᠣᠳᠣᠷᠬᠠᠶᠢᠯᠠᠯᠲᠠ ᠶᠢ ᠪᠦᠷᠢᠯᠳᠦᠭᠦᠯᠬᠦ ᠬᠡᠷᠡᠭᠲᠡᠢ᠃ | ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠪᠠ ᠵᠠᠰᠠᠭ ᠤᠨ ᠣᠷᠳᠣᠨ ᠤ | ᠲᠣᠭᠲᠠᠭᠠᠯ ᠳᠦᠷᠢᠮ ᠤᠨ ᠡᠬᠡ ᠲᠥᠰᠥᠯ ᠵᠢᠴᠢ ᠲᠣᠳᠣᠷᠬᠠᠶᠢᠯᠠᠯᠲᠠ ᠳᠤ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠭᠠᠷ ᠤᠨ ᠦᠰᠦᠭ ᠵᠢᠷᠤᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠬᠡᠷᠡᠭᠲᠡᠢ᠃ | ᠲᠠᠪᠤᠳᠤᠭᠠᠷ ᠪᠦᠯᠦᠭ ᠲᠣᠭᠲᠠᠭᠠᠬᠤ ᠪᠠ ᠨᠡᠶᠢᠲᠡᠯᠡᠬᠦ | ᠭᠤᠴᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠣᠷᠣᠨ | ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠪᠠ ᠵᠠᠰᠠᠭ ᠤᠨ ᠣᠷᠳᠣᠨ ᠤ ᠲᠣᠭᠲᠠᠭᠠᠯ | ᠳᠦᠷᠢᠮ ᠤᠨ ᠡᠬᠡ ᠲᠥᠰᠥᠯ ᠢ ᠬᠢᠨᠠᠨ ᠵᠥᠪᠯᠡᠬᠦ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠣᠳᠣᠷᠬᠠᠶᠢᠯᠠᠯᠲᠠ ᠬᠢᠨ᠎ᠡ᠂ | ᠲᠤᠭᠤᠷᠪᠢᠭᠰᠠᠨ ᠨᠢᠭᠡᠴᠢ ᠨᠢ ᠲᠣᠳᠣᠷᠬᠠᠶᠢᠯᠠᠯᠲᠠ ᠬᠢᠭᠰᠡᠨ ᠴᠦ ᠪᠣᠯᠣᠨ᠎ᠠ᠃ | ᠭᠤᠴᠢᠨ ᠲᠠᠪᠤᠳᠤᠭᠠᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠤᠶᠤ ᠪᠥᠬᠦᠳᠡ | ᠬᠤᠷᠠᠯ ᠢᠶᠠᠷ ᠳᠠᠮᠵᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠰᠠᠨᠠᠯ ᠵᠥᠪᠯᠡᠯᠭᠡ ᠳᠤ | ᠭᠠᠷ ᠤᠨ ᠦᠰᠦᠭ ᠵᠢᠷᠤᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠪᠤᠶᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠳᠤ ᠳᠡᠪᠰᠢᠭᠦᠯᠵᠦ ᠬᠢᠨᠠᠨ ᠵᠥᠪᠯᠡᠭᠦᠯᠦᠨ᠎ᠡ᠃ | ᠭᠤᠴᠢᠨ ᠵᠢᠷᠭᠤᠳᠤᠭᠠᠷ ᠵᠦᠢᠯ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠤᠶᠤ ᠪᠦᠭᠦᠳᠡ ᠬᠤᠷᠠᠯ ᠢᠶᠠᠷ ᠳᠠᠮᠵᠢᠨ | ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠵᠠᠷᠯᠢᠭ ᠲᠤ ᠭᠠᠷ ᠤᠨ ᠦᠰᠦᠭ ᠵᠢᠷᠤᠵᠤ | ᠨᠡᠶᠢᠲᠡᠯᠡᠨ᠎ᠡ᠃ | ᠭᠤᠴᠢᠨ ᠳᠣᠯᠣᠳᠤᠭᠠᠷ ᠵᠦᠢᠯ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠨᠡᠶᠢᠲᠡᠯᠡᠬᠦ ᠵᠠᠷᠯᠢᠭ ᠲᠤ | ᠲᠣᠭᠲᠠᠭᠠᠭᠰᠠᠨ ᠪᠠᠶᠢᠭᠤᠯᠭ᠎ᠠ᠂ ᠳ᠋ᠤᠭᠠᠷᠯᠠᠯ᠂ ᠲᠣᠭᠲᠠᠭᠠᠯ ᠳᠦᠷᠢᠮ ᠤᠨ ᠨᠡᠷᠡᠶᠢᠳᠦᠯ᠂ ᠪᠠᠲᠤᠯᠠᠭᠰᠠᠨ ᠡᠳᠦᠷ | ᠬᠤᠭᠤᠴᠠᠭ᠎ᠠ᠂ ᠬᠡᠷᠡᠭᠵᠢᠭᠦᠯᠬᠦ ᠡᠳᠦᠷ ᠬᠤᠭᠤᠴᠠᠭ᠎ᠠ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠭᠠᠷ ᠤᠨ | ᠥᠰᠥᠭ ᠵᠢᠴᠢ ᠨᠡᠶᠢᠲᠡᠯᠡᠭᠰᠡᠨ ᠡᠳᠦᠷ ᠬᠤᠭᠤᠴᠠᠭ᠎ᠠ ᠶᠢ ᠲᠣᠳᠣᠷᠬᠠᠢ ᠪᠢᠴᠢᠬᠦ ᠬᠡᠷᠡᠭᠲᠡᠢ᠃ | ᠭᠤᠴᠢᠨ ᠨᠠᠢᠮᠠᠳᠤᠭᠠᠷ ᠵᠦᠢᠯ ᠵᠠᠰᠠᠭ ᠤᠨ ᠣᠷᠳᠣᠨ ᠤ ᠲᠣᠭᠲᠠᠭᠠᠯ ᠳᠦᠷᠢᠮ ᠳᠤ ᠭᠠᠷ ᠤᠨ ᠥᠰᠥᠭ ᠵᠢᠷᠤᠵᠤ | ᠨᠡᠶᠢᠲᠡᠯᠡᠭᠰᠡᠨ ᠤ ᠳᠠᠷᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠮᠡᠳᠡᠭᠡ︾ ᠪᠠ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠮᠡᠳᠡᠭᠡ | ᠵᠠᠩᠭᠢ ᠶᠢᠨ ᠰᠦᠯᠵᠢᠶ᠎ᠡ ᠵᠢᠴᠢ ︽ᠥᠪᠥᠷ ᠮᠣᠩᠭᠤᠯ ᠤᠨ ᠡᠳᠦᠷ ᠤᠨ ᠰᠣᠨᠢᠨ︾᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠳᠤ ᠴᠠᠭ ᠲᠤᠬᠠᠢ ᠳᠤ ᠨᠢ ᠨᠡᠶᠢᠲᠡᠯᠡᠬᠦ ᠬᠡᠷᠡᠭᠲᠡᠢ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠮᠡᠳᠡᠭᠡ︾ ᠳᠤ ᠨᠡᠶᠢᠲᠡᠯᠡᠭᠰᠡᠨ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠲᠧᠺᠰᠲ ᠪᠣᠯ ᠪᠠᠷᠢᠮᠵᠢᠶᠠᠲᠤ | ᠲᠧᠺᠰᠲ ᠪᠣᠯᠣᠨ᠎ᠠ᠃ | ᠭᠤᠴᠢ ᠶᠢᠰᠦᠳᠦᠭᠡᠷ ᠵᠦᠢᠯ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠨᠡᠶᠢᠲᠡᠯᠡᠭᠰᠡᠨ ᠡᠳᠦᠷ ᠠᠴᠠ | ᠡᠬᠢᠯᠡᠨ ᠭᠤᠴᠢᠨ ᠡᠳᠦᠷ ᠤᠨ ᠳᠠᠷᠠᠭ᠎ᠠ ᠬᠡᠷᠡᠭᠵᠢᠭᠦᠯᠬᠦ ᠬᠡᠷᠡᠭᠲᠡᠢ︔ ᠤᠯᠤᠰ ᠤᠨ ᠠᠮᠤᠷ ᠲᠦᠪᠰᠢᠨ ᠳᠤ | ᠬᠤᠯᠪᠣᠭᠳᠠᠬᠤ ᠪᠤᠶᠤ ᠨᠡᠶᠢᠲᠡᠯᠡᠭᠰᠡᠨ ᠤ ᠳᠠᠷᠠᠭ᠎ᠠ ᠳᠠᠷᠦ᠋ᠢᠬᠠᠨ ᠬᠡᠷᠡᠭᠵᠢᠭᠦᠯᠬᠦ ᠦᠭᠡᠢ ᠪᠣᠯ ᠵᠠᠰᠠᠭ ᠤᠨ ᠣᠷᠳᠣᠨ ᠤ | ᠲᠣᠭᠲᠠᠭᠠᠯ ᠳᠦᠷᠢᠮ ᠢ ᠬᠡᠷᠡᠭᠵᠢᠭᠦᠯᠬᠦ ᠶᠢ ᠬᠠᠷᠰᠢᠯᠠᠬᠤ ᠵᠡᠷᠭᠡ ᠬᠠᠤᠯᠢ ᠪᠠᠷ ᠲᠣᠭᠲᠠᠭᠠᠭᠰᠠᠨ ᠪᠠᠶᠢᠳᠠᠯ ᠪᠠᠶᠢᠪᠠᠯ᠂ | ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ ᠪᠣᠯᠣᠨ᠎ᠠ᠃ | ᠵᠢᠷᠭᠤᠳᠤᠭᠠᠷ ᠪᠦᠯᠦᠭ ᠳᠠᠩᠰᠠᠯᠠᠭᠤᠯᠬᠤ᠂ ᠲᠠᠶᠢᠯᠪᠤᠷᠢᠯᠠᠬᠤ᠂ ᠦᠨᠡᠯᠡᠨ ᠵᠢᠱᠢᠬᠦ | ᠳᠥᠴᠢᠳᠦᠭᠡᠷ ᠵᠦᠢᠯ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠨᠡᠶᠢᠲᠡᠯᠡᠭᠰᠡᠨ ᠤ ᠳᠠᠷᠠᠭᠠᠬᠢ ᠭᠤᠴᠢᠨ | ᠡᠳᠦᠷ ᠤᠨ ᠳᠣᠲᠣᠷ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠠᠩᠰᠠᠯᠠᠭᠤᠯᠬᠤ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠨᠢ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠳᠠᠩᠰᠠᠯᠠᠭᠤᠯᠬᠤ ᠠᠵᠢᠯ ᠢ ᠪᠣᠳᠠᠲᠠᠢ ᠬᠠᠷᠢᠭᠤᠴᠠᠨ᠎ᠠ᠃ | ᠳᠥᠴᠢᠨ ᠨᠢᠭᠡᠳᠦᠭᠡᠷ ᠵᠦᠢᠯ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠠᠶᠢᠯᠪᠤᠷᠢᠯᠠᠬᠤ ᠡᠷᠬᠡ ᠨᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠨ᠎ᠠ᠃ | ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠲᠣᠭᠲᠠᠭᠠᠯ ᠨᠢ ᠪᠣᠳᠠᠲᠠᠢ ᠠᠭᠤᠯᠭ᠎ᠠ ᠶᠢ ᠤᠯᠠᠮ ᠨᠢᠭᠡ | ᠠᠯᠬᠤᠮ ᠲᠣᠳᠣᠷᠬᠠᠶᠢᠯᠠᠬᠤ ᠴᠢᠬᠤᠯᠠ ᠲᠠᠢ ᠪᠤᠶᠤ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠭᠰᠠᠨ ᠤ | ᠳᠠᠷᠠᠭ᠎ᠠ ᠰᠢᠨ᠎ᠡ ᠪᠠᠶᠢᠳᠠᠯ ᠭᠠᠷᠴᠤ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠬᠢᠷᠠᠭᠤᠯᠤᠨ ᠬᠡᠷᠡᠭᠯᠡᠬᠦ | ᠦᠨᠳᠦᠰᠦᠯᠡᠯ ᠢ ᠲᠣᠳᠣᠷᠬᠠᠶᠢᠯᠠᠬᠤ ᠴᠢᠬᠤᠯᠠ ᠲᠠᠢ ᠪᠣᠯ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ | ᠬᠡᠷᠡᠭᠵᠢᠭᠦᠯᠬᠦ ᠪᠠᠶᠢᠭᠤᠯᠭ᠎ᠠ ᠠᠴᠠ ᠲᠠᠶᠢᠯᠪᠤᠷᠢᠯᠠᠬᠤ ᠰᠠᠨᠠᠯ ᠳᠤᠷᠠᠳᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠢᠨᠠᠨ | ᠪᠠᠶᠢᠴᠠᠭᠠᠯᠭᠠᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠰᠢᠭᠤᠳ ᠰᠠᠨᠠᠯ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠳᠤ ᠳᠡᠪᠰᠢᠭᠦᠯᠵᠦ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠭᠰᠡᠨ ᠴᠦ ᠪᠣᠯᠣᠨ᠎ᠠ | ᠃ | ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠲᠠᠶᠢᠯᠪᠤᠷᠢᠯᠠᠯᠲᠠ ᠨᠢ ᠵᠠᠰᠠᠭ ᠤᠨ ᠣᠷᠳᠣᠨ ᠤ ᠲᠣᠭᠲᠠᠭᠠᠯ | ᠳᠦᠷᠢᠮ ᠲᠠᠢ ᠠᠳᠠᠯᠢᠬᠠᠨ ᠬᠦᠴᠦᠨ ᠲᠠᠢ᠃ | ᠳᠥᠴᠢᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠵᠠᠰᠠᠭ ᠤᠨ ᠣᠷᠳᠣᠨ ᠤ ᠲᠣᠭᠲᠠᠭᠠᠯ ᠳᠦᠷᠢᠮ ᠪᠤᠶᠤ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠤᠯᠪᠣᠭᠳᠠᠯ | ᠪᠦᠬᠦᠢ ᠲᠣᠭᠲᠠᠭᠠᠯ ᠳᠤ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠬᠢᠬᠦ ᠶᠢ ᠵᠣᠬᠢᠶᠠᠨ | ᠪᠠᠶᠢᠭᠤᠯᠬᠤ ᠶᠢᠨ ᠬᠠᠮᠲᠤ ᠦᠨᠡᠯᠡᠨ ᠵᠢᠱᠢᠭᠰᠡᠨ ᠳ᠋ᠦᠩ ᠢᠶᠠᠷ ᠬᠤᠯᠪᠣᠭᠳᠠᠯ ᠪᠦᠬᠦᠢ ᠵᠠᠰᠠᠭ ᠤᠨ ᠣᠷᠳᠣᠨ ᠤ | ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭᠠᠬᠤ ᠶᠢᠨ ᠴᠢᠬᠤᠯᠠ ᠯᠠᠪᠯᠠᠯᠲᠠ ᠪᠣᠯᠭᠠᠵᠤ | ᠪᠣᠯᠣᠨ᠎ᠠ᠃ | ᠳᠥᠴᠢᠨ ᠭᠤᠷᠪᠠᠳᠤᠭᠠᠷ ᠵᠦᠢᠯ ᠵᠠᠰᠠᠭ ᠤᠨ ᠣᠷᠳᠣᠨ ᠤ ᠲᠣᠭᠲᠠᠭᠠᠯ ᠳᠦᠷᠢᠮ ᠳᠤ ᠳᠣᠣᠷ᠎ᠠ ᠵᠢᠭᠰᠠᠭᠠᠭᠰᠠᠨ | ᠪᠠᠶᠢᠳᠠᠯ ᠤᠳ ᠤᠨ ᠨᠢᠭᠡ ᠨᠢ ᠪᠠᠶᠢᠪᠠᠯ᠂ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠬᠡᠷᠡᠭᠵᠢᠭᠦᠯᠬᠦ | ᠪᠠᠶᠢᠭᠤᠯᠭ᠎ᠠ ᠨᠢ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠬᠢᠬᠦ ᠬᠡᠷᠡᠭᠲᠡᠢ᠃ ᠴᠢᠬᠤᠯᠠ ᠲᠠᠢ | ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠬᠡᠷᠡᠭᠵᠢᠭᠦᠯᠬᠦ ᠪᠠᠶᠢᠭᠤᠯᠭ᠎ᠠ ᠲᠠᠢ | ᠬᠠᠮᠲᠤᠷᠠᠨ ᠦᠨᠡᠯᠡᠨ ᠵᠢᠱᠢᠯᠲᠡ ᠥᠷᠨᠢᠭᠦᠯᠵᠦ ᠪᠣᠯᠣᠨ᠎ᠠ᠄ | ︵ᠨᠢᠭᠡ︶ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠣᠯᠭᠠᠨ ᠳᠡᠭᠡᠭᠰᠢᠯᠡᠭᠦᠯᠬᠦ ᠪᠠᠷ ᠪᠠᠶᠢᠭ᠎ᠠ︔ | ︵ᠬᠤᠶᠠᠷ︶ ᠴᠢᠬᠤᠯᠠ ᠶᠡᠭᠡ ᠵᠠᠰᠠᠪᠤᠷᠢ ᠣᠷᠣᠭᠤᠯᠬᠤ ᠪᠠᠷ ᠪᠠᠶᠢᠭ᠎ᠠ︔ | ︵ᠭᠤᠷᠪᠠ︶ ᠬᠦᠴᠦᠨ ᠦᠭᠡᠢ ᠪᠣᠯᠭᠠᠬᠤ ᠪᠠᠷ ᠪᠠᠶᠢᠭ᠎ᠠ ᠪᠣᠯᠪᠠᠴᠤ ᠨᠡᠯᠢᠶᠡᠳ ᠶᠡᠭᠡ ᠮᠠᠷᠭᠤᠭᠠᠨ ᠲᠠᠢ ᠪᠠᠶᠢᠬᠤ︔ | ︵ᠳᠥᠷᠪᠡ︶ ᠠᠵᠤ ᠠᠬᠤᠢ ᠨᠡᠶᠢᠭᠡᠮ ᠤᠨ ᠬᠥᠭᠵᠢᠯᠲᠡ ᠪᠤᠶᠤ ᠤᠯᠠᠨ ᠨᠡᠶᠢᠲᠡ ᠶᠢᠨ ᠠᠰᠢᠭ ᠲᠤᠰᠠ ᠲᠠᠢ | ᠨᠢᠭᠲᠠ ᠬᠤᠯᠪᠣᠭ᠎ᠠ ᠲᠠᠢ ᠮᠥᠷᠲᠡᠭᠡᠨ ᠬᠡᠷᠡᠭᠵᠢᠭᠦᠯᠦᠭᠡᠳ ᠪᠦᠬᠦᠯᠢ ᠲᠠᠪᠤᠨ ᠵᠢᠯ ᠪᠣᠯᠤᠭᠰᠠᠨ︔ | ︵ᠲᠠᠪᠤ︶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠨ ᠵᠢᠴᠢ ᠨᠡᠶᠢᠭᠡᠮ ᠨᠡᠶᠢᠲᠡ ᠶᠢᠨ ᠲᠤᠰᠬᠠᠭᠰᠠᠨ ᠠᠰᠠᠭᠤᠳᠠᠯ ᠢᠶᠠᠷ ᠨᠡᠯᠢᠶᠡᠳ ᠲᠥᠪᠯᠡᠷᠡᠩᠭᠦᠢ | ᠪᠠᠶᠢᠬᠤ︔ | ︵ᠵᠢᠷᠭᠤᠭ᠎ᠠ︶ ᠦᠨᠡᠯᠡᠨ ᠵᠢᠱᠢᠬᠦ ᠴᠢᠬᠤᠯᠠ ᠲᠠᠢ ᠪᠤᠰᠤᠳ ᠪᠠᠶᠢᠳᠠᠯ᠃ | ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠬᠡᠷᠡᠭᠵᠢᠭᠦᠯᠬᠦ ᠪᠠᠶᠢᠭᠤᠯᠭ᠎ᠠ ᠪᠤᠶᠤ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ | ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ | ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠠᠶᠢᠳᠠᠵᠤ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ | ᠵᠢᠱᠢᠯᠲᠡ ᠶᠢ ᠬᠢᠯᠭᠡᠵᠦ ᠪᠣᠯᠣᠨ᠎ᠠ᠃ | ᠳᠡᠭᠡᠳᠦ ᠪᠠᠶᠢᠷᠢ ᠶᠢᠨ ᠬᠠᠤᠯᠢ ᠳᠤ ᠲᠣᠬᠢᠷᠠᠭᠤᠯᠤᠯᠲᠠ ᠬᠢᠭᠰᠡᠨ ᠪᠤᠶᠤ ᠪᠠᠴᠢᠮ ᠪᠠᠶᠢᠳᠠᠯ ᠲᠤᠯᠭᠠᠷᠠᠭᠰᠠᠨ ᠠᠴᠠ | ᠪᠣᠯᠵᠤ ᠵᠠᠰᠠᠭ ᠤᠨ ᠣᠷᠳᠣᠨ ᠤ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠴᠢᠬᠤᠯᠠ ᠲᠠᠢ ᠪᠣᠯ᠂ ᠬᠠᠤᠯᠢ | ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠶᠢ ᠬᠢᠬᠦ ᠦᠭᠡᠢ ᠪᠠᠶᠢᠭᠰᠠᠨ ᠴᠤ ᠪᠣᠯᠣᠨ᠎ᠠ᠃ | ᠳᠥᠴᠢᠨ ᠳᠥᠷᠪᠡᠳᠦᠭᠡᠷ ᠵᠦᠢᠯ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠳᠤ ᠪᠠᠨ ᠵᠠᠰᠠᠭ ᠤᠨ | ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠭᠰᠠᠨ ᠶᠠᠰᠤ ᠴᠢᠨᠠᠷ᠂ ᠬᠡᠷᠡᠭᠵᠢᠭᠦᠯᠦᠭᠰᠡᠨ ᠠᠮᠵᠢᠯᠲᠠ | ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠨᠥᠯᠥᠭᠡ ᠵᠡᠷᠭᠡ ᠶᠢ ᠪᠠᠶᠢᠴᠠᠭᠠᠬᠤ ᠪᠠ ᠦᠨᠡᠯᠡᠵᠦ᠂ | ᠦᠷᠭᠦᠯᠵᠢᠯᠡᠨ ᠬᠡᠷᠡᠭᠵᠢᠭᠦᠯᠬᠦ᠂ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠢ ᠪᠣᠯᠭᠠᠬᠤ ᠰᠠᠨᠠᠭᠤᠯᠭ᠎ᠠ ᠳᠤᠷᠠᠳᠴᠤ᠂ | ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠶᠢᠨ ᠮᠡᠳᠡᠭᠦᠯᠦᠯᠲᠡ ᠶᠢ ᠪᠦᠷᠢᠯᠳᠦᠭᠦᠯᠬᠦ ᠬᠡᠷᠡᠭᠲᠡᠢ᠃ | ᠳᠥᠴᠢᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ | ᠵᠢᠴᠢ ᠳᠡᠭᠡᠳᠦ ᠪᠠᠶᠢᠷᠢ ᠶᠢᠨ ᠬᠠᠤᠯᠢ ᠶᠢ ᠲᠣᠭᠲᠠᠭᠠᠭᠰᠠᠨ᠂ ᠵᠠᠰᠠᠪᠤᠷᠢ ᠣᠷᠣᠭᠤᠯᠤᠭᠰᠠᠨ᠂ ᠬᠦᠴᠦᠨ ᠦᠭᠡᠢ | ᠪᠣᠯᠭᠠᠭᠰᠠᠨ ᠪᠠᠶᠢᠳᠠᠯ ᠢ ᠦᠨᠳᠦᠰᠦᠯᠡᠨ᠂ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠢᠯᠭᠠᠷᠠᠭᠤᠯᠬᠤ | ᠠᠵᠢᠯ ᠢᠶᠠᠨ ᠴᠠᠭ ᠲᠤᠬᠠᠢ ᠳᠤ ᠨᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃ | ᠳᠥᠴᠢᠨ ᠵᠢᠷᠭᠤᠳᠤᠭᠠᠷ ᠵᠦᠢᠯ ᠵᠠᠰᠠᠭ ᠤᠨ ᠣᠷᠳᠣᠨ ᠤ ᠲᠣᠭᠲᠠᠭᠠᠯ ᠳᠦᠷᠢᠮ ᠳᠤ ᠳᠣᠣᠷ᠎ᠠ ᠵᠢᠭᠰᠠᠭᠠᠭᠰᠠᠨ | ᠪᠠᠶᠢᠳᠠᠯ ᠤᠳ ᠤᠨ ᠨᠢᠭᠡ ᠨᠢ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠵᠠᠰᠠᠪᠤᠷᠢ ᠣᠷᠣᠭᠤᠯᠬᠤ ᠪᠠ | ᠬᠦᠴᠦᠨ ᠦᠭᠡᠢ ᠪᠣᠯᠭᠠᠬᠤ ᠰᠠᠨᠠᠭᠤᠯᠭ᠎ᠠ ᠶᠢ ᠴᠠᠭ ᠲᠤᠬᠠᠢ ᠳᠤ ᠨᠢ ᠳᠤᠷᠠᠳᠬᠤ ᠬᠡᠷᠡᠭᠲᠡᠢ᠄ | ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ | ᠠᠵᠢᠯ ᠤᠨ ᠭᠤᠣᠯ ᠰᠢᠵᠢᠮ ᠤᠨ ᠱᠠᠭᠠᠷᠳᠠᠯᠭ᠎ᠠ ᠯᠤᠭ᠎ᠠ ᠦᠯᠦ ᠨᠡᠶᠢᠴᠡᠭᠰᠡᠨ︔ | ︵ᠬᠤᠶᠠᠷ︶ ᠰᠢᠨ᠎ᠡ ᠪᠠᠷ ᠲᠣᠭᠲᠠᠭᠠᠭᠰᠠᠨ ᠳᠡᠭᠡᠳᠦ ᠪᠠᠶᠢᠷᠢ ᠶᠢᠨ ᠬᠠᠤᠯᠢ ᠯᠤᠭ᠎ᠠ ᠬᠠᠷᠰᠢᠯᠳᠤᠭᠰᠠᠨ ᠪᠤᠶᠤ | ᠦᠨᠳᠦᠰᠦᠯᠡᠯ ᠪᠣᠯᠭᠠᠭᠰᠠᠨ ᠳᠡᠭᠡᠳᠦ ᠪᠠᠶᠢᠷᠢ ᠶᠢᠨ ᠬᠠᠤᠯᠢ ᠶᠢ ᠵᠠᠰᠠᠪᠤᠷᠢᠯᠠᠭᠰᠠᠨ᠂ ᠬᠦᠴᠦᠨ ᠦᠭᠡᠢ ᠪᠣᠯᠭᠠᠭᠰᠠᠨ︔ | ︵ᠭᠤᠷᠪᠠ︶ ᠭᠤᠣᠯ ᠠᠭᠤᠯᠭ᠎ᠠ ᠨᠢ ᠰᠢᠨ᠎ᠡ ᠪᠠᠷ ᠨᠡᠶᠢᠲᠡᠯᠡᠭᠰᠡᠨ ᠬᠠᠤᠯᠢ ᠴᠠᠭᠠᠵᠠ᠂ ᠬᠠᠤᠯᠢ ᠲᠣᠭᠲᠠᠭᠠᠯ ᠢᠶᠠᠷ | ᠣᠷᠣᠯᠠᠭᠳᠠᠭᠰᠠᠨ︔ | ︵ᠳᠥᠷᠪᠡ︶ ᠲᠣᠬᠢᠷᠠᠭᠤᠯᠤᠯᠲᠠ ᠬᠢᠬᠦ ᠡᠲᠡᠭᠡᠳ ᠨᠢ ᠠᠷᠢᠯᠤᠭᠰᠠᠨ ᠪᠤᠶᠤ ᠬᠤᠪᠢᠷᠠᠯᠲᠠ ᠭᠠᠷᠤᠭᠰᠠᠨ︔ | ︵ᠲᠠᠪᠤ︶ ᠬᠡᠷᠡᠭᠵᠢᠭᠦᠯᠬᠦ ᠭᠤᠣᠯ ᠴᠣᠭᠴᠠ ᠳᠤ ᠬᠤᠪᠢᠷᠠᠯᠲᠠ ᠭᠠᠷᠤᠭᠰᠠᠨ︔ | ︵ᠵᠢᠷᠭᠤᠭ᠎ᠠ︶ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠡᠷᠡᠭᠴᠡᠭᠡ ᠳᠤ ᠵᠣᠬᠢᠴᠠᠬᠤ ᠦᠭᠡᠢ ᠪᠣᠯᠣᠭᠰᠠᠨ︔ | ︵ᠲᠤᠯᠤᠭ᠎ᠠ︶ ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭᠠᠬᠤ ᠶᠣᠰᠣᠲᠠᠢ ᠪᠤᠰᠤᠳ ᠪᠠᠶᠢᠳᠠᠯ᠃ | ᠳᠣᠯᠣᠳᠤᠭᠠᠷ ᠪᠦᠯᠦᠭ ᠳᠠᠭᠠᠯᠳᠤᠭᠤᠯᠤᠯ ᠳᠦᠷᠢᠮ | ᠳᠥᠴᠢᠨ ᠳᠣᠯᠣᠳᠤᠭᠠᠷ ᠵᠦᠢᠯ ᠵᠠᠰᠠᠭ ᠤᠨ ᠣᠷᠳᠣᠨ ᠤ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ᠂ | ᠬᠦᠴᠦᠨ ᠦᠭᠡᠢ ᠪᠣᠯᠭᠠᠬᠤ ᠳᠡᠰ ᠳᠠᠷᠠᠭᠠᠯᠠᠯ ᠳᠤ ᠲᠣᠰ ᠲᠣᠭᠲᠠᠭᠠᠯ ᠢ ᠲᠣᠬᠢᠷᠠᠭᠤᠯᠤᠨ ᠬᠡᠷᠡᠭᠯᠡᠨ᠎ᠡ᠃ | ᠳᠥᠴᠢᠨ ᠨᠠᠢᠮᠠᠳᠤᠭᠠᠷ ᠵᠦᠢᠯ ᠲᠣᠭᠤᠷᠢᠭ ᠪᠠᠶᠢᠭᠤᠯᠤᠭᠰᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ | ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠲᠤᠭᠤᠷᠪᠢᠨ ᠲᠣᠭᠲᠠᠭᠠᠬᠤ ᠪᠠ | ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠤ ᠪᠠᠨ ᠲᠤᠰ ᠲᠣᠭᠲᠠᠭᠠᠯ ᠢᠶᠠᠷ ᠯᠠᠪᠯᠠᠯᠲᠠ ᠪᠣᠯᠭᠠᠨ | ᠬᠡᠷᠡᠭᠵᠢᠭᠦᠯᠦᠨ᠎ᠡ᠃ | ᠳᠥᠴᠢ ᠶᠢᠰᠦᠳᠦᠭᠡᠷ ᠵᠦᠢᠯ ᠲᠣᠰ ᠲᠣᠭᠲᠠᠭᠠᠯ ᠢ 2020 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ 1998 ᠣᠨ ᠤ 10 ᠳ᠋ᠤᠭᠠᠷ ᠰᠠᠷ᠎ᠠ ᠶᠢᠨ 29 ᠤ ᠡᠳᠦᠷ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠢ ᠬᠠᠤᠯᠢ | ᠲᠣᠭᠲᠠᠭᠠᠯ ᠤᠨ ᠡᠬᠡ ᠲᠥᠰᠥᠯ ᠢ ᠲᠤᠭᠤᠷᠪᠢᠨ ᠲᠣᠭᠲᠠᠭᠠᠬᠤ ᠪᠠ ᠲᠣᠭᠲᠠᠭᠠᠯ ᠳᠦᠷᠢᠮ ᠢ ᠲᠣᠭᠲᠠᠭᠠᠬᠤ ᠲᠣᠭᠲᠠᠭᠠᠯ | ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 91 | ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ | ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ | ︵2022 ᠣᠨ ᠤ 12 ᠳ᠋ᠤᠭᠠᠷ ᠰᠠᠷ᠎ᠠ ᠶᠢᠨ 28 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 257 ᠳ᠋ᠤᠭᠠᠷ ᠲᠣᠭᠠᠲᠤ ᠪᠠᠷ ᠨᠡᠶᠢᠲᠡᠯᠡᠪᠡ 2024 ᠣᠨ ᠤ | 5 ᠳ᠋ᠤᠭᠠᠷ ᠰᠠᠷ᠎ᠠ ᠶᠢᠨ 8 ᠤ ᠡᠳᠦᠷ ᠲᠤ ᠨᠡᠶᠢᠲᠡᠯᠡᠭᠰᠡᠨ ︽ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠳᠤ | ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠦᠨᠳᠦᠰᠦᠯᠡᠨ ᠵᠠᠰᠠᠪᠤᠷᠢ ᠣᠷᠣᠭᠤᠯᠪᠠ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠬᠢᠭᠡᠳ ᠬᠢᠨᠠᠯᠲᠠ ᠲᠠᠯᠪᠢᠯᠲᠠ ᠶᠢ ᠴᠢᠩᠭᠠᠳᠬᠠᠨ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠠᠮᠤᠷ ᠲᠦᠪᠰᠢᠨ ᠪᠠ ᠪᠦᠷᠢᠨ ᠪᠦᠲᠦᠨ ᠪᠠᠶᠢᠬᠤ ᠶᠢ ᠬᠠᠮᠠᠭᠠᠯᠠᠵᠤ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠠᠬᠢᠭᠤᠯᠬᠤ ᠶᠢᠨ ᠲᠤᠰᠠᠳᠠ᠂ ︽ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠳᠤ ᠲᠣᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃ | ᠭᠤᠷᠪᠠᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠭᠡᠳᠡᠭ ᠨᠢ ᠵᠠᠰᠠᠭ ᠵᠠᠬᠢᠷᠭᠠᠨ ᠤ ᠨᠢᠭᠡᠴᠢ᠂ ᠠᠵᠢᠯ ᠦᠢᠯᠡᠰ ᠤᠨ ᠨᠢᠭᠡᠴᠢ ᠶᠢᠨ ᠳᠣᠣᠷ᠎ᠠ ᠵᠢᠭᠰᠠᠭᠠᠭᠰᠠᠨ | ᠠᠷᠭ᠎ᠠ ᠬᠡᠯᠪᠡᠷᠢ ᠪᠠᠷ ᠣᠯᠣᠭᠰᠠᠨ ᠪᠤᠶᠤ ᠪᠦᠷᠢᠯᠳᠦᠭᠦᠯᠦᠭᠰᠡᠨ ᠡᠳ᠋ ᠬᠥᠷᠥᠩᠭᠡ ᠶᠢ ᠵᠢᠭᠠᠵᠤ ᠪᠣᠢ᠄ | ︵ᠨᠢᠭᠡ︶ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠭᠡᠳ ᠪᠦᠷᠢᠯᠳᠦᠭᠰᠡᠨ ᠡᠳ᠋ ᠬᠥᠷᠥᠩᠭᠡ︔ | ︵ᠬᠤᠶᠠᠷ︶ ᠰᠢᠯᠵᠢᠭᠦᠯᠦᠨ ᠥᠭᠬᠦ ᠶᠢ ᠬᠦᠯᠢᠶᠡᠨ ᠠᠪᠤᠭᠰᠠᠨ ᠪᠤᠶᠤ ᠰᠢᠯᠵᠢᠭᠦᠯᠦᠨ ᠥᠭᠭᠦᠭᠰᠡᠨ᠂ | ᠰᠣᠯᠢᠭᠰᠠᠨ ᠠᠴᠠ ᠪᠤᠶ ᠪᠣᠯᠤᠭᠰᠠᠨ ᠡᠳ᠋ ᠬᠥᠷᠥᠩᠭᠡ︔ | ︵ᠭᠤᠷᠪᠠ︶ ᠪᠡᠯᠡᠭᠯᠡᠨ ᠬᠦᠷᠭᠡᠭᠰᠡᠨ ᠢ ᠬᠦᠯᠢᠶᠡᠨ ᠠᠪᠬᠤ ᠶᠢᠨ ᠬᠠᠮᠲᠤ ᠤᠯᠤᠰ ᠤᠨ ᠥᠮᠴᠢᠯᠡᠯᠲᠦ ᠡᠳ᠋ | ᠬᠥᠷᠥᠩᠭᠡ ᠪᠠᠷ ᠨᠤᠲᠠᠯᠠᠨ ᠲᠣᠭᠲᠠᠭᠠᠭᠰᠠᠨ︔ | ︵ᠳᠥᠷᠪᠡ︶ ᠤᠯᠤᠰ ᠤᠨ ᠥᠮᠴᠢᠯᠡᠯᠲᠦ ᠪᠤᠰᠤᠳ ᠡᠳ᠋ ᠬᠥᠷᠥᠩᠭᠡ᠃ | ᠳᠥᠷᠪᠡᠳᠦᠭᠡᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠢᠯᠡᠷᠡᠬᠦ ᠬᠡᠯᠪᠡᠷᠢ ᠨᠢ᠄ ᠭᠦᠢᠯᠭᠡᠭᠡᠨ ᠤ ᠡᠳ᠋ ᠬᠥᠷᠥᠩᠭᠡ᠂ ᠲᠣᠭᠲᠠᠮᠠᠯ ᠡᠳ᠋ ᠬᠥᠷᠥᠩᠭᠡ᠂ ᠪᠠᠶᠢᠭᠤᠯᠵᠤ | ᠪᠠᠶᠢᠭ᠎ᠠ ᠪᠠᠷᠢᠯᠭ᠎ᠠ᠂ ᠳᠠᠯᠳᠠ ᠬᠥᠷᠥᠩᠭᠡ᠂ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ᠂ ᠵᠠᠰᠠᠭ ᠤᠨ ᠣᠷᠳᠣᠨ ᠤ | ᠨᠥᠭᠡᠴᠡ ᠡᠳ᠋ ᠪᠠᠷᠠᠭ᠎ᠠ᠂ ᠤᠯᠤᠰ ᠤᠨ ᠥᠮᠴᠢᠯᠡᠯᠲᠦ ᠲᠡᠦᠬᠡ ᠶᠢᠨ ᠳᠤᠷᠠᠰᠬᠠᠯᠲᠤ ᠵᠦᠢᠯᠡᠰ ᠰᠣᠶᠣᠯ ᠤᠨ ᠡᠳ᠋ | ᠬᠥᠷᠥᠩᠭᠡ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠵᠡᠷᠭᠡ ᠪᠣᠯᠣᠨ᠎ᠠ᠃ | ᠲᠠᠪᠤᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠤᠯᠤᠰ ᠲᠤ ᠥᠮᠴᠢᠯᠡᠭᠳᠡᠵᠦ᠂ ᠵᠠᠰᠠᠭ ᠤᠨ ᠣᠷᠳᠣᠨ ᠱᠠᠲᠤ ᠬᠤᠪᠢᠶᠠᠨ ᠬᠢᠨᠠᠨ ᠬᠠᠮᠢᠶᠠᠷᠬᠤ᠂ ᠡᠯ᠎ᠡ | ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠰᠢᠭᠤᠳ ᠵᠠᠬᠢᠷᠬᠤ ᠬᠠᠮᠢᠶᠠᠷᠤᠯᠲᠠ ᠶᠢᠨ ᠳᠦᠷᠢᠮ ᠢ | ᠬᠡᠷᠡᠭᠵᠢᠭᠦᠯᠦᠨ᠎ᠡ᠃ | ᠵᠢᠷᠭᠤᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠳᠤ ᠠᠮᠤᠷ ᠲᠦᠪᠰᠢᠨ ᠵᠢᠷᠤᠮᠵᠢᠯ ᠲᠠᠢ᠂ ᠠᠷᠪᠢᠲᠠᠢ ᠥᠨᠳᠥᠷ ᠪᠦᠲᠦᠮᠵᠢᠲᠡᠶ᠂ ᠢᠯᠡ | ᠲᠣᠳᠣ ᠪᠠᠶᠢᠯᠭᠠᠬᠤ᠂ ᠡᠷᠬᠡ ᠬᠠᠷᠢᠭᠤᠴᠠᠯᠭ᠎ᠠ ᠨᠢᠭᠡᠳᠦᠯᠲᠡᠢ ᠪᠠᠶᠢᠬᠤ ᠵᠠᠷᠴᠢᠮ ᠢ ᠵᠢᠷᠤᠮᠯᠠᠨ᠂ ᠪᠣᠳᠠᠲᠤ ᠡᠳ᠋ ᠤᠨ | ᠬᠠᠮᠢᠶᠠᠷᠤᠯᠲᠠ ᠬᠢᠭᠡᠳ ᠥᠷᠲᠡᠭ ᠤᠨ ᠬᠠᠮᠢᠶᠠᠷᠤᠯᠲᠠ ᠶᠢ ᠬᠠᠷᠢᠯᠴᠠᠨ ᠨᠢᠭᠡᠳᠦᠯᠲᠡᠢ ᠪᠠᠶᠢᠯᠭᠠᠬᠤ᠂ ᠡᠳ᠋ | ᠬᠥᠷᠥᠩᠭᠡ ᠶᠢᠨ ᠬᠠᠮᠢᠶᠠᠷᠤᠯᠲᠠ ᠶᠢ ᠲᠥᠰᠥᠪ ᠤᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠬᠠᠮᠢᠶᠠᠷᠤᠯᠲᠠ᠂ | ᠠᠮᠵᠢᠯᠲᠠ ᠪᠦᠲᠦᠮᠵᠢ ᠶᠢᠨ ᠬᠠᠮᠢᠶᠠᠷᠤᠯᠲᠠ ᠯᠤᠭ᠎ᠠ ᠬᠠᠷᠢᠯᠴᠠᠨ ᠤᠶᠠᠯᠳᠤᠭᠤᠯᠬᠤ ᠶᠢ ᠪᠡᠶᠡᠯᠡᠭᠦᠯᠬᠦ ᠬᠡᠷᠡᠭᠲᠡᠢ᠃ | ᠳᠣᠯᠣᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠵᠠᠬᠢᠷᠭᠠᠨ ᠠᠵᠢᠯ | ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠲᠣᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠪᠠᠨ ᠴᠢᠩᠭᠠᠳᠬᠠᠨ᠂ ᠴᠢᠬᠤᠯᠠ ᠶᠡᠭᠡ ᠵᠠᠰᠠᠭ ᠵᠠᠬᠢᠷᠭᠠᠨ ᠠᠵᠢᠯ | ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠦᠢᠯᠡᠰ ᠢ ᠬᠢᠨᠠᠨ | ᠪᠠᠶᠢᠴᠠᠭᠠᠵᠤ ᠵᠥᠪᠰᠢᠶᠡᠷᠡᠬᠦ ᠬᠡᠷᠡᠭᠲᠡᠢ᠃ | ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠶᠡᠷᠦᠩᠬᠡᠶᠢᠯᠡᠨ ᠬᠢᠨᠠᠨ ᠬᠠᠮᠢᠶᠠᠷᠬᠤ ᠡᠭᠦᠷᠭᠡ | ᠬᠠᠷᠢᠭᠤᠴᠠᠯᠭ᠎ᠠ ᠪᠠᠨ ᠡᠭᠦᠷᠭᠡᠯᠡᠵᠦ᠂ ᠲᠣᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠬᠠᠷᠢᠭᠤᠴᠠᠨ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠨ ᠪᠠᠶᠢᠴᠠᠭᠠᠵᠤ᠂ ᠵᠠᠰᠠᠭ ᠵᠠᠬᠢᠷᠭᠠᠨ ᠠᠵᠢᠯ | ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ | ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠨ᠎ᠠ᠃ | ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠠᠤᠯᠢ ᠲᠣᠭᠲᠠᠭᠠᠯ | ᠶᠣᠰᠣᠭᠠᠷ ᠭᠦᠢᠴᠡᠳᠬᠡᠵᠦ᠂ ᠲᠣᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠳᠤ ᠬᠡᠷᠡᠭᠯᠡᠬᠦ ᠭᠡᠷ ᠪᠠ | ᠠᠯᠪᠠᠨ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢ ᠬᠠᠷᠢᠭᠤᠴᠠᠵᠤ᠂ ᠪᠣᠳᠠᠲᠠᠢ ᠬᠠᠮᠢᠶ᠎ᠠ ᠪᠦᠬᠦᠢ | ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠳᠠᠯᠢ | ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠵᠢᠯᠣᠭᠤᠳᠤᠯᠭ᠎ᠠ ᠪᠠ ᠬᠢᠨᠠᠯᠲᠠ ᠪᠠᠶᠢᠴᠠᠭᠠᠯᠲᠠ ᠶᠢ ᠬᠦᠯᠢᠶᠡᠨ᠎ᠡ | ᠃ | ᠠᠷᠪᠠᠳᠤᠭᠠᠷ ᠵᠦᠢᠯ ᠡᠯ᠎ᠡ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠲᠣᠰ ᠰᠠᠯᠠᠭ᠎ᠠ | ᠮᠥᠴᠢᠷ ᠵᠢᠴᠢ ᠬᠠᠷᠢᠶ᠎ᠠ ᠨᠢᠭᠡᠴᠢ ᠶᠢᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ | ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠲᠣᠳᠣᠷᠬᠠᠶᠢᠯᠠᠨ᠂ ᠬᠠᠷᠢᠶ᠎ᠠ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠠᠵᠢᠯ ᠢ ᠵᠢᠭᠠᠨ ᠵᠢᠯᠤᠭᠤᠳᠴᠤ ᠬᠢᠨᠠᠯᠲᠠ ᠲᠠᠯᠪᠢᠬᠤ ᠬᠡᠷᠡᠭᠲᠡᠢ᠃ ᠲᠤᠰ ᠰᠠᠯᠠᠭ᠎ᠠ ᠮᠥᠴᠢᠷ ᠤᠨ ᠢᠶᠠᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠢ ᠬᠠᠷᠢᠭᠤᠴᠠᠨ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ | ᠲᠤᠰ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠦᠢᠯᠡᠰ ᠢ ᠬᠢᠨᠠᠨ | ᠪᠠᠶᠢᠴᠠᠭᠠᠬᠤ ᠪᠤᠶᠤ ᠵᠥᠪᠰᠢᠶᠡᠷᠡᠵᠦ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠲᠤᠰ | ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠪᠠᠶᠢᠳᠠᠯ ᠢᠶᠠᠨ ᠮᠡᠳᠡᠭᠦᠯᠦᠨ᠎ᠡ᠃ | ᠡᠯ᠎ᠡ ᠰᠠᠯᠠᠭ᠎ᠠ ᠮᠥᠴᠢᠷ ᠤᠨ ᠬᠠᠷᠢᠶ᠎ᠠ ᠨᠢᠭᠡᠴᠢ ᠨᠢ ᠲᠣᠰ ᠨᠢᠭᠡᠴᠢ ᠶᠢᠨ ᠢᠶᠠᠨ ᠵᠠᠰᠠᠭ ᠵᠠᠬᠢᠷᠭᠠᠨ ᠠᠵᠢᠯ | ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠣᠳᠠᠲᠠᠢ ᠬᠠᠮᠢᠶᠠᠷᠤᠯᠲᠠ ᠶᠢ ᠬᠠᠷᠢᠭᠤᠴᠠᠵᠤ | ᠂ ᠳᠣᠲᠣᠭᠠᠳᠤ ᠶᠢᠨ ᠡᠵᠡᠮᠳᠡᠯ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠣᠰ | ᠨᠢᠭᠡᠴᠢ ᠶᠢᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠲᠣᠬᠢᠷᠠᠭᠤᠯᠤᠯᠲᠠ ᠶᠢᠨ ᠲᠥᠰᠥᠪ᠂ ᠬᠤᠳᠠᠯᠳᠤᠨ ᠠᠪᠬᠤ᠂ ᠬᠡᠷᠡᠭᠯᠡᠬᠦ᠂ ᠰᠢᠢᠳᠪᠦᠷᠢᠯᠡᠬᠦ᠂ | ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠵᠡᠷᠭᠡ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ | ᠠᠷᠪᠠᠨ ᠨᠢᠭᠡᠳᠦᠭᠡᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠤᠯᠤᠰ ᠤᠨ | ᠲᠣᠭᠲᠠᠭᠠᠯ ᠶᠣᠰᠣᠭᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠠᠮᠵᠢᠯᠲᠠ | ᠪᠦᠲᠦᠮᠵᠢ ᠶᠢᠨ ᠵᠢᠭᠠᠯᠲᠠ ᠲᠤᠭ᠎ᠠ ᠪᠠ ᠪᠠᠷᠢᠮᠵᠢᠶ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠢ᠃ | ᠬᠤᠶᠠᠳᠤᠭᠠᠷ ᠪᠦᠯᠦᠭ ᠡᠳ᠋ ᠬᠥᠷᠥᠩᠭᠡ ᠶᠢᠨ ᠲᠣᠬᠢᠷᠠᠭᠤᠯᠤᠯᠲᠠ ᠪᠠ ᠲᠥᠰᠥᠪ ᠤᠨ ᠬᠠᠮᠢᠶᠠᠷᠤᠯᠲᠠ | ᠠᠷᠪᠠᠨ ᠬᠤᠶᠠᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠲᠣᠬᠢᠷᠠᠭᠤᠯᠤᠯᠲᠠ ᠳᠤ ᠲᠣᠬᠢᠷᠠᠭᠤᠯᠤᠨ ᠵᠣᠬᠢᠴᠠᠭᠤᠯᠬᠤ᠂ ᠬᠤᠳᠠᠯᠳᠤᠨ ᠠᠪᠬᠤ᠂ ᠪᠦᠲᠦᠭᠡᠨ | ᠪᠠᠶᠢᠭᠤᠯᠬᠤ᠂ ᠲᠦᠷᠢᠶᠡᠰᠦᠯᠡᠨ ᠬᠡᠷᠡᠭᠯᠡᠬᠦ᠂ ᠪᠡᠯᠡᠭᠯᠡᠨ ᠬᠦᠷᠭᠡᠬᠦ ᠶᠢ ᠬᠦᠯᠢᠶᠡᠨ ᠠᠪᠬᠤ ᠵᠡᠷᠭᠡ ᠠᠷᠭ᠎ᠠ ᠮᠠᠶ᠋ᠢᠭ | ᠪᠠᠭᠲᠠᠨ᠎ᠠ᠃ | ᠠᠷᠪᠠᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠡᠳ᠋ ᠬᠥᠷᠥᠩᠭᠡ ᠲᠣᠬᠢᠷᠠᠭᠤᠯᠬᠤ ᠪᠠᠷᠢᠮᠵᠢᠶ᠎ᠠ ᠶᠢᠨ ᠲᠣᠭᠲᠠᠯᠴᠠᠭ᠎ᠠ ᠶᠢ ᠪᠠᠶᠢᠭᠤᠯᠤᠨ | ᠪᠦᠷᠢᠨᠰᠢᠭᠦᠯᠬᠦ ᠶᠢ ᠵᠣᠬᠢᠶᠠᠨ ᠪᠠᠶᠢᠭᠤᠯᠵᠤ᠂ ᠲᠣᠬᠢᠷᠠᠭᠤᠯᠬᠤ ᠲᠤᠭ᠎ᠠ ᠬᠡᠮᠵᠢᠶ᠎ᠡ᠂ ᠥᠷᠲᠡᠭ᠂ ᠵᠡᠷᠭᠡ ᠳᠡᠰ᠂ | ᠬᠠᠮᠤᠭ ᠤᠨ ᠳᠣᠣᠷ᠎ᠠ ᠬᠡᠷᠡᠭᠯᠡᠬᠦ ᠵᠢᠯ ᠬᠤᠭᠤᠴᠠᠭ᠎ᠠ ᠵᠡᠷᠭᠡ ᠪᠠᠷᠢᠮᠵᠢᠶ᠎ᠠ ᠪᠠᠨ ᠲᠣᠳᠣᠷᠬᠠᠶᠢᠯᠠᠬᠤ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠡᠳ᠋ ᠬᠥᠷᠥᠩᠭᠡ ᠶᠢ ᠲᠣᠬᠢᠷᠠᠭᠤᠯᠬᠤ ᠪᠠᠷᠢᠮᠵᠢᠶ᠎ᠠ ᠶᠢ ᠠᠷᠪᠢᠯᠠᠨ ᠭᠠᠮᠨᠠᠬᠤ᠂ | ᠠᠵᠢᠯ ᠤᠨ ᠠᠮᠵᠢᠯᠲᠠ ᠪᠦᠲᠦᠮᠵᠢ ᠶᠢ ᠡᠷᠬᠢᠮᠯᠡᠬᠦ ᠪᠠ ᠪᠣᠬᠢᠷᠳᠤᠯ ᠦᠭᠡᠢ ᠪᠥᠭᠡᠳ ᠣᠷᠴᠢᠨ ᠲᠣᠭᠤᠷᠢᠨ ᠢ ᠬᠠᠮᠠᠭᠠᠯᠠᠬᠤ | ᠱᠠᠭᠠᠷᠳᠠᠯᠭ᠎ᠠ ᠶᠣᠰᠣᠭᠠᠷ᠂ ᠤᠯᠤᠰ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠢᠷᠢ ᠲᠦᠪᠰᠢᠨ᠂ ᠵᠠᠬ᠎ᠠ ᠳᠡᠯᠭᠡᠭᠦᠷ ᠤᠨ ᠦᠨ᠎ᠡ ᠶᠢᠨ ᠬᠤᠪᠢᠷᠠᠯᠲᠠ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠳᠠᠪᠰᠢᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠱᠠᠭᠠᠷᠳᠠᠯᠭ᠎ᠠ᠂ | ᠡᠳ᠋ ᠤᠨ ᠬᠦᠴᠦᠨ ᠤ ᠪᠠᠶᠢᠳᠠᠯ ᠵᠡᠷᠭᠡ ᠬᠦᠴᠦᠨ ᠵᠦᠢᠯ ᠢ ᠦᠨᠳᠦᠰᠦᠯᠡᠨ ᠴᠠᠭ ᠲᠤᠬᠠᠢ ᠳᠤ ᠨᠢ ᠲᠣᠬᠢᠷᠠᠭᠤᠯᠤᠨ | ᠲᠣᠬᠢᠷᠠᠭᠤᠯᠤᠯᠲᠠ ᠬᠢᠬᠦ ᠪᠠ ᠰᠢᠨᠡᠳᠬᠡᠬᠦ ᠬᠡᠷᠡᠭᠲᠡᠢ᠃ | ᠡᠯ᠎ᠡ ᠰᠠᠯᠠᠭ᠎ᠠ ᠮᠥᠴᠢᠷ ᠤᠨ ᠨᠡᠶᠢᠳᠡᠮ ᠬᠡᠷᠡᠭᠯᠡᠬᠦ ᠡᠳ᠋ ᠬᠥᠷᠥᠩᠭᠡ ᠶᠢ ᠲᠣᠬᠢᠷᠠᠭᠤᠯᠬᠤ ᠪᠠᠷᠢᠮᠵᠢᠶ᠎ᠠ ᠶᠢ ᠠᠳᠠᠯᠢ | ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠣᠭᠲᠠᠭᠠᠵᠤ ᠨᠡᠶᠢᠲᠡᠯᠡᠬᠦ ᠬᠡᠷᠡᠭᠲᠡᠢ᠃ ᠲᠤᠰᠬᠠᠢ ᠬᠡᠷᠡᠭᠯᠡᠬᠦ ᠡᠳ᠋ | ᠬᠥᠷᠥᠩᠭᠡ ᠶᠢᠨ ᠲᠣᠬᠢᠷᠠᠭᠤᠯᠬᠤ ᠪᠠᠷᠢᠮᠵᠢᠶ᠎ᠠ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠵᠢᠯ ᠲᠥᠷᠥᠯ ᠤᠨ | ᠣᠨᠴᠠᠯᠢᠭ ᠢ ᠦᠨᠳᠦᠰᠦᠯᠡᠨ ᠲᠣᠭᠲᠠᠭᠠᠵᠤ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠢᠶᠠᠷ ᠬᠢᠨᠠᠨ | ᠬᠠᠷᠭᠤᠭᠤᠯᠤᠭᠰᠠᠨ ᠤ ᠳᠠᠷᠠᠭ᠎ᠠ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠨᠡᠶᠢᠲᠡᠯᠡᠨ᠎ᠡ᠃ | ᠠᠷᠪᠠᠨ ᠲᠠᠪᠤᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠦᠯᠡᠳᠡᠭᠡᠯ ᠡᠳ᠋ | ᠬᠥᠷᠥᠩᠭᠡ ᠶᠢ ᠴᠢᠯᠦᠭᠡᠲᠡᠢ ᠭᠦᠢᠯᠭᠡᠭᠡᠬᠦ ᠪᠠᠷ ᠳᠠᠮᠵᠢᠭᠤᠯᠤᠨ᠂ ᠦᠯᠡᠳᠡᠭᠡᠯ ᠡᠳ᠋ ᠬᠥᠷᠥᠩᠭᠡ ᠶᠢ ᠭᠦᠢᠴᠡᠳ ᠠᠰᠢᠭᠯᠠᠬᠤ | ᠪᠠ ᠲᠣᠬᠢᠷᠠᠭᠤᠯᠵᠤ ᠬᠠᠮᠲᠤ ᠪᠠᠷ ᠭᠥᠷᠳᠡᠬᠦ ᠶᠢ ᠠᠬᠢᠭᠤᠯᠬᠤ ᠬᠡᠷᠡᠭᠲᠡᠢ᠃ ᠣᠳᠣ ᠪᠠᠶᠢᠭ᠎ᠠ ᠦᠯᠡᠳᠡᠭᠡᠯ ᠡᠳ᠋ | ᠬᠥᠷᠥᠩᠭᠡ ᠨᠢ ᠴᠢᠳᠠᠮᠵᠢ ᠪᠠᠷ ᠳᠠᠯᠳᠠ ᠬᠦᠴᠦᠨ ᠢ ᠠᠭᠤᠳᠠᠯᠬᠤ᠂ ᠬᠠᠭᠤᠴᠢᠨ ᠢ ᠵᠠᠰᠠᠵᠤ ᠬᠠᠶᠠᠭᠳᠠᠮᠠᠯ ᠢ | ᠠᠰᠢᠭᠯᠠᠭᠠᠳ ᠲᠤᠬᠠᠶᠢᠯᠠᠭᠰᠠᠨ ᠠᠵᠢᠯ ᠤᠨ ᠬᠡᠷᠡᠭᠴᠡᠭᠡ ᠪᠠᠨ ᠬᠠᠩᠭᠠᠵᠤ ᠳᠡᠶᠢᠯᠪᠡᠯ᠂ ᠲᠣᠬᠢᠷᠠᠭᠤᠯᠬᠤ ᠪᠠᠨ | ᠪᠠᠭᠠᠰᠬᠠᠵᠤ᠂ ᠬᠡᠷᠡᠭᠯᠡᠭᠳᠡᠵᠦ ᠪᠠᠶᠢᠭ᠎ᠠ ᠡᠳ᠋ ᠬᠥᠷᠥᠩᠭᠡ ᠪᠠ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢᠨ | ᠬᠡᠷᠡᠭᠯᠡᠬᠦ ᠥᠷᠲᠡᠭ᠂ ᠬᠡᠷᠡᠭᠯᠡᠬᠦ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠬᠠᠤᠯᠢ ᠶᠣᠰᠣᠭᠠᠷ | ᠡᠭᠦᠷᠭᠡ ᠴᠢᠳᠠᠪᠤᠷᠢ ᠪᠠᠨ ᠭᠦᠢᠴᠡᠳᠬᠡᠬᠦ ᠪᠠ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠪᠠᠨ ᠦᠨᠳᠦᠰᠦᠯᠡᠨ᠂ | ᠡᠳ᠋ ᠬᠥᠷᠥᠩᠭᠡ ᠶᠢᠨ ᠦᠯᠡᠳᠡᠭᠡᠯ᠂ ᠡᠳ᠋ ᠬᠥᠷᠥᠩᠭᠡ ᠲᠣᠬᠢᠷᠠᠭᠤᠯᠬᠤ ᠪᠠᠷᠢᠮᠵᠢᠶ᠎ᠠ᠂ ᠠᠮᠵᠢᠯᠲᠠ ᠪᠦᠲᠦᠮᠵᠢ ᠶᠢᠨ | ᠬᠠᠷᠠᠯᠲᠠ ᠪᠠ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠲᠠᠢ ᠪᠠᠨ ᠤᠶᠠᠯᠳᠤᠭᠤᠯᠵᠤ᠂ ᠲᠣᠬᠢᠷᠠᠭᠤᠯᠤᠨ | ᠵᠣᠬᠢᠴᠠᠭᠤᠯᠬᠤ ᠠᠷᠭ᠎ᠠ ᠪᠠᠷ ᠡᠳ᠋ ᠬᠥᠷᠥᠩᠭᠡ ᠶᠢ ᠤᠷᠢᠳ ᠢᠶᠠᠷ ᠲᠣᠬᠢᠷᠠᠭᠤᠯᠤᠨ ᠳᠦᠬᠦᠷᠵᠢᠭᠦᠯᠬᠦ ᠬᠡᠷᠡᠭᠲᠡᠢ᠃ | ᠲᠣᠬᠢᠷᠠᠭᠤᠯᠤᠨ ᠵᠣᠬᠢᠴᠠᠭᠤᠯᠵᠤ ᠳᠡᠶᠢᠯᠬᠦ ᠦᠭᠡᠢ ᠪᠣᠯ ᠬᠤᠳᠠᠯᠳᠤᠨ ᠠᠪᠬᠤ᠂ ᠪᠦᠲᠦᠭᠡᠨ ᠪᠠᠶᠢᠭᠤᠯᠬᠤ᠂ | ᠲᠦᠷᠢᠶᠡᠰᠦᠯᠡᠨ ᠬᠡᠷᠡᠭᠯᠡᠬᠦ ᠵᠡᠷᠭᠡ ᠠᠷᠭ᠎ᠠ ᠶᠢ ᠠᠪᠴᠤ ᠪᠣᠯᠣᠨ᠎ᠠ᠃ | ᠠᠷᠪᠠᠨ ᠳᠣᠯᠣᠳᠤᠭᠠᠷ ᠵᠦᠢᠯ ᠴᠢᠬᠤᠯᠠ ᠬᠤᠷᠠᠯ ᠬᠤᠷᠠᠯᠳᠤᠭᠤᠯᠬᠤ᠂ ᠲᠣᠮᠣ ᠬᠡᠯᠪᠡᠷᠢ ᠶᠢᠨ ᠠᠵᠢᠯᠯᠠᠭ᠎ᠠ ᠡᠷᠬᠢᠯᠡᠬᠦ | ᠪᠤᠶᠤ ᠲᠦᠷ ᠴᠠᠭ ᠤᠨ ᠪᠠᠶᠢᠭᠤᠯᠤᠮᠵᠢ ᠪᠠᠶᠢᠭᠤᠯᠬᠤ ᠵᠡᠷᠭᠡ ᠳᠤ ᠡᠳ᠋ ᠬᠥᠷᠥᠩᠭᠡ ᠲᠣᠬᠢᠷᠠᠭᠤᠯᠬᠤ ᠴᠢᠬᠤᠯᠠ ᠲᠠᠢ ᠪᠣᠯ | ᠲᠣᠬᠢᠷᠠᠭᠤᠯᠤᠨ ᠵᠣᠬᠢᠴᠠᠭᠤᠯᠬᠤ ᠠᠷᠭ᠎ᠠ ᠪᠠᠷ ᠰᠢᠢᠳᠪᠦᠷᠢᠯᠡᠨ᠎ᠡ᠃ ᠦᠨᠡᠨ ᠬᠦ ᠬᠤᠳᠠᠯᠳᠤᠨ ᠠᠪᠬᠤ ᠴᠢᠬᠤᠯᠠ ᠲᠠᠢ | ᠪᠣᠯ ᠳᠡᠰ ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠨᠥᠬᠦᠴᠡᠯ ᠲᠠᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠤᠨ ᠠᠯᠪᠠᠨ ᠤ ᠡᠳ᠋ ᠤᠨ ᠬᠥᠮᠥᠷᠭᠡ | ᠪᠠᠶᠢᠭᠤᠯᠬᠤ ᠶᠢ ᠨᠢ ᠵᠣᠷᠢᠭᠵᠢᠭᠤᠯᠵᠤ᠂ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ | ᠬᠠᠮᠲᠤᠷᠠᠨ ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠦᠷ᠎ᠡ ᠠᠰᠢᠭ ᠢᠶᠠᠷ ᠪᠠᠷᠤᠭᠲᠠᠢ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠪᠠ ᠲᠣᠮᠣ ᠬᠡᠯᠪᠡᠷᠢ ᠶᠢᠨ ᠬᠤᠷᠠᠯ | ︵ᠠᠵᠢᠯᠯᠠᠭ᠎ᠠ︶᠂ ᠲᠥᠷ ᠴᠠᠭ ᠤᠨ ᠪᠠᠶᠢᠭᠤᠯᠤᠮᠵᠢ ᠶᠢᠨ ᠲᠣᠬᠢᠷᠠᠭᠤᠯᠤᠭᠰᠠᠨ ᠬᠥᠷᠥᠩᠭᠡ ᠵᠡᠷᠭᠡ ᠶᠢ ᠠᠯᠪᠠᠨ ᠤ | ᠡᠳ᠋ ᠤᠨ ᠬᠥᠮᠥᠷᠭᠡ ᠳᠤ ᠨᠢᠭᠡᠳᠦᠯᠲᠡᠢ ᠣᠷᠣᠭᠤᠯᠵᠤ ᠲᠥᠪᠯᠡᠷᠡᠭᠦᠯᠦᠨ ᠬᠠᠮᠢᠶᠠᠷᠴᠤ᠂ ᠲᠣᠬᠢᠷᠠᠭᠤᠯᠤᠨ ᠬᠡᠷᠡᠭᠯᠡᠬᠦ | ᠬᠡᠷᠡᠭᠲᠡᠢ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠲᠣᠬᠢᠷᠠᠭᠤᠯᠬᠤ ᠳᠤ ᠪᠠᠨ ᠡᠩ | ᠲᠡᠷᠢᠭᠦᠨ ᠳᠤ ᠠᠯᠪᠠᠨ ᠤ ᠡᠳ᠋ ᠤᠨ ᠬᠥᠮᠥᠷᠭᠡ ᠠᠴᠠ ᠲᠣᠬᠢᠷᠠᠭᠤᠯᠤᠨ ᠰᠢᠢᠳᠪᠦᠷᠢᠯᠡᠬᠦ ᠶᠢ ᠪᠣᠳᠣᠯᠬᠢᠯᠠᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠦᠷ᠎ᠡ ᠠᠰᠢᠭ ᠢᠶᠠᠷ | ᠪᠠᠷᠤᠭᠲᠠᠢ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢ ᠡᠩ ᠲᠡᠷᠢᠭᠦᠨ ᠳᠤ ᠲᠤᠰ ᠰᠠᠯᠠᠭ᠎ᠠ ᠮᠥᠴᠢᠷ᠂ | ᠲᠤᠰ ᠨᠢᠭᠡᠴᠢ ᠶᠢᠨ ᠳᠣᠲᠣᠭᠠᠳᠤ ᠳᠤ ᠪᠠᠨ ᠲᠣᠬᠢᠷᠠᠭᠤᠯᠤᠨ ᠠᠰᠢᠭᠯᠠᠬᠤ ᠬᠡᠷᠡᠭᠲᠡᠢ᠃ ᠬᠡᠷᠡᠭᠯᠡᠭᠡᠨ ᠤ ᠥᠷᠲᠡᠭ ᠢᠶᠠᠷ | ᠶᠡᠭᠡ᠂ ᠠᠰᠢᠭᠯᠠᠬᠤ ᠬᠡᠪᠴᠢᠶ᠎ᠡ ᠪᠠᠷ ᠥᠷᠭᠡᠨ ᠪᠠᠶᠢᠭ᠎ᠠ ᠪᠥᠭᠡᠳ ᠦᠷ᠎ᠡ ᠠᠰᠢᠭ ᠢᠶᠠᠷ ᠪᠠᠷᠤᠭᠲᠠᠢ᠂ ᠰᠤᠯᠠ | ᠲᠠᠯᠪᠢᠭᠳᠠᠵᠤ ᠪᠠᠶᠢᠭ᠎ᠠ ᠡᠳ᠋ ᠬᠥᠷᠥᠩᠭᠡ ᠳᠤ ᠰᠠᠯᠠᠭ᠎ᠠ ᠮᠥᠴᠢᠷ᠂ ᠭᠠᠵᠠᠷ ᠣᠷᠣᠨ᠂ ᠵᠡᠷᠭᠡ ᠲᠠᠰ ᠠᠯᠤᠰᠯᠠᠨ ᠡᠳ᠋ | ᠬᠥᠷᠥᠩᠭᠡ ᠶᠢᠨ ᠲᠣᠬᠢᠷᠠᠭᠤᠯᠤᠯᠲᠠ ᠬᠢᠬᠦ ᠶᠢ ᠢᠳᠡᠪᠬᠢᠲᠡᠢ ᠠᠬᠢᠭᠤᠯᠤᠨ᠎ᠠ︔ ᠮᠡᠷᠭᠡᠵᠢᠯ ᠤᠨ ᠰᠢᠯᠲᠠᠭᠠᠨ ᠠᠴᠠ ᠪᠣᠯᠵᠤ | ᠰᠢᠨᠡᠳᠬᠡᠬᠦ ᠴᠢᠬᠤᠯᠠ ᠲᠠᠢ ᠪᠣᠯᠪᠠᠴᠤ ᠮᠥᠨ ᠴᠦ ᠬᠡᠷᠡᠭᠯᠡᠭᠡᠨ ᠤ ᠥᠷᠲᠡᠭ ᠲᠠᠢ ᠡᠳ᠋ ᠬᠥᠷᠥᠩᠭᠡ ᠶᠢ ᠬᠡᠷᠡᠭᠴᠡᠭᠡ ᠶᠢ ᠨᠢ | ᠬᠤᠪᠢᠷᠠᠭᠤᠯᠬᠤ ᠪᠠᠷ ᠳᠠᠮᠵᠢᠭᠤᠯᠤᠨ ᠮᠡᠷᠭᠡᠵᠢᠯ ᠤᠨ ᠱᠠᠭᠠᠷᠳᠠᠯᠭ᠎ᠠ ᠪᠠᠷ ᠬᠠᠷᠢᠴᠠᠩᠭᠤᠢ ᠳᠣᠣᠷ᠎ᠠ ᠪᠠᠶᠢᠭ᠎ᠠ ᠰᠠᠯᠠᠭ᠎ᠠ | ᠮᠥᠴᠢᠷ᠂ ᠨᠢᠭᠡᠴᠢ ᠳᠤ ᠲᠣᠬᠢᠷᠠᠭᠤᠯᠤᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠨᠢ ᠡᠳ᠋ ᠬᠥᠷᠥᠩᠭᠡ ᠶᠢ ᠲᠥᠪᠯᠡᠷᠡᠭᠦᠯᠦᠨ ᠡᠵᠡᠩᠨᠡᠬᠦ ᠲᠠᠪᠴᠠᠩ ᠪᠠᠶᠢᠭᠤᠯᠬᠤ ᠪᠤᠶᠤ ᠲᠤᠰᠬᠠᠢ | ᠪᠠᠶᠢᠭᠤᠯᠤᠮᠵᠢ ᠳᠤ ᠨᠠᠶᠢᠳᠠᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠦᠷ᠎ᠡ ᠠᠰᠢᠭ ᠢᠶᠠᠷ ᠪᠠᠷᠤᠭᠲᠠᠢ | ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢ ᠡᠮᠬᠢᠯᠡᠨ ᠨᠡᠶᠢᠯᠡᠭᠦᠯᠵᠦ᠂ ᠲᠤᠰᠬᠠᠶᠢᠵᠢᠭᠰᠠᠨ ᠪᠥᠭᠡᠳ ᠵᠠᠬ᠎ᠠ | ᠳᠡᠯᠭᠡᠭᠦᠷᠴᠢᠯᠡᠭᠰᠡᠨ ᠡᠵᠡᠩᠨᠡᠯᠲᠡ ᠬᠠᠮᠢᠶᠠᠷᠤᠯᠲᠠ ᠶᠢ ᠬᠡᠷᠡᠭᠵᠢᠭᠦᠯᠵᠦ᠂ ᠡᠳ᠋ ᠬᠥᠷᠥᠩᠭᠡ ᠶᠢ ᠨᠢᠭᠡᠳᠦᠯᠲᠡᠢ ᠲᠥᠯᠥᠪᠯᠡᠬᠦ | ᠴᠢᠳᠠᠪᠤᠷᠢ ᠪᠠ ᠡᠵᠡᠩᠨᠡᠬᠦ ᠦᠷ᠎ᠡ ᠠᠰᠢᠭ ᠢᠶᠠᠨ ᠳᠡᠭᠡᠭᠰᠢᠯᠡᠭᠦᠯᠵᠦ ᠪᠣᠯᠣᠨ᠎ᠠ᠃ | ᠬᠤᠷᠢᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠦᠭᠦᠳ ᠡᠳ᠋ ᠬᠥᠷᠥᠩᠭᠡ | ᠬᠤᠳᠠᠯᠳᠤᠨ ᠠᠪᠬᠤ᠂ ᠪᠦᠲᠦᠭᠡᠨ ᠪᠠᠶᠢᠭᠤᠯᠬᠤ᠂ ᠲᠦᠷᠢᠶᠡᠰᠦᠯᠡᠨ ᠬᠡᠷᠡᠭᠯᠡᠬᠦ ᠳᠤ ᠪᠠᠨ ᠡᠳ᠋ ᠬᠥᠷᠥᠩᠭᠡ | ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠪᠠᠨ ᠳᠤᠷᠠᠳᠴᠤ᠂ ᠡᠳ᠋ ᠬᠥᠷᠥᠩᠭᠡ ᠲᠣᠬᠢᠷᠠᠭᠤᠯᠬᠤ ᠬᠠᠮᠢᠶ᠎ᠠ ᠪᠦᠬᠦᠢ | ᠵᠠᠷᠤᠯᠭ᠎ᠠ ᠶᠢᠨ ᠲᠥᠰᠥᠪ ᠢ ᠨᠠᠶᠢᠷᠠᠭᠤᠯᠤᠨ ᠵᠣᠬᠢᠶᠠᠵᠤ᠂ ᠲᠥᠰᠥᠪ ᠤᠨ ᠬᠠᠮᠢᠶᠠᠷᠤᠯᠲᠠ ᠶᠢᠨ ᠲᠣᠭᠲᠠᠭᠠᠯ ᠪᠠ ᠡᠳ᠋ ᠤᠨ | ᠵᠠᠰᠠᠭ ᠤᠨ ᠰᠠᠯᠠᠭ᠎ᠠ ᠮᠥᠴᠢᠷ ᠤᠨ ᠴᠣᠬᠤᠯᠠᠪᠤᠷᠢᠯᠠᠭᠰᠠᠨ ᠲᠥᠰᠥᠪ ᠶᠣᠰᠣᠭᠠᠷ ᠡᠳ᠋ ᠬᠥᠷᠥᠩᠭᠡ ᠲᠣᠬᠢᠷᠠᠭᠤᠯᠬᠤ | ᠬᠡᠷᠡᠭᠲᠡᠢ᠃ | ᠬᠤᠷᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠬᠦ ᠦᠷ᠎ᠡ ᠪᠦᠲᠦᠮᠵᠢ ᠶᠢ ᠰᠢᠨ᠎ᠡ ᠪᠠᠷ ᠨᠡᠮᠡᠭᠳᠡᠭᠰᠡᠨ ᠡᠳ᠋ | ᠬᠥᠷᠥᠩᠭᠡ ᠶᠢ ᠲᠣᠬᠢᠷᠠᠭᠤᠯᠬᠤ ᠲᠥᠰᠥᠪ ᠯᠦᠭᠡ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠵᠤ᠂ ᠲᠥᠰᠥᠪ ᠤᠨ | ᠬᠢᠵᠠᠭᠠᠷᠯᠠᠯ ᠢᠶᠠᠷ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠵᠦ ᠠᠰᠢᠭᠯᠠᠬᠤ ᠶᠢ ᠠᠬᠢᠭᠤᠯᠬᠤ ᠬᠡᠷᠡᠭᠲᠡᠢ᠃ | ᠡᠳ᠋ ᠬᠥᠷᠥᠩᠭᠡ ᠶᠢ ᠰᠤᠯᠠ ᠲᠠᠯᠪᠢᠨ ᠪᠦᠷᠢᠯᠭᠡᠵᠦ ᠪᠠᠶᠢᠭ᠎ᠠ ᠨᠢ ᠬᠦᠨᠳᠦ ᠨᠣᠴᠢᠲᠠᠢ ᠰᠠᠯᠠᠭ᠎ᠠ ᠮᠥᠴᠢᠷ᠂ | ᠨᠢᠭᠡᠴᠢ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠪᠠᠶᠢᠳᠠᠯ ᠢ ᠨᠢ ᠠᠵᠢᠵᠤ ᠪᠠᠶᠢᠭᠠᠳ ᠰᠢᠨ᠎ᠡ ᠪᠠᠷ | ᠨᠡᠮᠡᠭᠳᠡᠭᠦᠯᠬᠦ ᠡᠳ᠋ ᠬᠥᠷᠥᠩᠭᠡ ᠶᠢ ᠲᠣᠬᠢᠷᠠᠭᠤᠯᠬᠤ ᠲᠥᠰᠥᠪ ᠢ ᠴᠣᠬᠤᠯᠠᠪᠤᠷᠢᠯᠠᠬᠤ ᠪᠠᠨ ᠵᠣᠭᠰᠣᠭᠠᠵᠤ ᠪᠣᠯᠣᠨ᠎ᠠ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠨᠢᠭᠡᠨᠲᠡ ᠲᠦᠷᠢᠶᠡᠰᠦᠯᠡᠭᠦᠯᠦᠭᠰᠡᠨ᠂ | ᠵᠢᠭᠡᠯᠡᠭᠦᠯᠦᠭᠰᠡᠨ ᠠᠳᠠᠯᠢ ᠲᠦᠷᠦᠯ ᠤᠨ ᠡᠳ᠋ ᠬᠥᠷᠥᠩᠭᠡ ᠶᠢ ᠬᠤᠳᠠᠯᠳᠤᠨ ᠠᠪᠴᠤ ᠪᠣᠯᠬᠤ ᠦᠭᠡᠢ᠃ ᠤᠯᠤᠰ ᠲᠤ | ᠪᠤᠰᠤᠳ ᠲᠣᠭᠲᠠᠭᠠᠯ ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ᠃ | ᠬᠤᠷᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢ ᠪᠡᠯᠡ ᠣᠷᠣᠭᠤᠯᠤᠨ ᠪᠦᠲᠦᠭᠡᠨ ᠪᠠᠶᠢᠭᠤᠯᠬᠤ ᠳᠤ ᠪᠠᠨ᠂ | ᠪᠡᠯᠡ ᠮᠥᠩᠭᠦ ᠶᠢᠨ ᠢᠷᠡᠯᠲᠡ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠵᠤ᠂ ᠲᠥᠰᠥᠪ ᠤᠨ ᠬᠢᠵᠠᠭᠠᠷᠯᠠᠯ ᠢ | ᠴᠢᠩᠭᠠᠳᠬᠠᠨ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠬᠦ ᠶᠢᠨ ᠬᠠᠮᠲᠤ᠂ ᠣᠯᠠᠨ | ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠬᠠᠮᠢᠶᠠᠷᠴᠤ ᠬᠠᠮᠠᠭᠠᠯᠠᠬᠤ ᠬᠠᠷᠢᠭᠤᠴᠠᠯᠭᠠᠲᠤ ᠨᠢᠭᠡᠴᠢ ᠶᠢ ᠲᠣᠳᠣᠷᠬᠠᠶᠢᠯᠠᠬᠤ | ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠨᠢᠭᠡᠴᠢ ᠶᠢᠨ ᠤᠯᠤᠰ ᠤᠨ ᠥᠮᠴᠢᠯᠡᠯᠲᠦ ᠡᠳ᠋ | ᠬᠥᠷᠥᠩᠭᠡ ᠶᠢ ᠲᠦᠷᠢᠶᠡᠰᠦᠯᠡᠭᠦᠯᠦᠭᠰᠡᠨ ᠪᠠ ᠰᠢᠢᠳᠪᠦᠷᠢᠯᠡᠭᠰᠡᠨ ᠵᠡᠷᠭᠡ ᠶᠢᠨ ᠣᠷᠣᠯᠭ᠎ᠠ ᠶᠢ ᠵᠠᠰᠠᠭ ᠤᠨ ᠣᠷᠳᠣᠨ ᠤ | ᠭᠠᠶᠢᠯᠢ ᠶᠢᠨ ᠪᠤᠰᠤ ᠣᠷᠣᠯᠭ᠎ᠠ ᠪᠠ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠳᠦᠷᠢᠮ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠢ᠃ | ᠤᠯᠤᠰ ᠲᠤ ᠠᠰᠲᠠᠭᠠᠨ ᠲᠣᠭᠲᠠᠭᠠᠯ ᠲᠠᠢ ᠪᠠᠶᠢᠬᠤ ᠠᠴᠠ ᠭᠠᠳᠠᠨ᠎ᠠ᠂ ᠠᠵᠢᠯ ᠦᠢᠯᠡᠰ ᠤᠨ ᠨᠢᠭᠡᠴᠢ ᠶᠢᠨ | ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠭᠰᠡᠨ ᠣᠷᠣᠯᠭ᠎ᠠ ᠶᠢ ᠵᠠᠰᠠᠭ ᠤᠨ ᠣᠷᠳᠣᠨ ᠤ | ᠭᠠᠶᠢᠯᠢ ᠶᠢᠨ ᠪᠤᠰᠤ ᠣᠷᠣᠯᠭ᠎ᠠ ᠪᠠ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠳᠦᠷᠢᠮ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠢ᠃ ᠠᠵᠢᠯ ᠦᠢᠯᠡᠰ ᠤᠨ ᠨᠢᠭᠡᠴᠢ ᠶᠢᠨ | ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠡᠷᠡᠭᠯᠡᠭᠡᠳ ᠪᠤᠶ ᠪᠣᠯᠤᠭᠰᠠᠨ ᠣᠷᠣᠯᠭ᠎ᠠ ᠳᠤ ᠠᠳᠠᠯᠢ ᠱᠠᠲᠤᠨ ᠤ | ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠳᠠᠲᠠᠢ ᠬᠠᠮᠢᠶᠠᠷᠤᠯᠲᠠ ᠶᠢᠨ ᠠᠷᠭ᠎ᠠ ᠲᠣᠭᠲᠠᠭᠠᠨ᠎ᠠ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠬᠠᠤᠯᠢ ᠶᠣᠰᠣᠭᠠᠷ ᠲᠣᠷᠭᠠᠵᠤ ᠬᠤᠷᠢᠶᠠᠭᠰᠠᠨ | ᠡᠳ᠋ ᠬᠥᠷᠥᠩᠭᠡ ᠪᠠᠨ ᠤᠯᠤᠰ ᠤᠨ ᠲᠣᠭᠲᠠᠭᠠᠯ ᠶᠣᠰᠣᠭᠠᠷ ᠢᠯᠡ ᠪᠠᠷ ᠦᠨ᠎ᠡ ᠬᠠᠶᠠᠵᠤ ᠬᠤᠳᠠᠯᠳᠤᠬᠤ ᠪᠤᠶᠤ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠭᠡᠳ᠂ ᠣᠯᠣᠭᠰᠠᠨ ᠵᠣᠭᠤᠰ ᠢᠶᠠᠨ ᠪᠦᠬᠦᠨ ᠢ | ᠤᠯᠤᠰ ᠤᠨ ᠬᠥᠮᠥᠷᠭᠡ ᠳᠤ ᠲᠤᠰᠢᠶᠠᠬᠤ ᠬᠡᠷᠡᠭᠲᠡᠢ᠃ | ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠬᠦ ᠨᠡᠷ᠎ᠡ ᠪᠠᠷ᠂ ᠰᠢᠢᠳᠪᠦᠷᠢᠯᠡᠬᠦ ᠴᠢᠬᠤᠯᠠ ᠦᠭᠡᠢ ᠵᠠᠰᠠᠭ ᠵᠠᠬᠢᠷᠭᠠᠨ | ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠪᠤᠶᠤ ᠬᠤᠳᠠᠯ | ᠬᠠᠭᠤᠷᠮᠠᠭ ᠢᠶᠠᠷ ᠠᠷᠠᠯᠵᠢᠶᠠᠯᠠᠵᠤ᠂ ᠬᠡᠯᠪᠡᠷᠢ ᠶᠢ ᠨᠢ ᠥᠭᠡᠷᠡᠲᠦᠭᠦᠯᠦᠭᠡᠳ ᠡᠳ᠋ ᠤᠨ ᠵᠠᠰᠠᠭ ᠤᠨ ᠣᠷᠣᠯᠭ᠎ᠠ ᠪᠠᠨ | ᠬᠠᠭᠤᠷᠮᠠᠭ ᠢᠶᠠᠷ ᠨᠡᠮᠡᠭᠳᠡᠭᠦᠯᠬᠦ ᠶᠢ ᠴᠠᠭᠠᠵᠠᠯᠠᠨ᠎ᠠ᠃ | ᠭᠤᠷᠪᠠᠳᠤᠭᠠᠷ ᠪᠦᠯᠦᠭ ᠰᠠᠭᠤᠷᠢ ᠬᠠᠮᠢᠶᠠᠷᠤᠯᠲᠠ ᠬᠢᠭᠡᠳ ᠡᠳ᠋ ᠬᠥᠷᠥᠩᠭᠡ ᠶᠢᠨ ᠬᠡᠷᠡᠭᠯᠡᠯᠲᠡ | ᠬᠤᠷᠢᠨ ᠳᠥᠷᠪᠡᠳᠦᠭᠡᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠤᠯᠤᠰ ᠪᠠ | ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠬᠡ ᠲᠠᠩᠰᠠ ᠪᠠᠶᠢᠭᠤᠯᠵᠤ᠂ ᠤᠯᠤᠰ ᠤᠨ ᠨᠢᠭᠡᠳᠦᠯᠲᠡᠢ ᠨᠢᠭᠲᠠᠯᠠᠨ | ᠪᠤᠳᠤᠬᠤ ᠳᠦᠷᠢᠮ ᠶᠣᠰᠣᠭᠠᠷ ᠨᠢᠭᠲᠠᠯᠠᠨ ᠪᠤᠳᠤᠵᠤ ᠲᠣᠭᠠᠴᠠᠭ᠎ᠠ ᠬᠢᠬᠦ ᠬᠡᠷᠡᠭᠲᠡᠢ᠂ ᠪᠣᠶ ᠪᠦᠬᠦᠢ ᠬᠥᠷᠥᠩᠭᠡ ᠶᠢᠨ | ᠴᠢᠨᠠᠷᠲᠠᠢ ᠵᠠᠷᠤᠯᠭ᠎ᠠ ᠶᠢ ᠡᠳ᠋ ᠬᠥᠷᠥᠩᠭᠡ ᠪᠣᠯᠭᠠᠬᠤ ᠶᠢᠨ ᠬᠠᠮᠲᠤ ᠪᠥᠬᠦ ᠶᠠᠪᠤᠴᠠ ᠶᠢ ᠲᠡᠮᠳᠡᠭᠯᠡᠵᠦ᠂ ᠲᠠᠩᠰᠠᠨ ᠠᠴᠠ | ᠭᠠᠳᠠᠨᠠᠬᠢ ᠡᠳ᠋ ᠬᠥᠷᠥᠩᠭᠡ ᠪᠣᠯᠭᠠᠵᠤ ᠪᠣᠯᠬᠤ ᠦᠭᠡᠢ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠶᠢ ᠰᠢᠢᠳᠪᠦᠷᠢᠯᠡᠬᠦ ᠳᠤ ᠪᠠᠨ | ᠬᠠᠮᠢᠶ᠎ᠠ ᠪᠦᠬᠦᠢ ᠡᠳ᠋ ᠬᠥᠷᠥᠩᠭᠡ ᠶᠢᠨ ᠡᠬᠡ ᠲᠠᠩᠰᠠ ᠶᠢᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠬᠠᠷᠭᠤᠭᠤᠯᠤᠨ | ᠲᠠᠶᠢᠯᠬᠤ ᠶᠢᠨ ᠬᠠᠮᠲᠤ᠂ ᠨᠢᠭᠲᠠᠯᠠᠨ ᠪᠤᠳᠤᠵᠤ ᠰᠢᠢᠳᠪᠦᠷᠢᠯᠡᠬᠦ ᠬᠡᠷᠡᠭᠲᠡᠢ᠃ | ᠬᠤᠷᠢᠨ ᠲᠠᠪᠤᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠪᠦᠲᠦᠭᠡᠨ | ᠪᠠᠶᠢᠭᠤᠯᠬᠤ ᠠᠷᠭ᠎ᠠ ᠮᠠᠶ᠋ᠢᠭ ᠢ ᠬᠡᠷᠡᠭᠯᠡᠨ ᠡᠳ᠋ ᠬᠥᠷᠥᠩᠭᠡ ᠲᠣᠬᠢᠷᠠᠭᠤᠯᠬᠤ ᠳᠤ ᠪᠠᠨ᠂ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ | ᠡᠳ᠋ ᠬᠥᠷᠥᠩᠭᠡ ᠲᠤᠰᠢᠶᠠᠬᠤ ᠭᠠᠷᠳᠠᠮ ᠢ ᠴᠠᠭ ᠲᠤᠬᠠᠢ ᠳᠤ ᠨᠢ ᠭᠦᠢᠴᠡᠳᠬᠡᠬᠦ ᠶᠢᠨ ᠬᠠᠮᠲᠤ ᠲᠣᠭᠲᠠᠭᠰᠠᠨ | ᠬᠤᠭᠤᠴᠠᠭᠠᠨ ᠳᠤ ᠪᠠᠷᠢᠯᠭ᠎ᠠ ᠳᠠᠭᠤᠰᠤᠭᠰᠠᠨ ᠡᠳ᠋ ᠤᠨ ᠶᠠᠪᠤᠳᠠᠯ ᠤᠨ ᠲᠥᠰᠥᠪ ᠤᠨ ᠭᠦᠢᠴᠡᠳᠬᠡᠯ ᠢ ᠭᠦᠢᠴᠡᠳᠬᠡᠵᠦ᠂ | ᠴᠠᠭ ᠤᠨ ᠬᠢᠵᠠᠭᠠᠷ ᠢ ᠬᠠᠮᠤᠭ ᠤᠨ ᠤᠷᠲᠤ ᠳᠤ ᠪᠠᠨ 1 ᠵᠢᠯ ᠠᠴᠠ ᠬᠡᠲᠦᠷᠡᠭᠦᠯᠵᠦ ᠪᠣᠯᠬᠤ ᠦᠭᠡᠢ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠲᠤᠰᠢᠶᠠᠭᠰᠠᠨ ᠪᠣᠯᠪᠠᠴᠤ ᠪᠠᠷᠢᠯᠭ᠎ᠠ | ᠳᠠᠭᠤᠰᠬᠠᠭᠰᠠᠨ ᠡᠳ᠋ ᠤᠨ ᠶᠠᠪᠤᠳᠠᠯ ᠤᠨ ᠲᠥᠰᠥᠪ ᠤᠨ ᠭᠦᠢᠴᠡᠳᠬᠡᠯ ᠢ ᠬᠢᠭᠡᠳᠦᠢ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠳᠤ ᠤᠯᠤᠰ ᠤᠨ ᠨᠢᠭᠲᠠᠯᠠᠨ ᠪᠤᠳᠤᠬᠤ ᠨᠢᠭᠡᠳᠦᠯᠲᠡᠢ ᠳᠦᠷᠢᠮ ᠶᠣᠰᠣᠭᠠᠷ ᠡᠳ᠋ ᠬᠥᠷᠥᠩᠭᠡ ᠶᠢᠨ | ᠦᠷᠳᠡᠭ ᠢ ᠨᠤᠲᠠᠯᠠᠬᠤ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠷᠬᠡ ᠶᠢᠨ | ᠬᠠᠷᠢᠶᠠᠯᠠᠯ ᠢ ᠳᠠᠩᠰᠠᠯᠠᠭᠤᠯᠬᠤ ᠴᠢᠬᠤᠯᠠ ᠲᠠᠢ ᠡᠳ᠋ ᠬᠥᠷᠥᠩᠭᠡ ᠶᠢ ᠬᠠᠤᠯᠢ ᠶᠣᠰᠣᠭᠠᠷ ᠴᠠᠭ ᠲᠤᠬᠠᠢ ᠳᠤ ᠨᠢ | ᠭᠦᠢᠴᠡᠳᠬᠡᠬᠦ ᠬᠡᠷᠡᠭᠲᠡᠢ᠃ ᠳᠠᠩᠰᠠᠨ ᠳᠤ ᠲᠡᠮᠳᠡᠭᠯᠡᠭᠰᠡᠨ ᠴᠦ ᠡᠷᠬᠡ ᠶᠢᠨ ᠦᠨᠡᠮᠯᠡᠯ ᠤᠨ ᠭᠠᠷᠳᠠᠮ ᠨᠢ ᠪᠦᠷᠢᠨ ᠪᠤᠰᠤ | ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠣᠰ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠡᠳ᠋ | ᠬᠥᠷᠥᠩᠭᠡ ᠶᠢᠨ ᠡᠷᠬᠡ ᠶᠢᠨ ᠬᠠᠷᠢᠶᠠᠯᠠᠯ ᠢ ᠨᠢ ᠨᠤᠲᠠᠯᠠᠭᠤᠯᠬᠤ ᠭᠤᠶᠤᠴᠢᠯᠠᠯ ᠭᠠᠷᠭᠠᠵᠤ᠂ ᠡᠷᠬᠡ ᠶᠢᠨ ᠬᠠᠷᠢᠶᠠᠯᠠᠯ ᠢ | ᠳᠠᠩᠰᠠᠯᠠᠭᠤᠯᠬᠤ ᠠᠵᠢᠯ ᠢ ᠴᠠᠭ ᠲᠤᠬᠠᠢ ᠳᠤ ᠨᠢ ᠭᠦᠢᠴᠡᠳᠬᠡᠬᠦ ᠬᠡᠷᠡᠭᠲᠡᠢ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠬᠤᠭᠤᠷᠣᠨᠳᠤ᠂ ᠡᠯ᠎ᠡ ᠰᠠᠯᠠᠭ᠎ᠠ ᠮᠥᠴᠢᠷ ᠵᠢᠴᠢ | ᠲᠡᠭᠦᠨ ᠤ ᠬᠠᠷᠢᠶ᠎ᠠ ᠨᠢᠭᠡᠴᠢ ᠨᠢ ᠪᠤᠰᠤᠳ ᠨᠢᠭᠡᠴᠢ ᠪᠠ ᠬᠤᠪᠢ ᠬᠥᠮᠥᠨ ᠯᠦᠭᠡ ᠡᠳ᠋ ᠬᠥᠷᠥᠩᠭᠡ ᠶᠢᠨ ᠵᠢᠭᠤᠷᠠᠯᠳᠤᠭᠠᠨ | ᠡᠭᠦᠰᠪᠡᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠵᠥᠪᠳᠡᠯᠴᠡᠬᠦ | ᠵᠡᠷᠭᠡ ᠠᠷᠭ᠎ᠠ ᠪᠠᠷ ᠰᠢᠢᠳᠪᠦᠷᠢᠯᠡᠬᠦ ᠬᠡᠷᠡᠭᠲᠡᠢ᠃ | ᠬᠤᠷᠢᠨ ᠳᠣᠯᠣᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠵᠠᠰᠠᠭ ᠵᠠᠬᠢᠷᠭᠠᠨ | ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠤᠬᠢᠷᠠᠯ ᠤᠨ ᠬᠠᠷᠢᠭᠤᠴᠠᠯᠭ᠎ᠠ | ᠨᠡᠬᠡᠮᠵᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠣᠬᠢᠴᠠᠩᠭᠤᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠲᠣᠭᠲᠠᠮᠠᠯ | ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠡᠳ᠋ ᠬᠥᠷᠥᠩᠭᠡ ᠪᠠᠨ ᠲᠣᠭᠠᠯᠠᠨ ᠪᠦᠷᠢᠳᠬᠡᠵᠦ᠂ | ᠲᠡᠩᠰᠠ ᠬᠠᠷᠭᠤᠭᠤᠯᠬᠤ ᠬᠡᠷᠡᠭᠲᠡᠢ᠃ ᠡᠳ᠋ ᠬᠥᠷᠥᠩᠭᠡ ᠶᠢᠨ ᠪᠦᠷᠢᠳᠬᠡᠯ ᠤᠨ ᠣᠯᠵᠠᠪᠤᠷᠢ ᠪᠠ ᠠᠯᠳᠠᠭᠳᠠᠯ ᠭᠠᠷᠤᠭᠰᠠᠨ | ᠪᠣᠯ᠂ ᠡᠳ᠋ ᠤᠨ ᠶᠠᠪᠤᠳᠠᠯ᠂ ᠨᠢᠭᠲᠠᠯᠠᠨ ᠪᠣᠳᠣᠬᠤ ᠪᠠ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠳᠠᠩᠰᠠ ᠪᠣᠯᠣᠨ ᠪᠣᠳᠠᠲᠠᠢ ᠨᠢ ᠬᠠᠷᠢᠯᠴᠠᠨ ᠨᠡᠶᠢᠴᠡᠬᠦ | ᠪᠠ ᠳᠠᠩᠰᠠ ᠪᠣᠯᠣᠨ ᠳᠠᠩᠰᠠ ᠨᠢ ᠬᠠᠷᠢᠯᠴᠠᠨ ᠨᠡᠶᠢᠴᠡᠭᠰᠡᠨ ᠪᠠᠶᠢᠬᠤ ᠬᠡᠷᠡᠭᠲᠡᠢ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠵᠢᠯ ᠪᠦᠷᠢ ᠣᠨ ᠤ ᠡᠳ᠋ ᠬᠥᠷᠥᠩᠭᠡ ᠪᠠᠨ | ᠲᠣᠭᠠᠯᠠᠨ ᠪᠦᠷᠢᠳᠬᠡᠬᠦ ᠠᠵᠢᠯ ᠲᠠᠢ ᠪᠠᠨ ᠤᠶᠠᠯᠳᠤᠭᠤᠯᠵᠤ ᠲᠤᠰᠬᠠᠶᠢᠯᠠᠨ ᠢᠯᠭᠠᠷᠠᠭᠤᠯᠤᠨ ᠳᠢᠭᠯᠡᠵᠦ᠂ ᠡᠳ᠋ | ᠬᠥᠷᠥᠩᠭᠡ ᠬᠡᠷᠡᠭᠯᠡᠭᠰᠡᠨ ᠪᠠᠶᠢᠳᠠᠯ ᠢ ᠡᠮᠬᠢᠯᠡᠨ ᠳᠢᠭᠯᠡᠵᠦ᠂ ᠦᠷ᠎ᠡ ᠠᠰᠢᠭ ᠪᠠᠷᠤᠭᠲᠠᠢ ᠪᠠᠷ ᠠᠵᠢᠯᠯᠠᠭᠤᠯᠵᠤ ᠪᠠᠶᠢᠭ᠎ᠠ᠂ | ᠰᠤᠯᠠ ᠲᠠᠯᠪᠢᠭᠳᠠᠵᠤ ᠪᠠᠶᠢᠭ᠎ᠠ ᠭᠡᠷ ᠪᠠᠶᠢᠰᠢᠩ᠂ ᠭᠠᠵᠠᠷ ᠰᠢᠷᠣᠢ᠂ ᠲᠡᠷᠭᠡ ᠬᠥᠰᠬᠡ᠂ ᠠᠯᠪᠠᠯᠠᠬᠤ ᠲᠥᠬᠦᠭᠡᠷᠦᠮᠵᠢ | ᠭᠡᠷ ᠤᠨ ᠬᠡᠷᠡᠭᠰᠡᠯ᠂ ᠲᠣᠮᠣ ᠬᠡᠯᠪᠡᠷᠢ ᠶᠢᠨ ᠬᠡᠮᠵᠢᠭᠦᠷᠯᠢᠭ᠂ ᠵᠥᠭᠡᠯᠡᠨ ᠲᠣᠨᠤᠭ ᠵᠡᠷᠭᠡ ᠡᠳ᠋ ᠬᠥᠷᠥᠩᠭᠡ ᠶᠢ ᠴᠢᠯᠦᠭᠡᠲᠡᠢ | ᠭᠦᠢᠯᠭᠡᠭᠡᠬᠦ ᠬᠡᠪᠴᠢᠶᠡᠨ ᠳᠤ ᠪᠠᠨ ᠣᠷᠣᠭᠤᠯᠤᠨ᠂ ᠥᠪᠡᠰᠦᠪᠡᠨ ᠬᠡᠷᠡᠭᠯᠡᠬᠦ᠂ ᠬᠠᠮᠲᠤ ᠪᠠᠷ ᠭᠥᠷᠳᠡᠬᠦ᠂ ᠲᠣᠬᠢᠷᠠᠭᠤᠯᠤᠨ | ᠵᠣᠬᠢᠴᠠᠭᠤᠯᠬᠤ᠂ ᠲᠦᠷᠢᠶᠡᠰᠦᠯᠡᠭᠦᠯᠬᠦ᠂ ᠰᠢᠢᠳᠪᠦᠷᠢᠯᠡᠬᠦ ᠵᠡᠷᠭᠡ ᠣᠯᠠᠨ ᠵᠦᠢᠯ ᠤᠨ ᠠᠷᠭ᠎ᠠ ᠪᠠᠷ ᠡᠳ᠋ ᠬᠥᠷᠥᠩᠭᠡ ᠶᠢ | ᠴᠢᠯᠦᠭᠡᠲᠡᠢ ᠭᠦᠢᠯᠭᠡᠭᠡᠬᠦ ᠶᠢ ᠠᠬᠢᠭᠤᠯᠵᠤ᠂ ᠡᠳ᠋ ᠬᠥᠷᠥᠩᠭᠡ ᠶᠢ ᠠᠰᠢᠭᠯᠠᠬᠤ ᠦᠢᠯᠡᠳᠦᠯ ᠢ ᠪᠠᠳᠠᠷᠠᠭᠤᠯᠤᠨ᠎ᠠ᠃ | ᠬᠤᠷᠢ ᠶᠢᠰᠦᠳᠦᠭᠡᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠶᠢ | ᠴᠢᠯᠦᠭᠡᠲᠡᠢ ᠭᠦᠢᠯᠭᠡᠭᠡᠬᠦ ᠡᠯ᠎ᠡ ᠵᠦᠢᠯ ᠤᠨ ᠠᠷᠭ᠎ᠠ ᠶᠢ ᠠᠰᠢᠭᠯᠠᠨ᠂ ᠲᠤᠰ ᠨᠢᠭᠡᠴᠢ ᠶᠢᠨ ᠢᠶᠠᠨ ᠬᠡᠪᠴᠢᠶᠡᠨ ᠳᠤ | ᠴᠢᠯᠦᠭᠡᠲᠡᠢ ᠭᠦᠢᠯᠭᠡᠭᠡᠵᠦ ᠳᠡᠶᠢᠯᠬᠦ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠨ ᠠᠰᠢᠭᠯᠠᠬᠤ ᠪᠠᠨ ᠲᠦᠷᠭᠡᠳᠬᠡᠬᠦ | ᠬᠡᠷᠡᠭᠲᠡᠢ︔ ᠲᠤᠰ ᠨᠢᠭᠡᠴᠢ ᠳᠤ ᠪᠠᠨ ᠴᠢᠯᠦᠭᠡᠲᠡᠢ ᠭᠦᠢᠯᠭᠡᠭᠡᠬᠦ ᠶᠢᠨ ᠠᠷᠭ᠎ᠠ ᠦᠭᠡᠢ ᠡᠳ᠋ ᠬᠥᠷᠥᠩᠭᠡ ᠳᠤ᠂ | ᠴᠢᠯᠦᠭᠡᠲᠡᠢ ᠭᠦᠢᠯᠭᠡᠭᠡᠬᠦ ᠪᠠᠷ ᠪᠠᠶᠢᠭ᠎ᠠ ᠡᠳ᠋ ᠬᠥᠷᠥᠩᠭᠡ ᠶᠢᠨ ᠮᠡᠳᠡᠭᠡ ᠵᠠᠩᠭᠢ ᠪᠠᠨ ᠲᠤᠰ ᠨᠢᠭᠡᠴᠢ ᠶᠢᠨ ᠢᠶᠠᠨ ᠳᠡᠭᠡᠳᠦ | ᠱᠠᠲᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ | ᠡᠯ᠎ᠡ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠨ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠬᠦ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠬᠠᠷᠢᠶ᠎ᠠ ᠨᠢᠭᠡᠴᠢ ᠨᠦᠭᠦᠳ ᠢᠶᠠᠨ ᠵᠢᠭᠠᠨ ᠵᠢᠯᠤᠭᠤᠳᠴᠤ ᠪᠠᠶᠢᠭᠠᠳ ᠡᠳ᠋ | ᠬᠥᠷᠥᠩᠭᠡ ᠶᠢ ᠲᠣᠬᠢᠷᠠᠭᠤᠯᠤᠨ ᠵᠣᠬᠢᠴᠠᠭᠤᠯᠬᠤ ᠵᠡᠷᠭᠡ ᠠᠷᠭ᠎ᠠ ᠪᠠᠷ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠵᠦ᠂ | ᠡᠳ᠋ ᠬᠥᠷᠥᠩᠭᠡ ᠶᠢ ᠲᠣᠰ ᠰᠠᠯᠠᠭ᠎ᠠ ᠮᠥᠴᠢᠷ ᠤᠨ ᠬᠠᠷᠢᠶ᠎ᠠ ᠨᠢᠭᠡᠴᠢ ᠨᠦᠭᠦᠳ ᠤᠨ ᠬᠤᠭᠤᠷᠣᠨᠳᠤ ᠴᠢᠯᠦᠭᠡᠲᠡᠢ | ᠭᠦᠢᠯᠭᠡᠭᠡᠵᠦ ᠠᠰᠢᠭᠯᠠᠬᠤ ᠶᠢ ᠠᠬᠢᠭᠤᠯᠤᠨ᠎ᠠ︔ ᠲᠣᠰ ᠰᠠᠯᠠᠭ᠎ᠠ ᠮᠥᠴᠢᠷ ᠤᠨ ᠴᠢᠯᠦᠭᠡᠲᠡᠢ ᠭᠦᠢᠯᠭᠡᠭᠡᠵᠦ ᠳᠡᠶᠢᠯᠬᠦ | ᠦᠭᠡᠢ ᠡᠳ᠋ ᠬᠥᠷᠥᠩᠭᠡ ᠳᠤ᠂ ᠡᠳ᠋ ᠬᠥᠷᠥᠩᠭᠡ ᠶᠢᠨ ᠮᠡᠳᠡᠭᠡ ᠵᠠᠩᠭᠢ ᠶᠢ ᠠᠳᠠᠯᠢ ᠱᠠᠲᠤᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠲᠤᠰᠬᠠᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠪᠠᠨ | ᠴᠢᠩᠭᠠᠳᠬᠠᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠴᠢᠯᠦᠭᠡᠲᠡᠢ ᠭᠦᠢᠯᠭᠡᠭᠡᠬᠦ ᠪᠠᠷ ᠪᠠᠶᠢᠭ᠎ᠠ ᠡᠳ᠋ | ᠬᠥᠷᠥᠩᠭᠡ ᠶᠢᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ᠂ ᠮᠡᠳᠡᠭᠡ ᠵᠠᠩᠭᠢ ᠨᠡᠶᠢᠲᠡᠯᠡᠬᠦ ᠲᠣᠭᠲᠠᠴᠠ ᠶᠢ ᠪᠠᠨ | ᠪᠠᠶᠢᠭᠤᠯᠤᠨ ᠪᠦᠷᠢᠨᠰᠢᠭᠦᠯᠵᠦ᠂ ᠴᠢᠯᠦᠭᠡᠲᠡᠢ ᠭᠦᠢᠯᠭᠡᠭᠡᠬᠦ ᠪᠠᠷ ᠪᠠᠶᠢᠭ᠎ᠠ ᠡᠳ᠋ ᠬᠥᠷᠥᠩᠭᠡ ᠶᠢ ᠰᠤᠯᠠ ᠲᠠᠯᠪᠢᠭᠳᠠᠵᠤ | ᠪᠠᠶᠢᠭ᠎ᠠ ᠠᠴᠠ ᠨᠢ ᠬᠡᠷᠡᠭᠯᠡᠭᠳᠡᠵᠦ ᠪᠠᠶᠢᠭ᠎ᠠ ᠲᠡᠶᠢᠰᠢ ᠬᠤᠪᠢᠷᠠᠭᠤᠯᠬᠤ ᠶᠢ ᠠᠬᠢᠭᠤᠯᠤᠨ᠂ ᠰᠠᠯᠠᠭ᠎ᠠ ᠮᠥᠴᠢᠷ ᠤᠳ ᠤᠨ | ᠬᠤᠭᠤᠷᠣᠨᠳᠣᠬᠢ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠬᠦ ᠵᠠᠮ ᠢ ᠨᠡᠪᠲᠡᠷᠡᠭᠦᠯᠬᠦ ᠬᠡᠷᠡᠭᠲᠡᠢ᠃ | ᠭᠤᠴᠢᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠲᠣᠰ ᠨᠢᠭᠡᠴᠢ ᠶᠢᠨ ᠢᠶᠠᠨ | ᠭᠦᠢᠯᠭᠡᠭᠡᠨ ᠤ ᠡᠳ᠋ ᠬᠥᠷᠥᠩᠭᠡ᠂ ᠲᠣᠭᠲᠠᠮᠠᠯ ᠡᠳ᠋ ᠬᠥᠷᠥᠩᠭᠡ᠂ ᠪᠠᠶᠢᠭᠤᠯᠵᠤ ᠪᠠᠶᠢᠭ᠎ᠠ ᠪᠠᠷᠢᠯᠭ᠎ᠠ᠂ ᠪᠡᠶᠡᠲᠦ ᠪᠤᠰᠤ | ᠡᠳ᠋ ᠬᠥᠷᠥᠩᠭᠡ ᠵᠡᠷᠭᠡ ᠡᠯ᠎ᠡ ᠲᠥᠷᠥᠯ ᠤᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠲᠣᠳᠣᠷᠬᠠᠶᠢᠯᠠᠨ᠂ ᠬᠡᠷᠡᠭᠯᠡᠬᠦ ᠴᠤᠪᠤᠷᠠᠯ ᠢ ᠵᠢᠷᠤᠮᠵᠢᠭᠤᠯᠵᠤ᠂ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ | ᠴᠢᠩᠭᠠᠳᠬᠠᠨ᠂ ᠬᠠᠮᠢᠶ᠎ᠠ ᠪᠦᠬᠦᠢ ᠡᠳ᠋ ᠬᠥᠷᠥᠩᠭᠡ ᠶᠢ ᠠᠮᠤᠷ ᠲᠦᠪᠰᠢᠨ ᠪᠦᠲᠦᠮᠵᠢᠲᠡᠶ ᠬᠡᠷᠡᠭᠯᠡᠬᠦ ᠶᠢ ᠠᠬᠢᠭᠤᠯᠬᠤ | ᠬᠡᠷᠡᠭᠲᠡᠢ᠃ | ᠭᠤᠴᠢᠨ ᠨᠢᠭᠡᠳᠦᠭᠡᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠶᠢ | ᠬᠡᠷᠡᠭᠯᠡᠵᠦ ᠬᠠᠮᠢᠶᠠᠷᠬᠤ ᠬᠠᠷᠢᠭᠤᠴᠠᠯᠭ᠎ᠠ ᠶᠢ ᠬᠤᠪᠢ ᠬᠥᠮᠥᠨ ᠳᠤ ᠬᠦᠷᠲᠡᠯ᠎ᠡ ᠳᠠᠭᠠᠯᠭᠠᠨ ᠨᠠᠶᠢᠳᠠᠪᠤᠷᠢᠵᠢᠭᠤᠯᠵᠤ᠂ | ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠡᠷᠡᠭᠯᠡᠭᠴᠢ ᠪᠠ | ᠬᠠᠮᠢᠶᠠᠷᠤᠭᠴᠢ ᠶᠢᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠡᠳ᠋ ᠬᠥᠷᠥᠩᠭᠡ ᠶᠢᠨ ᠠᠮᠤᠷ | ᠲᠦᠪᠰᠢᠨ ᠪᠥᠭᠡᠳ ᠪᠦᠷᠢᠨ ᠪᠦᠲᠦᠨ᠂ ᠥᠨᠳᠥᠷ ᠪᠦᠲᠦᠮᠵᠢᠲᠡᠶ ᠠᠰᠢᠭᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠡᠳ᠋ ᠬᠥᠷᠥᠩᠭᠡ ᠶᠢ ᠬᠡᠷᠡᠭᠯᠡᠭᠴᠢ᠂ ᠬᠠᠮᠢᠶᠠᠷᠤᠭᠴᠢ ᠨᠢ ᠳᠦᠷᠢᠮ ᠵᠢᠷᠤᠮ ᠤᠨ ᠶᠣᠰᠣᠭᠠᠷ ᠡᠳ᠋ ᠬᠥᠷᠥᠩᠭᠡ ᠶᠢ | ᠵᠦᠢ ᠵᠣᠬᠢᠰᠲᠠᠢ ᠬᠡᠷᠡᠭᠯᠡᠬᠦ ᠪᠠ ᠬᠠᠮᠢᠶᠠᠷᠴᠤ᠂ ᠡᠳ᠋ ᠬᠥᠷᠥᠩᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ | ᠬᠡᠷᠡᠭᠲᠡᠢ᠃ ᠡᠳ᠋ ᠬᠥᠷᠥᠩᠭᠡ ᠶᠢ ᠵᠠᠰᠠᠬᠤ᠂ ᠠᠷᠠᠴᠢᠯᠠᠬᠤ᠂ ᠲᠣᠬᠢᠷᠠᠭᠤᠯᠤᠨ ᠵᠣᠬᠢᠴᠠᠭᠤᠯᠬᠤ᠂ ᠰᠢᠨᠡᠳᠬᠡᠬᠦ᠂ | ᠬᠡᠷᠡᠭᠯᠡᠭᠡᠨ ᠠᠴᠠ ᠭᠠᠷᠭᠠᠬᠤ ᠴᠢᠬᠤᠯᠠ ᠲᠠᠢ ᠪᠣᠯ᠂ ᠡᠳ᠋ ᠬᠥᠷᠥᠩᠭᠡ ᠬᠡᠷᠡᠭᠯᠡᠭᠴᠢ᠂ ᠬᠠᠮᠢᠶᠠᠷᠤᠭᠴᠢ ᠠᠴᠠ ᠴᠠᠭ | ᠲᠤᠬᠠᠢ ᠳᠤ ᠨᠢ ᠳᠤᠷᠠᠳᠴᠤ ᠭᠠᠷᠭᠠᠬᠤ ᠬᠡᠷᠡᠭᠲᠡᠢ᠃ | ᠡᠳ᠋ ᠬᠥᠷᠥᠩᠭᠡ ᠬᠡᠷᠡᠭᠯᠡᠭᠴᠢ᠂ ᠬᠠᠮᠢᠶᠠᠷᠤᠭᠴᠢ ᠨᠢ ᠰᠣᠯᠢᠭᠳᠠᠭᠰᠠᠨ ᠪᠠᠶᠢᠪᠠᠯ᠂ ᠡᠳ᠋ ᠬᠥᠷᠥᠩᠭᠡ ᠲᠤᠰᠢᠶᠠᠬᠤ ᠪᠠ | ᠬᠦᠯᠢᠶᠡᠨ ᠠᠪᠬᠤ ᠭᠠᠷᠳᠠᠮ ᠢ ᠴᠠᠭ ᠲᠤᠬᠠᠢ ᠳᠤ ᠨᠢ ᠭᠦᠢᠴᠡᠳᠬᠡᠬᠦ ᠬᠡᠷᠡᠭᠲᠡᠢ᠃ | ᠭᠤᠴᠢᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ | ᠲᠣᠰ ᠨᠢᠭᠡᠴᠢ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠬᠦ ᠬᠡᠷᠡᠭᠴᠡᠭᠡ ᠳᠤ ᠬᠡᠷᠡᠭᠯᠡᠬᠦ ᠬᠡᠷᠡᠭᠲᠡᠢ᠃ | ᠵᠠᠰᠠᠭ ᠵᠠᠬᠢᠷᠭᠠᠨ ᠤ ᠨᠢᠭᠡᠴᠢ ᠨᠢ ᠶᠠᠮᠠᠷᠪᠠ ᠬᠡᠯᠪᠡᠷᠢ ᠪᠠᠷ ᠤᠯᠤᠰ ᠤᠨ ᠥᠮᠴᠢᠯᠡᠯᠲᠦ ᠡᠳ᠋ ᠬᠥᠷᠥᠩᠭᠡ ᠶᠢ | ᠭᠠᠳᠠᠭᠰᠢ ᠪᠠᠨ ᠪᠡᠯᠡ ᠣᠷᠣᠭᠤᠯᠬᠤ ᠪᠤᠶᠤ ᠠᠰᠢᠭ ᠣᠯᠵᠠᠪᠤᠷᠢ ᠶᠢᠨ ᠴᠢᠨᠠᠷᠲᠠᠢ ᠵᠣᠬᠢᠶᠠᠨ ᠪᠠᠶᠢᠭᠤᠯᠤᠯᠲᠠ | ᠪᠠᠶᠢᠭᠤᠯᠬᠤ ᠳᠤ ᠬᠡᠷᠡᠭᠯᠡᠵᠦ ᠪᠣᠯᠬᠤ ᠦᠭᠡᠢ᠃ ᠬᠠᠤᠯᠢ ᠴᠠᠭᠠᠵᠠ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ | ᠬᠦ ᠲᠣᠭᠲᠠᠭᠠᠯ ᠢ ᠵᠢᠷᠤᠮᠯᠠᠨ᠎ᠠ᠃ | ᠭᠤᠴᠢᠨ ᠭᠤᠷᠪᠠᠳᠤᠭᠠᠷ ᠵᠦᠢᠯ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ | ᠬᠥᠷᠥᠩᠭᠡ ᠶᠢ ᠠᠵᠢᠯ ᠦᠢᠯᠡᠰ ᠤᠨ ᠬᠥᠭᠵᠢᠯᠲᠡ ᠶᠢ ᠪᠠᠲᠤᠯᠠᠬᠤ᠂ ᠤᠯᠠᠨ ᠨᠡᠶᠢᠲᠡ ᠶᠢᠨ ᠦᠢᠯᠡᠴᠢᠯᠡᠭᠡ | ᠬᠠᠩᠭᠠᠬᠤ ᠳᠤ ᠬᠡᠷᠡᠭᠯᠡᠬᠦ ᠬᠡᠷᠡᠭᠲᠡᠢ᠃ | ᠠᠵᠢᠯ ᠦᠢᠯᠡᠰ ᠤᠨ ᠨᠢᠭᠡᠴᠢ ᠨᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠠᠰᠢᠭᠯᠠᠨ ᠭᠠᠳᠠᠭᠰᠢ ᠪᠠᠨ | ᠪᠡᠯᠡ ᠣᠷᠣᠭᠤᠯᠬᠤ ᠳᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠲᠠᠢ ᠨᠡᠶᠢᠴᠡᠬᠦ ᠪᠥᠭᠡᠳ ᠠᠵᠢᠯ ᠦᠢᠯᠡᠰ ᠤᠨ | ᠬᠥᠭᠵᠢᠯᠲᠡ ᠪᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ | ᠨᠡᠮᠡᠭᠳᠡᠭᠦᠯᠬᠦ ᠳᠤ ᠠᠰᠢᠭᠲᠠᠢ ᠪᠠᠶᠢᠬᠤ ᠶᠢᠨ ᠬᠠᠮᠲᠤ᠂ ᠪᠣᠯᠣᠮᠵᠢᠲᠤ ᠰᠤᠳᠤᠯᠤᠯ ᠪᠠ ᠬᠠᠮᠲᠤ ᠪᠠᠷ ᠰᠢᠢᠳᠪᠦᠷᠢᠲᠦ | ᠪᠣᠳᠣᠯᠭ᠎ᠠ ᠲᠣᠭᠲᠠᠭᠠᠬᠤ ᠪᠠᠷ ᠳᠠᠮᠵᠢᠭᠤᠯᠵᠤ᠂ ᠲᠣᠭᠲᠠᠭᠰᠠᠨ ᠡᠷᠬᠡ ᠮᠡᠳᠡᠯ ᠪᠠ ᠳᠡᠰ ᠳᠠᠷᠠᠭᠠᠯᠠᠯ ᠤᠨ ᠶᠣᠰᠣᠭᠠᠷ | ᠶᠠᠪᠤᠭᠳᠠᠭᠤᠯᠬᠤ ᠬᠡᠷᠡᠭᠲᠡᠢ᠃ | ᠠᠵᠢᠯ ᠦᠢᠯᠡᠰ ᠤᠨ ᠨᠢᠭᠡᠴᠢ ᠨᠢ ᠭᠠᠳᠠᠭᠰᠢ ᠪᠠᠨ ᠪᠡᠯᠡ ᠣᠷᠣᠭᠤᠯᠵᠤ ᠪᠣᠶ ᠪᠣᠯᠤᠭᠰᠠᠨ ᠰᠲ᠋ᠣᠺ ᠤᠨ ᠡᠷᠬᠡ ᠵᠢᠴᠢ | ᠬᠠᠮᠢᠶ᠎ᠠ ᠪᠦᠬᠦᠢ ᠡᠷᠬᠡ ᠠᠰᠢᠭ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠣᠭᠲᠠᠭᠠᠯ | ᠶᠣᠰᠣᠭᠠᠷ ᠭᠠᠳᠠᠭᠰᠢ ᠪᠠᠨ ᠪᠡᠯᠡ ᠣᠷᠣᠭᠤᠯᠵᠤ ᠪᠣᠶ ᠪᠣᠯᠤᠭᠰᠠᠨ ᠰᠲ᠋ᠣᠺ ᠤᠨ ᠡᠷᠬᠡ ᠪᠠᠨ ᠡᠵᠡᠩᠨᠡᠯᠲᠡ ᠶᠢᠨ ᠴᠢᠨᠠᠷᠲᠠᠢ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠲᠥᠪᠯᠡᠷᠡᠭᠦᠯᠦᠨ ᠨᠢᠭᠡᠳᠦᠯᠲᠡᠢ ᠬᠢᠨᠠᠨ ᠬᠠᠮᠢᠶᠠᠷᠬᠤ | ᠲᠣᠭᠲᠠᠯᠴᠠᠭ᠎ᠠ ᠳᠤ ᠣᠷᠣᠭᠤᠯᠬᠤ ᠬᠡᠷᠡᠭᠲᠡᠢ᠃ | ᠭᠤᠴᠢᠨ ᠳᠥᠷᠪᠡᠳᠦᠭᠡᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ | ᠬᠥᠷᠥᠩᠭᠡ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠬᠠᠮᠢᠶᠠᠷᠤᠯᠲᠠ ᠪᠠᠨ ᠴᠢᠩᠭᠠᠳᠬᠠᠵᠤ᠂ | ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠵᠢᠷᠤᠮᠵᠢᠭᠤᠯᠤᠭᠰᠠᠨ ᠰᠠᠭᠤᠷᠢᠨ ᠳᠡᠭᠡᠷ᠎ᠡ᠂ ᠡᠳ᠋ ᠬᠥᠷᠥᠩᠭᠡ | ᠲᠦᠷᠢᠶᠡᠰᠦᠯᠡᠭᠦᠯᠬᠦ᠂ ᠰᠢᠢᠳᠪᠦᠷᠢᠯᠡᠬᠦ ᠵᠦᠢᠯᠡᠰ ᠢ ᠲᠦᠷᠭᠡᠳᠬᠡᠨ ᠭᠦᠢᠴᠡᠳᠬᠡᠬᠦ ᠬᠡᠷᠡᠭᠲᠡᠢ᠃ | ᠭᠤᠴᠢᠨ ᠲᠠᠪᠤᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠲᠣᠬᠢᠷᠠᠭᠤᠯᠤᠨ | ᠠᠰᠢᠭᠯᠠᠬᠤ ᠳᠤ ᠪᠡᠷᠬᠡᠲᠡᠢ ᠠᠯᠪᠠᠨ ᠬᠡᠷᠡᠭᠯᠡᠭᠡᠨ ᠤ ᠭᠡᠷ ᠪᠠᠶᠢᠰᠢᠩ᠂ ᠬᠡᠮᠵᠢᠭᠦᠷᠯᠢᠭ ᠲᠥᠬᠦᠭᠡᠷᠦᠮᠵᠢ ᠵᠡᠷᠭᠡ ᠡᠳ᠋ | ᠬᠥᠷᠥᠩᠭᠡ ᠶᠢ ᠲᠣᠭᠲᠠᠭᠰᠠᠨ ᠡᠷᠬᠡ ᠮᠡᠳᠡᠯ ᠤᠨ ᠬᠡᠪᠴᠢᠶᠡᠨ ᠳᠤ ᠬᠢᠨᠠᠨ ᠵᠥᠪᠰᠢᠶᠡᠷᠡᠭᠦᠯᠦᠭᠰᠡᠨ ᠤ ᠲᠠᠷᠠᠭ᠎ᠠ ᠭᠠᠳᠠᠭᠰᠢ | ᠲᠦᠷᠢᠶᠡᠰᠦᠯᠡᠭᠦᠯᠬᠦ ᠪᠤᠶᠤ ᠰᠢᠢᠳᠪᠦᠷᠢᠯᠡᠵᠦ ᠪᠣᠯᠣᠨ᠎ᠠ᠃ ᠤᠯᠤᠰ ᠲᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ | ᠬᠦ ᠲᠣᠭᠲᠠᠭᠠᠯ ᠢ ᠵᠢᠷᠤᠮᠯᠠᠨ᠎ᠠ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ | ᠲᠦᠷᠢᠶᠡᠰᠦᠯᠡᠭᠦᠯᠬᠦ᠂ ᠰᠢᠢᠳᠪᠦᠷᠢᠯᠡᠬᠦ ᠳᠤ ᠪᠠᠨ ᠢᠯᠡ ᠲᠣᠳᠣ᠂ ᠲᠥᠪ ᠭᠤᠣᠯᠴᠢ᠂ ᠡᠷᠬᠡ ᠲᠡᠭᠰᠢ ᠪᠠᠶᠢᠬᠤ ᠪᠠ | ᠥᠷᠢᠰᠦᠯᠳᠦᠭᠦᠯᠦᠨ ᠰᠢᠯᠢᠳᠡᠭ ᠢ ᠨᠢ ᠰᠣᠩᠭᠤᠬᠤ ᠵᠠᠷᠴᠢᠮ ᠢ ᠵᠢᠷᠤᠮᠯᠠᠬᠤ ᠬᠡᠷᠡᠭᠲᠡᠢ᠃ | ᠭᠤᠴᠢᠨ ᠵᠢᠷᠭᠤᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠪᠡᠯᠡᠭᠯᠡᠨ | ᠬᠦᠷᠭᠡᠭᠰᠡᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ᠂ | ᠪᠡᠯᠡᠭᠯᠡᠨ ᠬᠦᠷᠭᠡᠬᠦ ᠳᠤ ᠪᠣᠯᠵᠣᠨ ᠲᠣᠭᠲᠠᠭᠰᠠᠨ ᠬᠡᠷᠡᠭᠴᠡᠭᠡ ᠶᠣᠰᠣᠭᠠᠷ ᠬᠡᠷᠡᠭᠯᠡᠬᠦ ᠬᠡᠷᠡᠭᠲᠡᠢ᠃ | ᠪᠡᠯᠡᠭᠯᠡᠨ ᠬᠦᠷᠭᠡᠭᠴᠢ ᠶᠢᠨ ᠬᠦᠰᠡᠯ ᠪᠤᠳᠤᠯ ᠨᠢ ᠲᠣᠳᠣ ᠦᠭᠡᠢ ᠪᠤᠶᠤ ᠬᠡᠷᠡᠭᠴᠡᠭᠡ ᠶᠢ ᠪᠣᠯᠵᠣᠨ ᠲᠣᠭᠲᠠᠭᠰᠠᠨ | ᠦᠭᠡᠢ ᠪᠣᠯ᠂ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠬᠡᠷᠡᠭᠯᠡᠬᠦ ᠬᠡᠷᠡᠭᠲᠡᠢ᠃ | ᠭᠤᠴᠢᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠠᠵᠢᠯ ᠦᠢᠯᠡᠰ ᠤᠨ | ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠷᠭ᠎ᠠ ᠬᠡᠮᠵᠢᠶ᠎ᠡ ᠠᠪᠴᠤ ᠪᠠᠶᠢᠭᠠᠳ ᠤᠯᠤᠰ ᠤᠨ ᠥᠮᠴᠢᠯᠡᠯᠲᠦ ᠡᠳ᠋ | ᠬᠥᠷᠥᠩᠭᠡ ᠶᠢ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠶᠢ ᠬᠥᠲᠥᠯᠥᠨ ᠵᠢᠯᠤᠭᠤᠳᠬᠤ ᠪᠠ ᠵᠣᠷᠢᠭᠵᠢᠭᠤᠯᠬᠤ | ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ ᠪᠠ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ | ᠪᠡᠶ᠎ᠡ ᠶᠢᠨ ᠲᠠᠮᠢᠷ ᠵᠡᠷᠭᠡ ᠰᠠᠯᠠᠭ᠎ᠠ ᠮᠥᠴᠢᠷ ᠨᠢ ᠲᠣᠰ ᠠᠵᠢᠯ ᠲᠥᠷᠥᠯ ᠤᠨ ᠢᠶᠠᠨ ᠡᠳ᠋ ᠬᠥᠷᠥᠩᠭᠡ ᠶᠢ ᠬᠠᠮᠲᠤ ᠪᠠᠷ | ᠭᠥᠷᠳᠡᠵᠦ ᠬᠠᠮᠲᠤ ᠪᠠᠷ ᠬᠡᠷᠡᠭᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠠᠵᠢᠯ ᠲᠥᠷᠥᠯ ᠤᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠪᠠᠶᠢᠳᠠᠯ ᠢ ᠦᠨᠳᠦᠰᠦᠯᠡᠨ᠂ ᠨᠥᠬᠦᠴᠡᠯ ᠪᠦᠷᠢᠳᠦᠭᠰᠡᠨ ᠡᠳ᠋ ᠬᠥᠷᠥᠩᠭᠡ ᠶᠢ ᠰᠢᠯᠢᠨ ᠰᠣᠩᠭᠤᠵᠤ | ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠠᠵᠢᠯ ᠢ ᠥᠷᠨᠢᠭᠦᠯᠦᠨ᠎ᠡ᠂ ᠡᠭᠦᠨ ᠳᠤ ᠬᠡᠮᠵᠢᠭᠦᠷᠯᠢᠭ ᠲᠥᠬᠦᠭᠡᠷᠦᠮᠵᠢ᠂ | ᠰᠣᠶᠣᠯ ᠪᠡᠶ᠎ᠡ ᠶᠢᠨ ᠲᠠᠮᠢᠷ ᠤᠨ ᠪᠡᠯᠡᠳᠬᠡᠮᠵᠢ᠂ ᠵᠥᠭᠡᠯᠡᠨ ᠲᠣᠨᠤᠭ ᠤᠨ ᠡᠳ᠋ ᠬᠥᠷᠥᠩᠭᠡ᠂ ᠳ᠋ᠠᠶᠢᠲ᠋ᠠ ᠶᠢᠨ ᠡᠬᠢ | ᠪᠠᠶᠠᠯᠢᠭ ᠵᠡᠷᠭᠡ ᠪᠠᠭᠲᠠᠨ᠎ᠠ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠠᠮᠤᠷ ᠲᠦᠪᠰᠢᠨ ᠢᠶᠠᠷ ᠬᠡᠷᠡᠭᠯᠡᠬᠦ ᠶᠢ ᠦᠨᠡᠨ ᠬᠦ | ᠪᠠᠲᠤᠯᠠᠭᠰᠠᠨ ᠤᠷᠢᠲᠠᠯ ᠳᠣᠣᠷ᠎ᠠ᠂ ᠲᠣᠰ ᠨᠢᠭᠡᠴᠢ ᠶᠢᠨ ᠢᠶᠠᠨ ᠲᠣᠮᠣ ᠬᠡᠯᠪᠡᠷᠢ ᠶᠢᠨ ᠲᠥᠬᠦᠭᠡᠷᠦᠮᠵᠢ ᠵᠡᠷᠭᠡ | ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠶᠢ ᠠᠬᠢᠭᠤᠯᠵᠤ᠂ | ᠬᠠᠩᠭᠠᠭᠰᠠᠨ ᠲᠠᠯ᠎ᠠ ᠳᠤ ᠵᠦᠢ ᠵᠣᠬᠢᠰᠲᠠᠢ ᠨᠥᠬᠦᠪᠦᠷᠢ ᠥᠭᠴᠦ ᠪᠣᠯᠣᠨ᠎ᠠ᠃ | ᠭᠤᠴᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠡᠳ᠋ ᠬᠥᠷᠥᠩᠭᠡ ᠶᠢᠨ ᠬᠠᠮᠢᠶᠠᠷᠤᠯᠲᠠ ᠶᠢ ᠲᠥᠰᠥᠪ ᠤᠨ | ᠬᠠᠮᠢᠶᠠᠷᠤᠯᠲᠠ ᠶᠢᠨ ᠨᠢᠭᠡ ᠴᠣᠭᠴᠠᠵᠢᠭᠤᠯᠤᠭᠰᠠᠨ ᠰᠢᠰᠲ᠋ᠧᠮ ᠳᠤ ᠠᠭᠤᠰᠤᠯᠴᠠᠭᠤᠯᠬᠤ ᠶᠢ ᠠᠬᠢᠭᠤᠯᠵᠤ᠂ | ᠲᠥᠰᠥᠪ ᠤᠨ ᠪᠡᠯᠡ ᠮᠥᠩᠭᠦ ᠪᠠᠷ ᠪᠦᠷᠢᠯᠳᠦᠭᠰᠡᠨ ᠡᠳ᠋ ᠬᠥᠷᠥᠩᠭᠡ ᠶᠢᠨ ᠪᠥᠬᠦ ᠬᠡᠯᠬᠢᠶᠡᠰᠦᠨ ᠤ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠤᠨ᠂ ᠡᠳ᠋ ᠬᠥᠷᠥᠩᠭᠡ ᠶᠢᠨ ᠬᠠᠮᠢᠶᠠᠷᠤᠯᠲᠠ ᠶᠢ ᠰᠦᠯᠵᠢᠶ᠎ᠡ ᠪᠠᠷ ᠭᠦᠢᠴᠡᠳᠬᠡᠬᠦ ᠶᠢ | ᠠᠬᠢᠭᠤᠯᠵᠤ᠂ ᠰᠦᠯᠵᠢᠶ᠎ᠡ ᠪᠠᠷ ᠬᠢᠨᠠᠨ ᠬᠠᠷᠭᠤᠭᠤᠯᠬᠤ ᠴᠤᠪᠤᠷᠠᠯ ᠢ ᠲᠡᠭᠦᠯᠳᠡᠷᠵᠢᠭᠦᠯᠦᠨ᠂ ᠡᠳ᠋ ᠬᠥᠷᠥᠩᠭᠡ ᠶᠢ | ᠰᠠᠯᠠᠭ᠎ᠠ ᠮᠥᠴᠢᠷ ᠠᠯᠤᠰᠯᠠᠨ᠂ ᠭᠠᠵᠠᠷ ᠣᠷᠣᠨ ᠠᠯᠤᠰᠯᠠᠨ᠂ ᠵᠡᠷᠭᠡ ᠲᠠᠰ ᠠᠯᠤᠰᠯᠠᠨ ᠬᠠᠮᠲᠤ ᠳᠤ ᠪᠠᠨ ᠭᠥᠷᠳᠡᠵᠦ | ᠲᠣᠬᠢᠷᠠᠭᠤᠯᠬᠤ ᠶᠢ ᠠᠬᠢᠭᠤᠯᠤᠨ ᠪᠡᠶᠡᠯᠡᠭᠦᠯᠬᠦ ᠬᠡᠷᠡᠭᠲᠡᠢ᠃ | ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠮᠡᠷᠭᠡᠵᠢᠯ ᠳᠤ ᠰᠠᠭᠤᠷᠢᠯᠠᠨ ᠡᠳ᠋ ᠬᠥᠷᠥᠩᠭᠡ ᠶᠢᠨ ᠬᠡᠷᠡᠭᠯᠡᠯᠲᠡ | ᠬᠠᠮᠢᠶᠠᠷᠤᠯᠲᠠ ᠶᠢᠨ ᠬᠥᠳᠡᠯᠦᠩᠭᠦᠢ ᠬᠢᠨᠠᠨ ᠰᠢᠨᠵᠢᠯᠲᠡ ᠶᠢ ᠥᠷᠨᠢᠭᠦᠯᠵᠦ᠂ ᠡᠳ᠋ ᠬᠥᠷᠥᠩᠭᠡ ᠶᠢᠨ ᠬᠡᠷᠡᠭᠯᠡᠯᠲᠡ ᠶᠢᠨ | ᠪᠠᠶᠢᠳᠠᠯ ᠢ ᠴᠠᠭ ᠲᠤᠬᠠᠢ ᠳᠤ ᠨᠢ ᠡᠵᠡᠮᠰᠢᠨ᠂ ᠡᠳ᠋ ᠬᠥᠷᠥᠩᠭᠡ ᠶᠢᠨ ᠬᠠᠮᠢᠶᠠᠷᠤᠯᠲᠠ ᠳᠤ ᠴᠠᠭ ᠲᠤᠬᠠᠢ ᠳᠤ ᠨᠢ | ᠣᠨᠣᠪᠴᠢᠲᠠᠶ ᠰᠠᠭᠤᠷᠢ ᠮᠡᠳᠡᠭᠡ ᠵᠠᠩᠭᠢ ᠬᠠᠩᠭᠠᠨ᠎ᠠ᠃ | ᠳᠥᠷᠪᠡᠳᠦᠭᠡᠷ ᠪᠦᠯᠦᠭ ᠡᠳ᠋ ᠬᠥᠷᠥᠩᠭᠡ ᠶᠢ ᠰᠢᠢᠳᠪᠦᠷᠢᠯᠡᠬᠦ | ᠭᠤᠴᠢ ᠶᠢᠰᠦᠳᠦᠭᠡᠷ ᠵᠦᠢᠯ ᠶᠠᠮᠠᠷᠪᠠ ᠰᠠᠯᠠᠭ᠎ᠠ ᠮᠥᠴᠢᠷ᠂ ᠨᠢᠭᠡᠴᠢ ᠭᠡᠳ ᠵᠥᠪᠰᠢᠶᠡᠷᠡᠭᠦᠯᠦᠭᠰᠡᠨ ᠦᠭᠡᠢ ᠪᠠᠷ | ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠥᠪᠡᠰᠦᠪᠡᠨ | ᠰᠢᠢᠳᠪᠦᠷᠢᠯᠡᠵᠦ ᠪᠣᠯᠬᠤ ᠦᠭᠡᠢ᠃ | ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠭᠦᠷᠭᠡ ᠴᠢᠳᠠᠪᠤᠷᠢ ᠪᠠᠨ ᠭᠦᠢᠴᠡᠳᠬᠡᠭᠰᠡᠨ᠂ | ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠪᠠ ᠡᠳ᠋ ᠬᠥᠷᠥᠩᠭᠡ ᠬᠡᠷᠡᠭᠯᠡᠭᠰᠡᠨ ᠪᠠᠶᠢᠳᠠᠯ ᠢ ᠦᠨᠳᠦᠰᠦᠯᠡᠨ᠂ | ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠭᠦᠢᠴᠡᠳᠬᠡᠭᠡᠳ | ᠰᠢᠢᠳᠪᠦᠷᠢᠯᠡᠬᠦ ᠵᠦᠢᠯᠡᠰ ᠤᠨ ᠴᠣᠬᠤᠯᠠᠪᠤᠷᠢ ᠵᠡᠷᠭᠡ ᠪᠢᠴᠢᠭ ᠮᠠᠲ᠋ᠧᠷᠢᠶᠠᠯ ᠢ ᠦᠨᠳᠦᠰᠦᠯᠡᠨ ᠵᠠᠰᠠᠭ ᠵᠠᠬᠢᠷᠭᠠᠨ ᠠᠵᠢᠯ | ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠴᠠᠭ ᠲᠤᠬᠠᠢ ᠳᠤ ᠨᠢ ᠰᠢᠢᠳᠪᠦᠷᠢᠯᠡᠬᠦ | ᠬᠡᠷᠡᠭᠲᠡᠢ᠃ | ᠳᠥᠴᠢᠳᠦᠭᠡᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢ ᠰᠢᠢᠳᠪᠦᠷᠢᠯᠡᠬᠦ ᠳᠤ ᠪᠠᠨ ᠳᠣᠣᠷ᠎ᠠ ᠵᠢᠭᠰᠠᠭᠠᠭᠰᠠᠨ ᠵᠠᠷᠴᠢᠮ ᠤᠳ ᠢ ᠵᠢᠷᠤᠮᠯᠠᠬᠤ ᠬᠡᠷᠡᠭᠲᠡᠢ᠄ | ︵ᠨᠢᠭᠡ︶ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠪᠠᠶᠢᠬᠤ︔ | ︵ᠬᠤᠶᠠᠷ︶ ᠡᠳ᠋ ᠬᠥᠷᠥᠩᠭᠡ ᠶᠢ ᠰᠢᠢᠳᠪᠦᠷᠢᠯᠡᠬᠦ ᠪᠠ ᠡᠳ᠋ ᠬᠥᠷᠥᠩᠭᠡ ᠶᠢ ᠲᠣᠬᠢᠷᠠᠭᠤᠯᠬᠤ᠂ ᠬᠡᠷᠡᠭᠯᠡᠬᠦ ᠶᠢ | ᠤᠶᠠᠯᠳᠤᠭᠤᠯᠬᠤ︔ | ︵ᠭᠤᠷᠪᠠ︶ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠨ ᠰᠦᠢᠳᠬᠡᠬᠦ ᠶᠢ ᠲᠡᠪᠴᠢᠬᠦ᠃ | ᠳᠥᠴᠢᠨ ᠨᠢᠭᠡᠳᠦᠭᠡᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢ ᠰᠢᠢᠳᠪᠦᠷᠢᠯᠡᠬᠦ ᠠᠷᠭ᠎ᠠ ᠬᠡᠯᠪᠡᠷᠢ ᠳᠤ ᠦᠨ᠎ᠡ ᠲᠥᠯᠥᠪᠦᠷᠢ ᠦᠭᠡᠢ ᠪᠠᠷ ᠬᠤᠪᠢᠶᠠᠷᠢᠯᠠᠨ ᠰᠢᠯᠵᠢᠭᠦᠯᠬᠦ᠂ | ᠭᠠᠳᠠᠭᠰᠢ ᠪᠡᠯᠡᠭᠯᠡᠨ ᠬᠦᠷᠭᠡᠬᠦ᠂ ᠰᠢᠯᠵᠢᠭᠦᠯᠦᠨ ᠥᠭᠬᠦ᠂ ᠰᠣᠯᠢᠬᠤ᠂ ᠬᠡᠷᠡᠭᠯᠡᠭᠡᠨ ᠠᠴᠠ ᠭᠠᠷᠭᠠᠬᠤ᠂ | ᠰᠦᠢᠳᠦᠭᠰᠡᠨ ᠢᠶᠠᠷ ᠮᠡᠳᠡᠭᠦᠯᠬᠦ ᠪᠠᠭᠲᠠᠨ᠎ᠠ᠃ | ᠳᠥᠴᠢᠨ ᠬᠤᠶᠠᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠳᠣᠣᠷ᠎ᠠ | ᠵᠢᠭᠰᠠᠭᠠᠭᠰᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ | ᠬᠡᠷᠡᠭᠯᠡᠭᠡᠨ ᠠᠴᠠ ᠭᠠᠷᠭᠠᠬᠤ᠂ ᠰᠦᠢᠳᠦᠭᠰᠡᠨ ᠢᠶᠠᠷ ᠮᠡᠳᠡᠭᠦᠯᠬᠦ ᠬᠡᠷᠡᠭᠲᠡᠢ᠄ | ︵ᠨᠢᠭᠡ︶ ᠮᠡᠷᠭᠡᠵᠢᠯ ᠤᠨ ᠰᠢᠯᠲᠠᠭᠠᠨ ᠠᠴᠠ ᠪᠣᠯᠵᠤ ᠦᠨᠡᠨ ᠬᠦ᠋ ᠰᠢᠭᠰᠢᠭᠳᠡᠭᠦᠯᠬᠦ ᠴᠢᠬᠤᠯᠠ ᠲᠠᠢ ᠪᠤᠶᠤ | ᠵᠠᠰᠠᠬᠤ ᠶᠢᠨ ᠠᠷᠭ᠎ᠠ ᠦᠭᠡᠢ᠂ ᠰᠡᠯᠪᠢᠨ ᠵᠠᠰᠠᠬᠤ ᠦᠨ᠎ᠡ ᠥᠷᠲᠡᠭ ᠦᠭᠡᠢ ᠡᠳ᠋ ᠬᠥᠷᠥᠩᠭᠡ︔ | ︵ᠬᠤᠶᠠᠷ︶ ᠪᠦᠷᠢᠳᠬᠡᠯ ᠤᠨ ᠠᠯᠳᠠᠪᠤᠷᠢ᠂ ᠮᠠᠭᠤ ᠳᠠᠩᠰᠠ ᠵᠢᠴᠢ ᠬᠡᠪ ᠤᠨ ᠪᠤᠰᠤ ᠪᠠᠷ ᠰᠦᠢᠳᠦᠭᠰᠡᠨ ᠳᠤ | ᠬᠤᠯᠪᠣᠭᠳᠠᠭᠰᠠᠨ ᠡᠳ᠋ ᠬᠥᠷᠥᠩᠭᠡ︔ | ︵ᠭᠤᠷᠪᠠ︶ ᠬᠡᠷᠡᠭᠯᠡᠬᠦ ᠵᠢᠯ ᠬᠢᠵᠠᠭᠠᠷ ᠠᠴᠠ ᠬᠡᠲᠦᠷᠡᠭᠰᠡᠨ ᠪᠥᠭᠡᠳ ᠤᠳᠤ ᠶᠢᠨ ᠠᠵᠢᠯ ᠤᠨ ᠬᠡᠷᠡᠭᠴᠡᠭᠡ ᠶᠢ | ᠬᠠᠩᠭᠠᠬᠤ ᠶᠢᠨ ᠠᠷᠭ᠎ᠠ ᠦᠭᠡᠢ ᠪᠣᠯᠤᠭᠰᠠᠨ ᠡᠳ᠋ ᠬᠥᠷᠥᠩᠭᠡ︔ | ︵ᠳᠥᠷᠪᠡ︶ ᠪᠠᠶᠢᠭᠠᠯᠢ ᠶᠢᠨ ᠭᠠᠮᠰᠢᠭ ᠵᠡᠷᠭᠡ ᠡᠰᠡᠷᠭᠦᠴᠡᠰᠢ ᠦᠭᠡᠢ ᠬᠦᠴᠦᠨ ᠠᠴᠠ ᠪᠣᠯᠵᠤ ᠡᠪᠳᠡᠭᠳᠡᠨ | ᠰᠦᠢᠳᠦᠭᠰᠡᠨ᠂ ᠤᠰᠠᠳᠤᠭᠰᠠᠨ ᠡᠳ᠋ ᠬᠥᠷᠥᠩᠭᠡ᠃ | ᠳᠥᠴᠢᠨ ᠭᠤᠷᠪᠠᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠳᠤ ᠰᠠᠯᠭᠠᠬᠤ᠂ | ᠨᠡᠶᠢᠯᠡᠭᠦᠯᠬᠦ᠂ ᠪᠠᠶᠢᠭᠤᠯᠤᠯ ᠢ ᠥᠭᠡᠷᠡᠴᠢᠯᠡᠬᠦ᠂ ᠬᠠᠰᠤᠬᠤ᠂ ᠬᠠᠷᠢᠶᠠᠯᠠᠭᠳᠠᠬᠤ ᠬᠠᠷᠢᠴᠠᠭ᠎ᠠ ᠶᠢ ᠬᠤᠪᠢᠷᠠᠭᠤᠯᠬᠤ ᠪᠤᠶᠤ | ᠬᠡᠰᠡᠭ ᠡᠭᠦᠷᠭᠡ ᠴᠢᠳᠠᠪᠤᠷᠢ᠂ ᠲᠤᠬᠠᠶᠢᠯᠠᠭᠰᠠᠨ ᠠᠵᠢᠯ ᠢ ᠲᠣᠬᠢᠷᠠᠭᠤᠯᠬᠤ ᠵᠡᠷᠭᠡ ᠪᠠᠶᠢᠳᠠᠯ ᠭᠠᠷᠪᠠᠯ᠂ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠠᠵᠢᠯ ᠦᠢᠯᠡᠰ ᠤᠨ | ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠤᠪᠢᠶᠠᠷᠢᠯᠠᠨ ᠰᠢᠯᠵᠢᠭᠦᠯᠬᠦ᠂ ᠲᠤᠰᠢᠶᠠᠵᠤ ᠬᠦᠯᠢᠶᠡᠨ | ᠠᠪᠬᠤ ᠭᠠᠷᠳᠠᠮ ᠭᠦᠢᠴᠡᠳᠬᠡᠬᠦ ᠬᠡᠷᠡᠭᠲᠡᠢ᠃ | ᠳᠥᠴᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠭᠰᠠᠨ ᠰᠤᠳᠤᠯᠤᠨ ᠨᠡᠭᠡᠭᠡᠬᠦ | ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠨᠢ ᠥᠪᠡᠷ ᠤᠨ ᠢᠶᠠᠨ ᠡᠵᠡᠮᠰᠢᠵᠦ ᠪᠠᠶᠢᠭ᠎ᠠ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢᠶᠠᠨ ᠬᠡᠷᠡᠭᠯᠡᠬᠦ ᠪᠠ ᠰᠢᠢᠳᠪᠦᠷᠢᠯᠡᠬᠦ ᠳᠤ ᠪᠠᠨ᠂ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ | ᠤᠯᠠᠷᠢᠭᠤᠯᠤᠯᠲᠠ ᠶᠢ ᠠᠬᠢᠭᠤᠯᠬᠤ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠰᠬᠠᠢ | ᠠᠰᠢᠭ ᠤᠨ ᠬᠠᠤᠯᠢ︾ ᠪᠠ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ | ᠳᠥᠴᠢᠨ ᠲᠠᠪᠤᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ | ᠰᠢᠢᠳᠪᠦᠷᠢᠯᠡᠬᠦ ᠪᠠᠷ ᠪᠠᠶᠢᠭ᠎ᠠ ᠤᠯᠤᠰ ᠤᠨ ᠥᠮᠴᠢᠯᠡᠯᠲᠦ ᠡᠳ᠋ ᠬᠥᠷᠥᠩᠭᠡ ᠨᠢ ᠲᠣᠭᠲᠠᠭᠠᠭᠰᠠᠨ ᠬᠢᠵᠠᠭᠠᠷ ᠲᠤᠭ᠎ᠠ ᠠᠴᠠ | ᠳᠡᠭᠡᠭᠰᠢ ᠪᠠᠶᠢᠪᠠᠯ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠰᠠᠨ ᠤ ᠲᠠᠷᠠᠭ᠎ᠠ᠂ | ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠦᠨ᠎ᠡ︔ | ᠰᠢᠢᠳᠪᠦᠷᠢᠯᠡᠬᠦ ᠪᠠᠷ ᠪᠠᠶᠢᠭ᠎ᠠ ᠤᠯᠤᠰ ᠤᠨ ᠥᠮᠴᠢᠯᠡᠯᠲᠦ ᠡᠳ᠋ ᠬᠥᠷᠥᠩᠭᠡ ᠨᠢ ᠲᠣᠭᠲᠠᠭᠠᠭᠰᠠᠨ ᠬᠢᠵᠠᠭᠠᠷ ᠲᠤᠭ᠎ᠠ ᠠᠴᠠ | ᠳᠣᠷᠣᠭᠰᠢ ᠪᠠᠶᠢᠪᠠᠯ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠵᠥᠪᠰᠢᠶᠡᠷᠡᠬᠦ ᠶᠢᠨ ᠬᠠᠮᠲᠤ ᠠᠳᠠᠯᠢ | ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ ᠬᠠᠤᠯᠢ ᠴᠠᠭᠠᠵᠠ | ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ ᠲᠡᠷᠡ ᠬᠦ ᠲᠣᠭᠲᠠᠭᠠᠯ ᠢ ᠵᠢᠷᠤᠮᠯᠠᠨ᠎ᠠ᠃ | ᠳᠥᠴᠢᠨ ᠵᠢᠷᠭᠤᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠳᠤ | ᠬᠤᠯᠪᠣᠭᠳᠠᠭᠰᠠᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠴᠢᠬᠤᠯᠠ ᠶᠡᠭᠡ ᠵᠦᠢᠯᠡᠰ ᠢ ᠦᠨᠡᠨ | ᠬᠦ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠣᠬᠢᠴᠠᠭᠤᠯᠤᠨ ᠰᠢᠢᠳᠪᠦᠷᠢᠯᠡᠭᠦᠯᠬᠦ ᠴᠢᠬᠤᠯᠠ ᠲᠠᠢ ᠪᠣᠯ | ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠬᠢᠨᠠᠨ ᠬᠠᠷᠭᠤᠭᠤᠯᠤᠭᠰᠠᠨ ᠤ ᠲᠠᠷᠠᠭ᠎ᠠ ᠲᠣᠰ | ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃ | ᠲᠠᠪᠤᠳᠤᠭᠠᠷ ᠪᠦᠯᠦᠭ ᠡᠳ᠋ ᠬᠥᠷᠥᠩᠭᠡ ᠶᠢ ᠦᠨᠡᠯᠡᠨ ᠵᠢᠱᠢᠬᠦ ᠪᠠ ᠡᠳ᠋ ᠬᠥᠷᠥᠩᠭᠡ ᠶᠢ ᠢᠯᠭᠠᠷᠠᠭᠤᠯᠤᠨ | ᠪᠠᠶᠢᠴᠠᠭᠠᠬᠤ | ᠳᠥᠴᠢᠨ ᠳᠣᠯᠣᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠳᠤ ᠳᠣᠣᠷ᠎ᠠ | ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ | ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠦᠨᠡᠯᠡᠨ ᠵᠢᠱᠢᠯᠲᠡ ᠬᠢᠬᠦ ᠬᠡᠷᠡᠭᠲᠡᠢ᠄ | ︵ᠨᠢᠭᠡ︶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠯᠵᠢᠭᠦᠯᠦᠨ ᠥᠭᠬᠦ᠂ ᠦᠨ᠎ᠡ ᠬᠠᠶᠠᠵᠤ | ᠬᠤᠳᠠᠯᠳᠤᠬᠤ᠂ ᠰᠣᠯᠢᠬᠤ᠂ ᠭᠠᠳᠠᠭᠰᠢ ᠪᠠᠨ ᠪᠡᠯᠡ ᠣᠷᠤᠭᠤᠯᠬᠤ ᠵᠡᠷᠭᠡ᠃ ᠤᠯᠤᠰ ᠲᠤ ᠠᠰᠲᠠᠭᠠᠨ ᠲᠣᠭᠲᠠᠭᠠᠯ ᠲᠠᠢ | ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ︔ | ︵ᠬᠤᠶᠠᠷ︶ ᠠᠵᠢᠯ ᠦᠢᠯᠡᠰ ᠤᠨ ᠨᠢᠭᠡᠴᠢ ᠨᠢ ᠪᠦᠬᠦᠯᠢ ᠴᠣᠭᠴᠠ ᠪᠠᠷ ᠢᠶᠠᠨ ᠪᠤᠶᠤ ᠬᠡᠰᠡᠭ ᠨᠢ | ᠪᠠᠶᠢᠭᠤᠯᠤᠯ ᠢᠶᠠᠨ ᠥᠭᠡᠷᠡᠴᠢᠯᠡᠨ ᠠᠵᠤ ᠠᠬᠤᠶᠢᠯᠠᠯ ᠪᠣᠯᠭᠠᠬᠤ ᠳᠤ ᠬᠤᠯᠪᠣᠭᠳᠠᠭᠰᠠᠨ᠂ ᠡᠰᠡᠬᠦᠯ᠎ᠡ ᠵᠣᠭᠤᠰᠤᠨ ᠤ | ᠪᠤᠰᠤ ᠴᠢᠨᠠᠷᠲᠠᠢ ᠡᠳ᠋ ᠬᠥᠷᠥᠩᠭᠡ ᠪᠠᠷ ᠭᠠᠳᠠᠭᠰᠢ ᠪᠠᠨ ᠪᠡᠯᠡ ᠣᠷᠤᠭᠤᠯᠬᠤ︔ | ︵ᠭᠤᠷᠪᠠ︶ ᠠᠵᠢᠯ ᠦᠢᠯᠡᠰ ᠤᠨ ᠨᠢᠭᠡᠴᠢ ᠶᠢ ᠨᠡᠶᠢᠯᠡᠭᠦᠯᠬᠦ᠂ ᠰᠠᠯᠭᠠᠬᠤ᠂ ᠢᠯᠭᠠᠷᠠᠭᠤᠯᠵᠤ ᠪᠤᠳᠤᠬᠤ︔ | ︵ᠳᠥᠷᠪᠡ︶ ᠠᠵᠢᠯ ᠦᠢᠯᠡᠰ ᠤᠨ ᠨᠢᠭᠡᠴᠢ ᠶᠢᠨ ᠪᠦᠬᠦᠯᠢ ᠴᠣᠭᠴᠠ ᠶᠢᠨ ᠪᠤᠶᠤ ᠬᠡᠰᠡᠭ ᠡᠳ᠋ ᠬᠥᠷᠥᠩᠭᠡ ᠶᠢ | ᠤᠯᠤᠰ ᠤᠨ ᠥᠮᠴᠢᠯᠡᠯᠲᠦ ᠪᠤᠰᠤ ᠨᠢᠭᠡᠴᠢ ᠳᠤ ᠲᠦᠷᠢᠶᠡᠰᠦᠯᠡᠨ ᠥᠭᠬᠦ︔ | ︵ᠲᠠᠪᠤ︶ ᠵᠠᠷᠭᠤ ᠳᠤ ᠬᠤᠯᠪᠣᠭᠳᠠᠭᠰᠠᠨ ᠡᠳ᠋ ᠬᠥᠷᠥᠩᠭᠡ ᠶᠢᠨ ᠦᠷᠳᠡᠭ ᠢ ᠨᠢ ᠲᠣᠭᠲᠠᠭᠠᠬᠤ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠡᠳ᠋ ᠬᠥᠷᠥᠩᠭᠡ ᠶᠢᠨ ᠦᠨᠡᠯᠡᠨ ᠵᠢᠱᠢᠯᠲᠡ ᠬᠢᠬᠦ ᠴᠢᠬᠤᠯᠠ ᠲᠠᠢ ᠪᠤᠰᠤᠳ ᠪᠠᠶᠢᠳᠠᠯ᠃ | ᠡᠳ᠋ ᠬᠥᠷᠥᠩᠭᠡ ᠶᠢ ᠦᠨᠡᠯᠡᠨ ᠵᠢᠱᠢᠬᠦ ᠳᠤ ᠪᠠᠨ ᠡᠳ᠋ ᠬᠥᠷᠥᠩᠭᠡ ᠶᠢ ᠦᠨᠡᠯᠡᠨ ᠵᠢᠱᠢᠬᠦ ᠬᠢᠷᠢ ᠬᠡᠮ ᠲᠠᠢ | ᠪᠠᠶᠢᠭᠤᠯᠤᠮᠵᠢ ᠳᠤ ᠨᠠᠶᠢᠳᠠᠵᠤ ᠦᠨᠡᠯᠡᠨ ᠵᠢᠱᠢᠯᠲᠡ ᠬᠢᠯᠭᠡᠬᠦ ᠬᠡᠷᠡᠭᠲᠡᠢ᠃ | ᠳᠥᠴᠢᠨ ᠨᠠᠢᠮᠠᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠪᠡᠶ᠎ᠡ ᠪᠠᠨ | ᠳᠠᠭᠠᠭᠠᠬᠤ᠂ ᠪᠤᠰᠤᠳᠴᠢ᠂ ᠲᠥᠪ ᠭᠤᠣᠯᠴᠢ ᠪᠠᠶᠢᠬᠤ ᠵᠠᠷᠴᠢᠮ ᠶᠣᠰᠣᠭᠠᠷ ᠵᠠᠰᠠᠭ ᠵᠠᠬᠢᠷᠭᠠᠨ ᠠᠵᠢᠯ ᠦᠢᠯᠡᠰ ᠤᠨ | ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠠᠤᠯᠢ ᠶᠣᠰᠣᠭᠠᠷ ᠦᠨᠡᠯᠡᠨ ᠵᠢᠱᠢᠯᠲᠡ ᠬᠢᠬᠦ ᠬᠡᠷᠡᠭᠲᠡᠢ᠃ | ᠳᠥᠴᠢ ᠶᠢᠰᠦᠳᠦᠭᠡᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠨᠢᠭᠲᠠᠯᠠᠨ | ᠪᠤᠳᠤᠭᠴᠢ ᠶᠢᠨ ᠨᠤᠲᠠᠯᠠᠯᠲᠠ ᠬᠢᠵᠦ ᠲᠠᠩᠰᠠᠨ ᠳᠤ ᠣᠷᠣᠭᠤᠯᠬᠤ ᠶᠢᠨ ᠠᠷᠭ᠎ᠠ ᠦᠭᠡᠢ ᠵᠠᠰᠠᠭ ᠵᠠᠬᠢᠷᠭᠠᠨ ᠠᠵᠢᠯ | ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠳᠤ᠂ ᠬᠡᠷᠡᠭᠴᠡᠭᠡ ᠪᠠᠨ ᠦᠨᠳᠦᠰᠦᠯᠡᠨ ᠲᠤᠰᠬᠠᠢ | ᠮᠡᠷᠭᠡᠵᠢᠯᠲᠡᠳ ᠢ ᠵᠣᠬᠢᠶᠠᠨ ᠪᠠᠶᠢᠭᠤᠯᠵᠤ ᠪᠠᠶᠢᠭᠠᠳ ᠡᠳ᠋ ᠬᠥᠷᠥᠩᠭᠡ ᠶᠢ ᠦᠨᠡᠯᠡᠨ ᠵᠢᠱᠢᠬᠦ ᠠᠷᠭ᠎ᠠ ᠪᠠᠷ ᠯᠠᠪᠯᠠᠯᠲᠠ | ᠪᠣᠯᠭᠠᠨ ᠦᠨᠡᠯᠡᠨ ᠵᠢᠱᠢᠯᠲᠡ ᠬᠢᠯᠭᠡᠬᠦ ᠶᠢᠨ ᠬᠠᠮᠲᠤ ᠡᠳ᠋ ᠬᠥᠷᠥᠩᠭᠡ ᠶᠢᠨ ᠪᠠᠶᠢᠳᠠᠯ ᠢ ᠲᠤᠰᠬᠠᠬᠤ ᠦᠨᠳᠦᠰᠦᠯᠡᠯ | ᠪᠣᠯᠭᠠᠵᠤ ᠪᠣᠯᠣᠨ᠎ᠠ᠃ | ᠲᠠᠪᠢᠳᠤᠭᠠᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠦᠨᠡᠯᠡᠨ ᠵᠢᠱᠢᠬᠦ ᠲᠥᠷᠥᠯ ᠵᠦᠢᠯ ᠳᠤ ᠬᠢᠨᠠᠨ ᠵᠥᠪᠰᠢᠶᠡᠷᠡᠬᠦ ᠳᠦᠷᠢᠮ ᠪᠠ ᠳᠠᠩᠰᠠᠯᠠᠭᠤᠯᠬᠤ | ᠳᠦᠷᠢᠮ ᠢ ᠬᠡᠷᠡᠭᠵᠢᠭᠦᠯᠦᠨ᠎ᠡ᠃ | ᠬᠢᠨᠠᠨ ᠵᠥᠪᠰᠢᠶᠡᠷᠡᠬᠦ ᠳᠦᠷᠢᠮ ᠪᠠ ᠳᠠᠩᠰᠠᠯᠠᠭᠤᠯᠬᠤ ᠳᠦᠷᠢᠮ ᠢᠶᠠᠷ ᠬᠡᠷᠡᠭᠵᠢᠭᠦᠯᠬᠦ ᠲᠥᠷᠥᠯ ᠵᠦᠢᠯ ᠤᠨ | ᠬᠡᠪᠴᠢᠶ᠎ᠡ ᠵᠡᠷᠭᠡ ᠶᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ | ᠲᠠᠪᠢᠨ ᠨᠢᠭᠡᠳᠦᠭᠡᠷ ᠵᠦᠢᠯ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠡᠯ᠎ᠡ ᠰᠠᠯᠠᠭ᠎ᠠ | ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ | ᠥᠮᠴᠢᠯᠡᠯᠲᠦ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠬᠡᠷᠡᠭᠲᠡᠢ᠄ | ︵ᠨᠢᠭᠡ︶ ᠳᠡᠭᠡᠳᠦ ᠱᠠᠲᠤ ᠪᠤᠶᠤ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠦᠨᠳᠦᠰᠦᠯᠡᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠤᠭᠰᠠᠨ︔ | ︵ᠬᠤᠶᠠᠷ︶ ᠴᠢᠬᠤᠯᠠ ᠶᠡᠭᠡ ᠡᠳ᠋ ᠬᠥᠷᠥᠩᠭᠡ ᠶᠢ ᠰᠢᠯᠵᠢᠭᠦᠯᠦᠨ ᠥᠭᠬᠦ᠂ ᠬᠤᠪᠢᠶᠠᠷᠢᠯᠠᠨ ᠰᠢᠯᠵᠢᠭᠦᠯᠬᠦ ᠵᠢᠴᠢ | ᠨᠢᠭᠡᠴᠢ ᠶᠢ ᠰᠠᠯᠭᠠᠬᠤ᠂ ᠨᠡᠶᠢᠯᠡᠭᠦᠯᠬᠦ᠂ ᠪᠠᠶᠢᠭᠤᠯᠤᠯ ᠢ ᠥᠭᠡᠷᠡᠴᠢᠯᠡᠬᠦ᠂ ᠬᠠᠰᠤᠬᠤ᠂ ᠬᠠᠷᠢᠶᠠᠯᠠᠭᠳᠠᠬᠤ ᠬᠠᠷᠢᠴᠠᠭ᠎ᠠ ᠶᠢ | ᠬᠤᠪᠢᠷᠠᠭᠤᠯᠬᠤ ᠵᠡᠷᠭᠡ ᠪᠠᠶᠢᠳᠠᠯ ᠡᠭᠦᠰᠦᠭᠰᠡᠨ︔ | ︵ᠭᠤᠷᠪᠠ︶ ᠪᠠᠶᠢᠭᠠᠯᠢ ᠶᠢᠨ ᠭᠠᠮᠰᠢᠭ ᠵᠡᠷᠭᠡ ᠡᠰᠡᠷᠭᠦᠴᠡᠰᠢ ᠦᠭᠡᠢ ᠬᠦᠴᠦᠨ ᠠᠴᠠ ᠪᠣᠯᠵᠤ ᠡᠳ᠋ ᠬᠥᠷᠥᠩᠭᠡ | ᠡᠪᠳᠡᠭᠳᠡᠨ ᠰᠦᠢᠳᠦᠭᠰᠡᠨ᠂ ᠤᠰᠠᠳᠤᠭᠰᠠᠨ︔ | ︵ᠳᠥᠷᠪᠡ︶ ᠨᠢᠭᠲᠠᠯᠠᠨ ᠪᠤᠳᠤᠬᠤ ᠮᠡᠳᠡᠭᠡ ᠵᠠᠩᠭᠢ ᠨᠢ ᠬᠦᠨᠳᠦ ᠨᠣᠴᠢᠲᠠᠢ ᠰᠣᠯᠣᠭᠠᠶᠢᠷᠠᠭᠰᠠᠨ︔ | ︵ᠲᠠᠪᠤ︶ ᠤᠯᠤᠰ ᠤᠨ ᠨᠢᠭᠲᠠᠯᠠᠨ ᠪᠣᠳᠣᠬᠤ ᠨᠢᠭᠡᠳᠦᠯᠲᠡᠢ ᠳᠦᠷᠢᠮ ᠳᠤ ᠴᠢᠬᠤᠯᠠ ᠶᠡᠭᠡ ᠬᠤᠪᠢᠷᠠᠯᠲᠠ ᠭᠠᠷᠴᠤ᠂ | ᠡᠳ᠋ ᠬᠥᠷᠥᠩᠭᠡ ᠶᠢᠨ ᠲᠣᠭᠠᠴᠠᠭ᠎ᠠ ᠬᠢᠬᠦ ᠠᠷᠭ᠎ᠠ ᠳᠤ ᠬᠤᠯᠪᠣᠭᠳᠠᠬᠤ ᠴᠢᠬᠤᠯᠠ ᠬᠤᠪᠢᠷᠠᠯᠲᠠ ᠭᠠᠷᠤᠭᠰᠠᠨ︔ | ︵ᠵᠢᠷᠭᠤᠭ᠎ᠠ︶ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠴᠢᠬᠤᠯᠠ ᠲᠠᠢ ᠪᠤᠰᠤᠳ ᠪᠠᠶᠢᠳᠠᠯ᠃ | ᠲᠠᠪᠢᠨ ᠬᠤᠶᠠᠳᠤᠭᠠᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠶᠢ | ᠢᠯᠭᠠᠷᠠᠭᠤᠯᠤᠨ ᠪᠠᠶᠢᠴᠠᠭᠠᠬᠤ ᠳᠤ ᠲᠠᠩᠰᠠ ᠪᠠ ᠪᠣᠳᠠᠲᠠᠢ ᠨᠢ ᠨᠡᠶᠢᠴᠡᠬᠦ ᠦᠭᠡᠢ᠂ ᠲᠠᠩᠰᠠ ᠪᠠ ᠲᠠᠩᠰᠠ ᠨᠢ ᠨᠡᠶᠢᠴᠡᠬᠦ | ᠦᠭᠡᠢ ᠪᠠᠶᠢᠬᠤ ᠶᠢ ᠣᠯᠵᠤ ᠮᠡᠳᠡᠪᠡᠯ᠂ ᠰᠢᠯᠲᠠᠭᠠᠨ ᠢ ᠨᠢ ᠪᠠᠶᠢᠴᠠᠭᠠᠨ ᠲᠣᠳᠣᠯᠠᠵᠤ ᠲᠣᠳᠣᠷᠬᠠᠶᠢᠯᠠᠬᠤ ᠶᠢᠨ ᠬᠠᠮᠲᠤ | ᠢᠯᠭᠠᠷᠠᠭᠤᠯᠤᠨ ᠪᠠᠶᠢᠴᠠᠭᠠᠭᠰᠠᠨ ᠳ᠋ᠦᠩ ᠲᠠᠢ ᠬᠠᠮᠲᠤ ᠬᠢᠨᠠᠨ ᠵᠥᠪᠰᠢᠶᠡᠷᠡᠭᠦᠯᠬᠦ ᠳᠡᠰ ᠳᠠᠷᠠᠭᠠᠯᠠᠯ ᠢ ᠭᠦᠢᠴᠡᠳᠬᠡᠬᠦ | ᠬᠡᠷᠡᠭᠲᠡᠢ᠃ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠬᠢᠨᠠᠨ ᠵᠥᠪᠰᠢᠶᠡᠷᠡᠭᠰᠡᠨ ᠳ᠋ᠦᠩ ᠢ | ᠦᠨᠳᠦᠰᠦᠯᠡᠨ ᠡᠳ᠋ ᠬᠥᠷᠥᠩᠭᠡ ᠶᠢᠨ ᠡᠬᠡ ᠲᠠᠩᠰᠠ ᠶᠢᠨ ᠮᠡᠳᠡᠭᠡ ᠵᠠᠩᠭᠢ ᠳᠤ ᠴᠠᠭ ᠲᠤᠬᠠᠢ ᠳᠤ ᠨᠢ | ᠲᠣᠬᠢᠷᠠᠭᠤᠯᠤᠯᠲᠠ ᠬᠢᠬᠦ ᠶᠢᠨ ᠬᠠᠮᠲᠤ᠂ ᠨᠢᠭᠲᠠᠯᠠᠨ ᠪᠤᠳᠤᠵᠤ ᠰᠢᠢᠳᠪᠦᠷᠢᠯᠡᠬᠦ ᠬᠡᠷᠡᠭᠲᠡᠢ᠃ | ᠡᠳ᠋ ᠬᠥᠷᠥᠩᠭᠡ ᠬᠡᠷᠡᠭᠯᠡᠭᠴᠢ᠂ ᠬᠠᠮᠢᠶᠠᠷᠤᠭᠴᠢ ᠶᠢᠨ ᠰᠢᠯᠲᠠᠭᠠᠨ ᠠᠴᠠ ᠪᠣᠯᠵᠤ ᠡᠳ᠋ ᠬᠥᠷᠥᠩᠭᠡ ᠶᠢ ᠡᠪᠳᠡᠭᠳᠡᠨ | ᠰᠦᠢᠳᠬᠡᠵᠦ᠂ ᠤᠰᠠᠳᠬᠠᠭᠰᠠᠨ ᠪᠠᠶᠢᠪᠠᠯ᠂ ᠬᠠᠤᠯᠢ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠨᠡᠬᠡᠮᠵᠢᠯᠡᠬᠦ | ᠬᠡᠷᠡᠭᠲᠡᠢ᠃ | ᠵᠢᠷᠭᠤᠳᠤᠭᠠᠷ ᠪᠦᠯᠦᠭ ᠡᠳ᠋ ᠬᠥᠷᠥᠩᠭᠡ ᠶᠢᠨ ᠮᠡᠳᠡᠭᠦᠯᠦᠯᠲᠡ ᠬᠢᠭᠡᠳ ᠬᠢᠨᠠᠯᠲᠠ ᠬᠠᠮᠢᠶᠠᠷᠤᠯᠲᠠ | ᠲᠠᠪᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ | ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃ | ᠲᠠᠪᠢᠨ ᠳᠥᠷᠪᠡᠳᠦᠭᠡᠷ ᠵᠦᠢᠯ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠳᠤ ᠭᠤᠣᠯᠳᠠᠭᠤ ᠳᠣᠣᠷ᠎ᠠ ᠵᠢᠭᠰᠠᠭᠠᠭᠰᠠᠨ | ᠠᠭᠤᠯᠭ᠎ᠠ ᠨᠤᠭᠤᠳ ᠪᠠᠭᠲᠠᠨ᠎ᠠ᠄ | ︵ᠨᠢᠭᠡ︶ ᠡᠳ᠋ ᠬᠥᠷᠥᠩᠭᠡ ᠥᠷᠢ ᠥᠭᠴᠡᠭᠡ ᠶᠢᠨ ᠶᠡᠷᠦᠩᠬᠡᠢ ᠬᠡᠮᠵᠢᠶᠡᠨ ᠤ ᠪᠠᠶᠢᠳᠠᠯ︔ | ︵ᠬᠤᠶᠠᠷ︶ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠭᠰᠠᠨ ᠪᠠ ᠬᠡᠷᠡᠭᠵᠢᠭᠦᠯᠦᠭᠰᠡᠨ ᠪᠠᠶᠢᠳᠠᠯ | ︔ | ︵ᠭᠤᠷᠪᠠ︶ ᠡᠳ᠋ ᠬᠥᠷᠥᠩᠭᠡ ᠲᠣᠬᠢᠷᠠᠭᠤᠯᠤᠭᠰᠠᠨ᠂ ᠬᠡᠷᠡᠭᠯᠡᠭᠰᠡᠨ᠂ ᠰᠢᠢᠳᠪᠦᠷᠢᠯᠡᠭᠰᠡᠨ ᠪᠠ ᠦᠷ᠎ᠡ ᠠᠰᠢᠭ ᠤᠨ | ᠪᠠᠶᠢᠳᠠᠯ︔ | ︵ᠳᠥᠷᠪᠡ︶ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠭᠰᠡᠨ ᠪᠠᠶᠢᠳᠠᠯ︔ | ︵ᠲᠠᠪᠤ︶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠭᠰᠡᠨ᠂ ᠠᠵᠢᠯ | ᠦᠢᠯᠡᠰ ᠤᠨ ᠬᠥᠭᠵᠢᠯᠲᠡ ᠪᠠ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠶᠢ ᠪᠠᠲᠤᠯᠠᠭᠰᠠᠨ ᠪᠠᠶᠢᠳᠠᠯ︔ | ︵ᠵᠢᠷᠭᠤᠭ᠎ᠠ︶ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ | ᠠᠬᠢᠭᠤᠯᠤᠭᠰᠠᠨ ᠪᠠᠶᠢᠳᠠᠯ︔ | ︵ᠲᠤᠯᠤᠭ᠎ᠠ︶ ᠮᠡᠳᠡᠭᠦᠯᠬᠦ ᠴᠢᠬᠤᠯᠠ ᠲᠠᠢ ᠪᠤᠰᠤᠳ ᠪᠠᠶᠢᠳᠠᠯ᠃ | ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠪᠠᠶᠢᠳᠠᠯ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠡᠶᠢᠭᠡᠮ ᠳᠤ ᠢᠯᠡ | ᠪᠣᠯᠭᠠᠬᠤ ᠬᠡᠷᠡᠭᠲᠡᠢ᠃ | ᠲᠠᠪᠢᠨ ᠲᠠᠪᠤᠳᠤᠭᠠᠷ ᠵᠦᠢᠯ ᠡᠯ᠎ᠡ ᠰᠠᠯᠠᠭ᠎ᠠ ᠮᠥᠴᠢᠷ ᠤᠨ ᠬᠠᠷᠢᠶ᠎ᠠ ᠨᠢᠭᠡᠴᠢ ᠨᠢ ᠵᠢᠯ ᠪᠦᠷᠢ ᠲᠣᠰ | ᠨᠢᠭᠡᠴᠢ ᠶᠢᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠦᠬᠦᠢ | ᠰᠠᠯᠠᠭ᠎ᠠ ᠮᠥᠴᠢᠷ ᠲᠤ ᠱᠠᠲᠤ ᠳᠠᠷᠠᠭᠠᠯᠠᠨ ᠮᠡᠳᠡᠭᠦᠯᠦᠨ ᠬᠦᠷᠭᠡᠬᠦ ᠬᠡᠷᠡᠭᠲᠡᠢ᠃ | ᠡᠯ᠎ᠡ ᠰᠠᠯᠠᠭ᠎ᠠ ᠮᠥᠴᠢᠷ ᠨᠢ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ | ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ | ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠵᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ᠃ | ᠲᠠᠪᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠢᠯ ᠪᠦᠷᠢ ᠲᠣᠰ ᠱᠠᠲᠤᠨ ᠤ ᠪᠠ ᠳᠣᠣᠷ᠎ᠠ ᠱᠠᠲᠤᠨ ᠤ ᠢᠶᠠᠨ | ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠪᠠᠶᠢᠳᠠᠯ ᠢ ᠬᠤᠷᠢᠶᠠᠩᠭᠤᠶᠢᠯᠠᠵᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠠ | ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ | ᠮᠡᠳᠡᠭᠦᠯᠦᠨ ᠬᠦᠷᠭᠡᠬᠦ ᠬᠡᠷᠡᠭᠲᠡᠢ᠃ | ᠲᠠᠪᠢᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶᠠᠨ ᠤ ᠬᠢᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠬᠤ ᠶᠢ ᠨᠢ ᠬᠦᠯᠢᠶᠡᠵᠦ᠂ ᠲᠣᠰ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠨ ᠵᠥᠪᠯᠡᠭᠡᠳ | ᠳᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢᠨ | ᠬᠠᠮᠲᠤ᠂ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶᠠᠨ ᠳᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠲᠣᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠢᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠬᠤ ᠶᠢ ᠨᠢ ᠬᠦᠯᠢᠶᠡᠬᠦ ᠬᠡᠷᠡᠭᠲᠡᠢ | ᠃ | ᠲᠠᠪᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠳᠣᠣᠷ᠎ᠠ ᠱᠠᠲᠤᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ | ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠨᠢ ᠠᠳᠠᠯᠢ ᠱᠠᠲᠤᠨ ᠤ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠢᠶᠠᠨ | ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠬᠢᠨᠠᠯᠲᠠ ᠲᠠᠯᠪᠢᠵᠤ ᠪᠠᠶᠢᠴᠠᠭᠠᠭᠰᠠᠨ | ᠳ᠋ᠦᠩ ᠢᠶᠠᠨ ᠬᠠᠤᠯᠢ ᠶᠣᠰᠣᠭᠠᠷ ᠨᠡᠶᠢᠭᠡᠮ ᠨᠡᠶᠢᠲᠡ ᠳᠤ ᠢᠯᠡ ᠪᠣᠯᠭᠠᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠢᠨᠠᠨ ᠪᠤᠳᠤᠬᠤ ᠰᠠᠯᠠᠭ᠎ᠠ | ᠮᠥᠴᠢᠷ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠪᠠᠶᠢᠳᠠᠯ ᠳᠤ ᠬᠠᠤᠯᠢ ᠶᠣᠰᠣᠭᠠᠷ ᠬᠢᠨᠠᠨ ᠪᠣᠳᠣᠯᠲᠠ ᠬᠢᠵᠦ ᠬᠢᠨᠠᠯᠲᠠ ᠲᠠᠯᠪᠢᠨ᠎ᠠ᠃ | ᠲᠠᠪᠢ ᠶᠢᠰᠦᠳᠦᠭᠡᠷ ᠵᠦᠢᠯ ᠠᠷᠠᠳ ᠢᠷᠭᠡᠳ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠨᠢ ︽ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ︾ ᠵᠢᠴᠢ ᠲᠣᠰ ᠠᠷᠭ᠎ᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ | ᠣᠯᠵᠤ ᠮᠡᠳᠡᠪᠡᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠬᠦ᠂ ᠵᠠᠭᠠᠯᠳᠤᠬᠤ ᠡᠷᠬᠡ ᠲᠠᠢ᠃ | ᠢᠯᠡᠴᠢᠯᠡᠯᠲᠡ᠂ ᠵᠠᠭᠠᠯᠳᠤᠯᠭ᠎ᠠ ᠶᠢ ᠬᠦᠯᠢᠶᠡᠨ ᠠᠪᠤᠭᠰᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠠᠤᠯᠢ | ᠶᠣᠰᠣᠭᠠᠷ ᠰᠢᠢᠳᠪᠦᠷᠢᠯᠡᠬᠦ ᠶᠢᠨ ᠬᠠᠮᠲᠤ ᠢᠯᠡᠴᠢᠯᠡᠭᠴᠢ᠂ ᠵᠠᠭᠠᠯᠳᠤᠭᠴᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠢ᠃ | ᠶᠠᠮᠠᠷᠪᠠ ᠨᠢᠭᠡᠴᠢ ᠪᠤᠶᠤ ᠬᠤᠪᠢ ᠬᠥᠮᠥᠨ ᠭᠡᠳ ᠢᠯᠡᠴᠢᠯᠡᠭᠴᠢ᠂ ᠵᠠᠭᠠᠯᠳᠤᠭᠴᠢ ᠳᠤ ᠳᠠᠷᠤᠯᠲᠠ ᠦᠵᠡᠭᠦᠯᠬᠦ ᠪᠠ | ᠴᠣᠬᠢᠯᠲᠠ ᠥᠭᠴᠦ ᠬᠠᠷᠢᠭᠤ ᠠᠪᠴᠤ ᠪᠣᠯᠬᠤ ᠦᠭᠡᠢ᠃ | ᠳᠣᠯᠣᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠵᠢᠷᠠᠳᠤᠭᠠᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠳᠤ᠂ ︽ᠵᠠᠰᠠᠭ | ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ ᠰᠢᠢᠳᠬᠡᠨ | ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠦᠨ᠎ᠡ᠃ | ᠵᠢᠷᠠᠨ ᠨᠢᠭᠡᠳᠦᠭᠡᠷ ᠵᠦᠢᠯ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠠᠵᠢᠯᠲᠠᠨ ᠵᠠᠰᠠᠭ | ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠠᠵᠢᠯ ᠤᠨ ᠳᠤᠮᠳᠠ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠤ ᠪᠠᠨ ᠠᠯᠮᠠᠶᠢᠷᠠᠨ | ᠣᠰᠣᠯᠳᠠᠭᠰᠠᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠤᠶᠤ ᠤᠯᠤᠰ ᠤᠨ ᠥᠮᠴᠢᠯᠡᠯᠲᠦ | ᠡᠳ᠋ ᠬᠥᠷᠥᠩᠭᠡ ᠶᠢ ᠪᠦᠷᠢᠯᠭᠡᠨ ᠰᠦᠢᠳᠬᠡᠭᠰᠡᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ | ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠢᠳᠬᠡᠯ ᠥᠭᠭᠦᠨ᠎ᠡ︔ ᠶᠠᠯ᠎ᠠ ᠳᠤ | ᠭᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠨᠠᠢᠮᠠᠳᠤᠭᠠᠷ ᠪᠦᠯᠦᠭ ᠳᠠᠭᠠᠯᠳᠤᠭᠤᠯᠤᠯ ᠳᠦᠷᠢᠮ | ᠵᠢᠷᠠᠨ ᠬᠤᠶᠠᠳᠤᠭᠠᠷ ᠵᠦᠢᠯ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠢᠭᠤᠳ ᠵᠠᠬᠢᠷᠴᠤ ᠪᠠᠶᠢᠭ᠎ᠠ ᠵᠠᠰᠠᠭ | ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ︽ | ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠳᠦᠷᠢᠮ︾ ᠵᠢᠴᠢ ᠲᠤᠰ ᠠᠷᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ ᠤᠯᠤᠰ ᠲᠤ ᠠᠰᠲᠠᠭᠠᠨ | ᠲᠣᠭᠲᠠᠭᠠᠯ ᠲᠠᠢ ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ᠃ | ᠵᠢᠷᠠᠨ ᠭᠤᠷᠪᠠᠳᠤᠭᠠᠷ ᠵᠦᠢᠯ ᠵᠣᠭᠤᠰᠤᠨ ᠤ ᠬᠡᠯᠪᠡᠷᠢ ᠪᠦᠬᠦᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠲᠥᠰᠥᠪ ᠤᠨ ᠬᠠᠮᠢᠶᠠᠷᠤᠯᠲᠠ ᠶᠢᠨ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠠᠵᠤ ᠠᠬᠤᠶᠢᠯᠠᠯ ᠤᠨ ᠡᠳ᠋ ᠤᠨ ᠶᠠᠪᠤᠳᠠᠯ᠂ ᠨᠢᠭᠲᠠᠯᠠᠨ ᠪᠣᠳᠣᠯᠲᠠ ᠶᠢᠨ ᠳᠦᠷᠢᠮ ᠢ ᠬᠡᠷᠡᠭᠵᠢᠭᠦᠯᠵᠦ ᠪᠠᠶᠢᠭ᠎ᠠ | ᠠᠵᠢᠯ ᠦᠢᠯᠡᠰ ᠤᠨ ᠨᠢᠭᠡᠴᠢ ᠵᠢᠴᠢ ᠠᠵᠢᠯ ᠦᠢᠯᠡᠰ ᠤᠨ ᠨᠢᠭᠡᠴᠢ ᠶᠢᠨ ᠭᠠᠳᠠᠭᠰᠢ ᠪᠠᠨ ᠪᠡᠯᠡ ᠣᠷᠣᠭᠤᠯᠤᠭᠰᠠᠨ | ᠪᠦᠷᠢᠨ ᠪᠡᠯᠡᠲᠦ ᠠᠵᠤ ᠠᠬᠤᠶᠢᠯᠠᠯ ᠪᠤᠶᠤ ᠬᠤᠪᠢ ᠡᠵᠡᠮᠳᠡᠭᠰᠡᠨ ᠠᠵᠤ ᠠᠬᠤᠶᠢᠯᠠᠯ ᠤᠨ ᠡᠳ᠋ ᠬᠥᠷᠥᠩᠭᠡ ᠶᠢᠨ | ᠬᠠᠮᠢᠶᠠᠷᠤᠯᠲᠠ ᠳᠤ ᠲᠣᠰ ᠠᠷᠭ᠎ᠠ ᠶᠢ ᠲᠣᠬᠢᠷᠠᠭᠤᠯᠤᠨ ᠬᠡᠷᠡᠭᠯᠡᠬᠦ ᠦᠭᠡᠢ᠃ | ᠵᠢᠷᠠᠨ ᠳᠥᠷᠪᠡᠳᠦᠭᠡᠷ ᠵᠦᠢᠯ ᠤᠯᠠᠨ ᠨᠡᠶᠢᠲᠡ ᠶᠢᠨ ᠰᠠᠭᠤᠷᠢ ᠪᠡᠯᠡᠳᠬᠡᠮᠵᠢ᠂ ᠵᠠᠰᠠᠭ ᠤᠨ ᠣᠷᠳᠣᠨ ᠤ | ᠨᠥᠭᠡᠴᠡᠯᠡᠭᠰᠡᠨ ᠡᠳ᠋ ᠪᠣᠳᠠᠰ᠂ ᠤᠯᠤᠰ ᠤᠨ ᠥᠮᠴᠢᠯᠡᠯᠲᠦ ᠲᠡᠦᠬᠡ ᠶᠢᠨ ᠳᠤᠷᠠᠰᠬᠠᠯᠲᠤ ᠵᠦᠢᠯᠡᠰ ᠰᠣᠶᠣᠯ ᠤᠨ ᠡᠳ᠋ | ᠬᠥᠷᠥᠩᠭᠡ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠵᠡᠷᠭᠡ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠬᠡᠷᠡᠭᠵᠢᠭᠦᠯᠦᠨ᠎ᠡ᠃ | ᠵᠢᠷᠠᠨ ᠲᠠᠪᠤᠳᠤᠭᠠᠷ ᠵᠦᠢᠯ ᠲᠣᠰ ᠠᠷᠭ᠎ᠠ ᠶᠢ 2023 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ | ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ︾ ︵ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 181 ᠳ᠋ᠦ᠋ᠭᠡᠷ ᠲᠣᠭᠠᠲᠤ︶ ᠶᠢ | ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 5 ᠳ᠋ᠤᠭᠠᠷ ᠰᠠᠷ᠎ᠠ ᠶᠢᠨ 11 ᠤ ᠡᠳᠦᠷ ᠳᠠᠷᠤᠮᠠᠯᠯᠠᠨ ᠲᠠᠷᠬᠠᠭᠠᠪᠠ | | | | | | | | | | | | ᠁ |