| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2024﹈ 16 ᠳ᠋ᠤᠭᠠᠷ ᠲᠣᠭᠠᠲᠤ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ︽ᠮᠢᠩᠭ᠎ᠠ ᠲᠦᠮᠡ ᠶᠢᠨ | ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠭ᠎ᠠ ᠬᠡᠮᠵᠢᠶ᠎ᠡ᠂ ᠶᠠᠰᠤ ᠴᠢᠨᠠᠷ ᠤᠨ ᠬᠤᠣᠰ ᠳᠡᠭᠡᠭᠰᠢᠯᠡᠯᠲᠡ ᠶᠢ | ᠠᠬᠢᠭᠤᠯᠵᠤ᠂ 2032 ᠣᠨ ᠪᠣᠯᠬᠤ ᠳᠤ ᠲᠦᠷᠦᠭᠦᠯᠡᠨ ᠥᠨᠢᠳᠡ ᠶᠢᠨ ᠦᠨᠳᠦᠰᠦᠨ ᠲᠠᠷᠢᠶᠠᠨ ᠭᠠᠵᠠᠷ ᠪᠦᠬᠦᠨ ᠢ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠶᠢ ᠦᠨᠡᠨ ᠬᠦ ᠪᠠᠲᠤᠯᠠᠵᠤ᠂ ᠤᠯᠤᠰ ᠤᠨ | ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠬᠤᠯᠪᠣᠭᠳᠠᠯ ᠪᠦᠬᠦᠢ ᠤᠴᠢᠷ ᠤᠳ ᠢ ᠳᠣᠣᠷᠠᠬᠢ ᠮᠡᠲᠦ | ᠮᠡᠳᠡᠭᠳᠡᠪᠡ᠃ | ᠨᠢᠭᠡ᠂ ᠨᠥᠬᠦᠪᠦᠷᠢᠯᠡᠬᠦ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠠᠬᠢ ᠲᠥᠪ ᠤᠨ ᠲᠥᠰᠥᠪ ᠤᠨ | ᠳᠣᠲᠣᠷᠠᠬᠢ ᠪᠠ ᠲᠥᠪ ᠤᠨ ᠡᠳ᠋ ᠤᠨ ᠵᠠᠰᠠᠭ ᠤᠨ ᠰᠢᠯᠵᠢᠭᠦᠯᠦᠨ ᠣᠯᠭᠤᠬᠤ ᠵᠡᠷᠭᠡ ᠠᠷᠭ᠎ᠠ ᠵᠠᠮ ᠢᠶᠠᠷ ᠬᠢ ᠪᠡᠯᠡ | ᠣᠷᠣᠭᠤᠯᠤᠯᠲᠠ ᠶᠢ ᠨᠢᠭᠡᠳᠦᠯᠲᠡᠢ ᠲᠥᠯᠥᠪᠯᠡᠵᠦ ᠡᠮᠬᠢᠯᠡᠨ ᠨᠡᠶᠢᠯᠡᠭᠦᠯᠬᠦ ᠬᠡᠷᠡᠭᠲᠡᠢ᠃ ᠤᠯᠤᠰ ᠠᠴᠠ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠳᠦᠬᠦᠷᠵᠢᠭᠦᠯᠦᠨ ᠪᠡᠯᠡ ᠣᠷᠣᠭᠤᠯᠬᠤ ᠪᠠᠷ | ᠱᠠᠭᠠᠷᠳᠠᠭᠰᠠᠨ ᠵᠠᠷᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠵᠦ | ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠨ ᠳᠠᠬᠢᠵᠤ ᠲᠥᠬᠦᠷᠵᠢᠭᠦᠯᠬᠦ ᠦᠭᠡᠢ᠃ | ᠥᠪᠡᠷᠲᠡᠭᠡᠨ ᠵᠠᠰᠠᠬᠤ ᠣᠷᠣᠨ ᠠᠴᠠ ᠡᠯ᠎ᠡ ᠠᠶᠢᠮᠠᠭ ᠬᠤᠲᠠ ᠶᠢᠨ ᠮᠦ ᠪᠦᠷᠢ ᠶᠢᠨ ᠳᠤᠮᠳᠠᠴᠢ ᠡᠳ᠋ ᠤᠨ ᠵᠠᠰᠠᠭ ᠤᠨ | ᠨᠥᠬᠦᠪᠦᠷᠢ ᠶᠢᠨ ᠪᠠᠷᠢᠮᠵᠢᠶ᠎ᠠ ᠶᠢ ᠲᠥᠷᠥᠯ ᠬᠤᠪᠢᠶᠠᠨ ᠲᠣᠭᠲᠠᠭᠠᠵᠤ᠂ ᠡᠯ᠎ᠡ ᠠᠶᠢᠮᠠᠭ ᠬᠤᠲᠠ ᠨᠢ ᠲᠤᠰ ᠭᠠᠵᠠᠷ | ᠣᠷᠣᠨ ᠤ ᠪᠠᠨ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ᠂ ᠠᠳᠠᠯᠢ ᠪᠤᠰᠤ | ᠭᠠᠵᠠᠷ ᠤᠨ ᠲᠥᠷᠥᠯ ᠪᠠ ᠪᠦᠲᠦᠭᠡᠨ ᠪᠠᠶᠢᠭᠤᠯᠬᠤ ᠠᠭᠤᠯᠭ᠎ᠠ ᠶᠢᠨ ᠶᠣᠰᠣᠭᠠᠷ ᠡᠯ᠎ᠡ ᠬᠤᠰᠢᠭᠤ ᠰᠢᠶᠠᠨ ︵ᠬᠤᠲᠠ᠂ | ᠲᠣᠭᠤᠷᠢᠭ︶ ᠤ ᠮᠦ ᠪᠦᠷᠢ ᠶᠢᠨ ᠳᠤᠮᠳᠠᠴᠢ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ ᠲᠣᠭᠲᠠᠭᠠᠵᠤ᠂ | ᠬᠤᠰᠢᠭᠤ ᠰᠢᠶᠠᠨ ︵ᠬᠤᠲᠠ᠂ ᠲᠣᠭᠤᠷᠢᠭ︶ ᠢᠶᠠᠷ ᠨᠢᠭᠡᠴᠢ ᠪᠣᠯᠭᠠᠨ ᠨᠢᠭᠡᠳᠦᠯᠲᠡᠢ ᠲᠥᠯᠥᠪᠯᠡᠨ ᠪᠣᠳᠣᠨ᠎ᠠ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠵᠢᠷᠤᠭᠯᠠᠨ ᠲᠥᠯᠥᠪᠯᠡᠬᠦ ᠪᠠ ᠪᠦᠲᠦᠭᠡᠨ ᠪᠠᠶᠢᠭᠤᠯᠬᠤ ᠶᠠᠪᠤᠴᠠ ᠳᠤ᠂ ᠮᠦ | ᠪᠦᠷᠢ ᠳᠤ 100 ᠲᠥᠭᠦᠷᠢᠭ ᠠᠴᠠ ᠳᠣᠣᠷ᠎ᠠ ᠦᠭᠡᠢ ᠪᠠᠷᠢᠮᠵᠢᠶ᠎ᠠ ᠪᠠᠷ ᠪᠡᠯᠡ ᠮᠥᠩᠭᠦ ᠴᠤᠭᠯᠠᠭᠤᠯᠤᠨ ᠬᠥᠳᠡᠯᠮᠦᠷᠢ | ᠬᠦᠴᠦ ᠣᠷᠣᠭᠤᠯᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠨᠥᠬᠦᠴᠡᠯ ᠳᠤ ᠨᠡᠶᠢᠴᠡᠬᠦ ᠲᠠᠷᠢᠶᠠᠯᠠᠩ ᠮᠠᠯ ᠠᠵᠤ ᠠᠬᠤᠢ᠂ | ᠤᠰᠤᠨ ᠠᠰᠢᠭᠯᠠᠯᠲᠠ᠂ ᠣᠶ ᠰᠢᠭᠤᠢ ᠨᠤᠲᠤᠭ ᠪᠡᠯᠴᠢᠭᠡᠷ᠂ ᠵᠠᠮ ᠬᠠᠷᠢᠯᠴᠠᠭ᠎ᠠ ᠵᠡᠷᠭᠡ ᠡᠯ᠎ᠡ ᠲᠥᠷᠥᠯ ᠤᠨ ᠲᠥᠷᠥᠯ | ᠵᠦᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ ᠪᠠᠶᠢᠭᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠶᠢ ᠰᠠᠨᠠᠭᠠᠴᠢᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠪᠦᠲᠦᠭᠡᠨ ᠪᠠᠶᠢᠭᠤᠯᠵᠤ ᠡᠵᠡᠩᠨᠡᠬᠦ ᠳᠤ ᠪᠥᠬᠦ ᠠᠵᠤ ᠦᠢᠯᠡᠰ ᠤᠨ ᠬᠡᠯᠬᠢᠶᠡᠨ ᠤ ᠲᠠᠷᠢᠶᠠᠯᠠᠩ ᠮᠠᠯ ᠠᠵᠤ ᠠᠬᠤᠢ ᠶᠢᠨ | ᠠᠵᠤ ᠠᠬᠤᠶᠢᠯᠠᠯ ᠵᠡᠷᠭᠡ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠬᠤ ᠪᠠ ᠣᠷᠣᠯᠴᠠᠬᠤ ᠶᠢ ᠨᠢ | ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ︶ | ᠬᠤᠶᠠᠷ᠂ ᠡᠮᠦᠨᠡᠬᠢ ᠬᠤᠭᠤᠴᠠᠭᠠᠨ ᠤ ᠠᠵᠢᠯ ᠢᠶᠠᠨ ᠰᠢᠯᠢᠳᠡᠭᠵᠢᠭᠦᠯᠬᠦ ᠬᠡᠷᠡᠭᠲᠡᠢ | ᠦᠯᠡᠭᠦᠦ ᠥᠨᠢᠳᠡ ᠶᠢᠨ ᠦᠨᠳᠦᠰᠦᠨ ᠲᠠᠷᠢᠶᠠᠨ ᠭᠠᠵᠠᠷ ᠪᠦᠬᠦᠨ ᠢ ᠨᠥᠭᠡᠴᠡ ᠲᠥᠷᠥᠯ ᠵᠦᠢᠯ ᠤᠨ | ᠬᠥᠮᠥᠷᠭᠡ ᠳᠤ ᠠᠯᠬᠤᠮ ᠠᠯᠬᠤᠮ ᠢᠶᠠᠷ ᠣᠷᠣᠭᠤᠯᠵᠤ᠂ ᠪᠣᠳᠠᠲᠤ ᠪᠠᠶᠢᠳᠠᠯ ᠳᠤ ᠪᠠᠨ ᠰᠠᠭᠤᠷᠢᠯᠠᠵᠤ ᠪᠦᠲᠦᠭᠡᠨ | ᠪᠠᠶᠢᠭᠤᠯᠬᠤ ᠡᠭᠦᠷᠭᠡ ᠪᠠ ᠤᠷᠢᠲᠠᠵᠤ ᠬᠢᠬᠦ ᠳᠠᠷᠠᠭᠠᠯᠠᠯ ᠢ ᠲᠣᠭᠲᠠᠭᠠᠨ᠂ ᠤᠷᠢᠳ ᠢᠶᠠᠷ ᠬᠢᠯᠪᠠᠷ ᠢ ᠨᠢ ᠳᠠᠷᠠᠭ᠎ᠠ ᠨᠢ | ᠬᠦᠴᠢᠷᠲᠡᠢ ᠶᠢ ᠨᠢ ᠬᠢᠬᠦ ᠶᠢ ᠪᠠᠷᠢᠮᠲᠠᠯᠠᠵᠤ᠂ ᠲᠤᠷᠰᠢᠯᠲᠠ ᠶᠢᠨ ᠭᠠᠵᠠᠷ ᠣᠷᠣᠨ᠂ ᠬᠠᠷ᠎ᠠ ᠬᠥᠷᠥᠰᠥᠲᠦ ᠭᠠᠵᠠᠷ ᠣᠷᠣᠨ | ᠂ ᠲᠠᠯ᠎ᠠ ᠭᠠᠵᠠᠷ᠂ ᠤᠰᠤᠨ ᠠᠰᠢᠭᠯᠠᠯᠲᠠ ᠶᠢᠨ ᠤᠰᠤᠯᠠᠯᠲᠠ ᠶᠢᠨ ᠨᠥᠬᠦᠴᠡᠯ ᠢ ᠪᠦᠷᠢᠳᠦᠭᠦᠯᠦᠭᠰᠡᠨ ᠭᠠᠵᠠᠷ ᠣᠷᠣᠨ | ᠪᠠ ᠦᠯᠡᠳᠡᠭᠳᠡᠯ ᠡᠭᠦᠷᠭᠡ ᠪᠠᠷ ᠨᠡᠯᠢᠶᠡᠳ ᠴᠥᠭᠡᠨ ᠪᠠᠶᠢᠭ᠎ᠠ ᠪᠦᠬᠦᠯᠢ ᠪᠠᠶᠢᠭᠤᠯᠤᠮᠵᠢᠲᠤ ᠳᠦᠷᠢᠮ ᠤᠨ ᠭᠠᠵᠠᠷ | ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠤᠷᠢᠳ ᠢᠶᠠᠷ ᠠᠬᠢᠭᠤᠯᠵᠤ᠂ | ᠬᠠᠷ᠎ᠠ ᠬᠥᠷᠥᠰᠥᠲᠦ ᠭᠠᠵᠠᠷ ᠢ ᠬᠠᠮᠠᠭᠠᠯᠠᠨ ᠠᠰᠢᠭᠯᠠᠬᠤ ᠪᠠ ᠬᠤᠵᠢᠷᠰᠢᠭᠰᠠᠨ ᠲᠠᠷᠢᠶᠠᠯᠠᠬᠤ ᠭᠠᠵᠠᠷ ᠢ ᠵᠠᠰᠠᠵᠤ | ᠰᠠᠶᠢᠵᠢᠷᠠᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ ᠨᠢ | ᠲᠥᠷᠥᠯ ᠵᠦᠢᠯ ᠲᠣᠭᠲᠠᠭᠠᠬᠤ ᠠᠴᠠ ᠡᠮᠦᠨᠡᠬᠢ 3 ᠵᠢᠯ ᠤᠨ ᠮᠦ ᠪᠦᠷᠢ ᠶᠢᠨ ᠳᠤᠮᠳᠠᠴᠢ ᠪᠣᠳᠠᠲᠠᠢ ᠵᠠᠷᠤᠯᠭ᠎ᠠ ᠶᠢᠨ | ᠵᠣᠭᠤᠰᠤᠨ ᠲᠤᠭ᠎ᠠ ᠶᠣᠰᠣᠭᠠᠷ᠂ ᠵᠢᠷᠤᠭ ᠲᠥᠯᠥᠪᠯᠡᠭᠡ ᠶᠢᠨ ᠳᠠᠭᠠᠭᠠᠴᠢᠯᠠᠯᠲᠠ ᠵᠠᠷᠯᠠᠬᠤ᠂ ᠠᠩᠬ᠎ᠠ ᠠᠯᠬᠤᠮ ᠤᠨ | ᠵᠢᠷᠤᠭ ᠲᠥᠯᠥᠪᠯᠡᠭᠡ ᠬᠢᠬᠦ᠂ ᠤᠰᠤᠨ ᠤ ᠡᠬᠢ ᠰᠤᠷᠪᠤᠯᠵᠢ ᠶᠢᠨ ᠨᠤᠲᠠᠯᠠᠯᠲᠠ ᠶᠢ ᠬᠢᠨᠠᠨ ᠵᠥᠪᠰᠢᠶᠡᠷᠡᠭᠦᠯᠬᠦ ᠵᠡᠷᠭᠡ | ᠡᠮᠦᠨᠡᠬᠢ ᠬᠤᠭᠤᠴᠠᠭᠠᠨ ᠤ ᠠᠵᠢᠯ ᠢ ᠤᠷᠢᠳᠴᠢᠯᠠᠨ ᠥᠷᠨᠢᠭᠦᠯᠵᠦ᠂ ᠪᠦᠲᠦᠭᠡᠨ ᠪᠠᠶᠢᠭᠤᠯᠬᠤ ᠣᠨ ᠤ 3 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠡᠬᠢᠯᠡᠭᠦᠯᠬᠦ ᠨᠥᠬᠦᠴᠡᠯ ᠪᠦᠷᠢᠳᠦᠭᠦᠯᠬᠦ ᠶᠢ ᠦᠨᠡᠨ ᠬᠦ ᠪᠠᠲᠤᠯᠠᠨ᠂ ︽ | ᠵᠣᠭᠤᠰ ᠨᠢ ᠲᠥᠷᠥᠯ ᠵᠦᠢᠯ ᠢ ᠬᠦᠯᠢᠶᠡᠬᠦ︾ ᠠᠴᠠ ᠵᠠᠶᠢᠯᠠᠰᠬᠢᠨ᠎ᠡ᠃ ︽ᠤᠰᠤ ᠠᠷᠪᠢᠯᠠᠬᠤ ᠶᠢ ᠲᠡᠷᠢᠭᠦᠨ ᠳᠤ | ᠲᠠᠯᠪᠢᠬᠤ︾ ᠵᠢᠷᠤᠭ ᠲᠥᠯᠥᠪᠯᠡᠭᠡ ᠶᠢᠨ ᠣᠨᠣᠯᠵᠢᠬᠤᠨ ᠢ ᠪᠠᠷᠢᠮᠲᠠᠯᠠᠵᠤ᠂ ᠭᠠᠵᠠᠷ ᠳᠣᠣᠷᠠᠬᠢ ᠤᠰᠤ ᠶᠢ ᠬᠠᠮᠢᠶᠠᠷᠤᠨ | ᠡᠵᠡᠮᠳᠡᠬᠦ ᠨᠢᠭᠡᠴᠢ ᠶᠢᠨ ᠶᠡᠷᠦᠩᠬᠡᠢ ᠬᠡᠮᠵᠢᠶ᠎ᠡ ᠶᠢ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠂ ᠭᠠᠵᠠᠷ | ᠣᠷᠣᠨ ᠤ ᠪᠠᠨ ᠪᠠᠶᠢᠳᠠᠯ ᠳᠤ ᠲᠣᠬᠢᠷᠠᠭᠤᠯᠤᠨ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠥᠨᠳᠥᠷ | ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ ᠥᠷᠨᠢᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠳᠠᠬᠢ ᠣᠶ ᠰᠢᠭᠤᠢ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠬᠢᠨᠠᠨ ᠵᠥᠪᠰᠢᠶᠡᠷᠡᠯ ᠪᠠ | ᠬᠠᠶᠢᠷ ᠴᠢᠯᠠᠭᠤᠨ ᠮᠠᠲ᠋ᠧᠷᠢᠶᠠᠯ ᠠᠪᠴᠤ ᠬᠡᠷᠡᠭᠯᠡᠬᠦ ᠵᠥᠪᠰᠢᠶᠡᠷᠡᠯ᠂ ᠤᠰᠤ ᠠᠪᠴᠤ ᠬᠡᠷᠡᠭᠯᠡᠬᠦ ᠵᠥᠪᠰᠢᠶᠡᠷᠡᠯ ᠤᠨ ᠬᠢᠨᠠᠨ | ᠵᠥᠪᠰᠢᠶᠡᠷᠡᠯ ᠵᠡᠷᠭᠡ ᠶᠢᠨ ᠵᠠᠮ ᠱᠤᠭᠤᠮ ᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ᠃ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠰᠡᠳᠦᠪ ᠲᠣᠭᠲᠠᠭᠠᠬᠤ ᠲᠥᠰᠥᠯ ᠪᠠ | ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠲᠥᠰᠥᠯ ᠢ ᠲᠣᠰ ᠲᠣᠰ ᠭᠠᠴᠠᠭ᠎ᠠ ᠲᠣᠰᠬᠤᠨ ᠤ ᠠᠷᠠᠳ ᠤᠨ | ᠬᠤᠷᠠᠯ ᠢᠶᠠᠷ ᠰᠤᠳᠤᠯᠤᠨ ᠪᠠᠲᠤᠯᠠᠭᠤᠯᠬᠤ ᠶᠢᠨ ᠬᠠᠮᠲᠤ ᠭᠠᠷ ᠤᠨ ᠥᠰᠥᠭ ᠵᠢᠷᠤᠭᠤᠯᠵᠤ ᠨᠤᠲᠠᠯᠠᠨ ᠲᠣᠭᠲᠠᠭᠠᠬᠤ | ᠬᠡᠷᠡᠭᠲᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ | ᠠᠰᠢᠭᠯᠠᠯᠲᠠ ᠶᠢᠨ ᠲᠢᠩᠬᠢᠮ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ︶ | ᠭᠤᠷᠪᠠ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠵᠢᠷᠤᠮᠵᠢᠭᠤᠯᠬᠤ ᠬᠡᠷᠡᠭᠲᠡᠢ | ᠵᠠᠷᠴᠢᠮ ᠳᠡᠭᠡᠷ᠎ᠡ ᠪᠠᠨ ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠶᠢᠨ ᠬᠡᠰᠡᠭ ᠤᠨ ᠲᠠᠯᠠᠪᠠᠶ ᠶᠢ 10000 | ᠮᠦ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠨ ᠤ ᠣᠨ ᠤ | ᠪᠠᠷᠢᠯᠭ᠎ᠠ ᠶᠢᠨ ᠠᠵᠢᠯ ᠤᠨ ᠪᠠᠷᠢᠬᠤ ᠡᠭᠦᠷᠭᠡ ᠪᠠᠨ ᠪᠦᠬᠦᠯᠢ ᠴᠣᠭᠴᠠ ᠪᠠᠷ ᠨᠢ ᠳᠠᠭᠠᠭᠠᠴᠢᠯᠠᠭᠤᠯᠬᠤ ᠶᠢ ᠵᠥᠪᠰᠢᠶᠡᠷᠡᠨ᠎ᠡ | ᠃ ᠪᠦᠬᠦ ᠶᠠᠪᠤᠴᠠ ᠶᠢᠨ ᠡᠯᠧᠺᠳ᠋ᠷᠣᠨᠴᠢᠯᠠᠭᠰᠠᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠ | ᠠᠯᠤᠰ ᠠᠴᠠ ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ ᠶᠢ ᠳᠡᠯᠭᠡᠷᠡᠭᠦᠯᠦᠨ ᠬᠡᠷᠡᠭᠵᠢᠭᠦᠯᠵᠦ᠂ ᠵᠢᠷᠤᠭ | ᠲᠥᠯᠥᠪᠯᠡᠭᠡ ᠶᠢᠨ ᠦᠯᠢᠭᠡᠷ ᠶᠠᠩᠵᠤ᠂ ᠬᠢᠨᠠᠨ ᠵᠠᠬᠢᠷᠬᠤ ᠪᠠ ᠪᠠᠷᠢᠯᠭ᠎ᠠ ᠶᠢᠨ ᠠᠵᠢᠯ ᠤᠨ ᠮᠠᠲ᠋ᠧᠷᠢᠶᠠᠯ ᠤᠨ ᠦᠯᠢᠭᠡᠷ | ᠶᠠᠩᠵᠤ᠂ ᠮᠠᠲ᠋ᠧᠷᠢᠶᠠᠯ ᠤᠨ ᠦᠯᠢᠭᠡᠷ ᠶᠠᠩᠵᠤ ᠵᠡᠷᠭᠡ ᠶᠢ ᠳᠠᠭᠠᠭᠠᠴᠢᠯᠠᠯᠲᠠ ᠦᠨᠡᠯᠡᠬᠦ ᠬᠦᠴᠦᠨ ᠵᠦᠢᠯ ᠪᠠ ᠭᠡᠷ᠎ᠡ | ᠭᠦᠢᠴᠡᠳᠬᠡᠬᠦ ᠪᠠᠷᠢᠮᠵᠢᠶ᠎ᠠ ᠪᠣᠯᠭᠠᠬᠤ ᠶᠢ ᠠᠬᠢᠭᠤᠯᠵᠤ᠂ ᠪᠦᠲᠦᠭᠡᠨ ᠪᠠᠶᠢᠭᠤᠯᠤᠯᠲᠠ ᠶᠢᠨ ᠣᠨ ᠤ 2 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ | ᠬᠦᠯᠢᠶᠡᠬᠦ ᠶᠢ ᠪᠡᠶᠡᠯᠡᠭᠦᠯᠦᠨ᠎ᠡ᠃ ᠪᠠᠷᠢᠯᠭ᠎ᠠ ᠶᠢᠨ ᠭᠡᠷ᠎ᠡ ᠶᠢ ᠵᠠᠷᠯᠠᠨ ᠨᠡᠶᠢᠲᠡᠯᠡᠵᠦ᠂ ︽ᠦᠨᠡᠨ ᠬᠤᠳᠠᠯ ᠭᠡᠷ᠎ᠡ︾᠂ ︽ | ᠳᠣᠣᠷ᠎ᠠ ᠦᠨ᠎ᠡ ᠪᠠᠷ ᠳᠠᠭᠠᠭᠠᠴᠢᠯᠠᠯᠲᠠ ᠣᠨᠣᠵᠤ ᠥᠨᠳᠥᠷ ᠦᠨ᠎ᠡ ᠪᠠᠷ ᠳ᠋ᠦᠩᠨᠡᠨ ᠪᠣᠳᠣᠬᠤ︾ ᠵᠡᠷᠭᠡ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠥᠩᠭᠡᠨ | ᠳᠡᠭᠡᠷ᠎ᠡ ᠪᠠᠨ ᠳᠠᠭᠠᠭᠠᠴᠢᠯᠠᠯᠲᠠ ᠵᠠᠷᠯᠠᠵᠤ ᠳᠠᠯᠳᠠᠭᠤᠷ ᠲᠣᠭᠲᠠᠭᠠᠬᠤ᠂ ᠳᠠᠭᠠᠭᠠᠴᠢᠯᠠᠯᠲᠠ ᠬᠦᠯᠢᠶᠡᠬᠦ ᠳᠤ | ᠬᠤᠤᠪᠢᠯᠳᠤᠵᠤ ᠬᠤᠮᠣᠷᠭᠠᠯᠠᠬᠤ᠂ ᠰᠢᠯᠵᠢᠭᠦᠯᠦᠨ ᠳᠠᠭᠠᠭᠠᠴᠢᠯᠠᠭᠤᠯᠵᠤ ᠲᠦᠰᠢᠭᠯᠡᠬᠦ ᠵᠡᠷᠭᠡ ᠬᠡᠯᠪᠡᠷᠢ ᠪᠠᠷ ᠬᠤᠳᠠᠯ | ᠬᠡᠯᠡᠵᠦ ᠬᠠᠭᠤᠷᠮᠠᠭ ᠢᠶᠠᠷ ᠵᠣᠬᠢᠶᠠᠭᠰᠠᠨ ᠪᠠᠶᠢᠪᠠᠯ᠂ ᠪᠣᠳᠠᠲᠤ ᠪᠠᠶᠢᠳᠠᠯ ᠢ ᠪᠠᠶᠢᠴᠠᠭᠠᠨ ᠲᠣᠳᠣᠯᠠᠮᠠᠭᠴᠠ | ᠳᠠᠭᠠᠭᠠᠴᠢᠯᠠᠯᠲᠠ ᠬᠦᠯᠢᠶᠡᠭᠴᠢ ᠶᠢᠨ ᠳᠠᠭᠠᠭᠠᠴᠢᠯᠠᠯᠲᠠ ᠬᠦᠯᠢᠶᠡᠬᠦ ︵ᠳᠠᠭᠠᠭᠠᠴᠢᠯᠠᠯᠲᠠ ᠣᠨᠣᠬᠤ︶ ᠬᠢᠷᠢ ᠬᠡᠮ ᠢ ᠨᠢ | ᠬᠦᠴᠦᠨ ᠦᠭᠡᠢ ᠪᠣᠯᠭᠠᠵᠤ᠂ 3 ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷᠠᠬᠢ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠳᠤ | ᠣᠷᠤᠯᠴᠠᠬᠤ ᠶᠢ ᠴᠠᠭᠠᠵᠠᠯᠠᠬᠤ ᠶᠢᠨ ᠬᠠᠮᠲᠤ᠂ ᠬᠠᠮᠢᠶ᠎ᠠ ᠪᠦᠬᠦᠢ ᠰᠦᠪᠡᠭᠴᠢ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ︶ | ᠳᠥᠷᠪᠡ᠂ ᠪᠡᠯᠡ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ | ᠲᠥᠷᠥᠯ ᠵᠦᠢᠯ ᠤᠨ ᠪᠡᠯᠡ ᠣᠷᠣᠭᠤᠯᠤᠯᠲᠠ ᠳᠤ ︽ᠨᠢᠭᠡ ᠭᠠᠵᠠᠷ ᠢ ᠨᠢᠭᠡ ᠵᠥᠪᠯᠡᠬᠦ ᠶᠢ ᠬᠡᠷᠡᠭᠵᠢᠭᠦᠯᠵᠦ︾᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ ᠵᠢᠷᠤᠭᠯᠠᠨ ᠲᠥᠯᠥᠪᠯᠡᠬᠦ ᠳᠤ ᠪᠠᠨ ︽ᠶᠠᠭᠤ | ᠳᠤᠲᠠᠭᠳᠠᠵᠤ ᠪᠠᠶᠢᠪᠠᠯ ᠲᠡᠭᠦᠨ ᠢ ᠨᠢ ᠨᠥᠬᠦᠪᠦᠷᠢᠯᠡᠵᠦ︾᠂ ᠤᠷᠢᠳ ᠢᠶᠠᠷ ᠲᠠᠷᠢᠶᠠᠨ ᠭᠠᠵᠠᠷ ᠤᠨ ᠰᠠᠭᠤᠷᠢ | ᠪᠡᠯᠡᠳᠬᠡᠮᠵᠢ ᠶᠢᠨ ᠢᠨᠵᠧᠨᠧᠷᠢᠩ ᠳᠠᠷᠠᠭ᠎ᠠ ᠨᠢ ᠲᠠᠷᠢᠶᠠᠨ ᠭᠠᠵᠠᠷ ᠤᠨ ᠭᠠᠵᠠᠷ ᠤᠨ ᠬᠦᠴᠦ ᠶᠢ ᠨᠡᠮᠡᠭᠳᠡᠭᠦᠯᠬᠦ | ᠢᠨᠵᠧᠨᠧᠷᠢᠩ ᠤᠨ ᠳᠡᠰ ᠳᠠᠷᠠᠭᠠᠯᠠᠯ ᠤᠨ ᠲᠣᠬᠢᠷᠠᠭᠤᠯᠤᠯᠲᠠ ᠶᠣᠰᠣᠭᠠᠷ᠂ ᠲᠠᠷᠢᠶᠠᠨ ᠭᠠᠵᠠᠷ᠂ ᠤᠰᠤ᠂ ᠴᠠᠬᠢᠯᠭᠠᠨ᠂ | ᠵᠠᠮ᠂ ᠣᠢ ᠰᠢᠭᠤᠢ ᠶᠢ ᠶᠡᠷᠦᠩᠬᠡᠶᠢᠯᠡᠨ ᠳᠦᠬᠦᠷᠵᠢᠭᠦᠯᠬᠦ ᠶᠢ ᠪᠡᠶᠡᠯᠡᠭᠦᠯᠵᠦ᠂ ︽ᠪᠦᠲᠦᠭᠡᠨ ᠪᠠᠶᠢᠭᠤᠯᠤᠯᠲᠠ ᠶᠢᠨ | ᠪᠠᠷᠢᠮᠵᠢᠶ᠎ᠠ ᠠᠴᠠ ᠬᠡᠲᠦᠷᠡᠭᠦᠯᠦᠭᠰᠡᠨ ᠵᠢᠷᠤᠭ ᠲᠥᠯᠥᠪᠯᠡᠭᠡ︾ ᠶᠢ ᠲᠠᠰᠤ ᠵᠣᠭᠰᠣᠭᠠᠵᠤ᠂ ᠳᠠᠩ ᠭᠠᠭᠴᠠ ᠲᠥᠷᠥᠯ | ᠵᠦᠢᠯ ᠤᠨ ᠮᠦ ᠪᠦᠷᠢ ᠶᠢᠨ ᠳᠤᠮᠳᠠᠴᠢ ᠪᠡᠯᠡ ᠣᠷᠣᠭᠤᠯᠤᠯᠲᠠ ᠶᠢ ᠪᠣᠳᠠᠲᠤ ᠪᠠᠶᠢᠳᠠᠯ ᠢᠶᠠᠨ ᠦᠨᠳᠦᠰᠦᠯᠡᠨ ᠮᠦ | ᠪᠦᠷᠢ ᠶᠢᠨ ᠳᠤᠮᠳᠠᠴᠢ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠠᠴᠠ ᠥᠨᠳᠥᠷ ᠪᠤᠶᠤ ᠳᠣᠣᠷ᠎ᠠ ᠪᠠᠶᠢᠯᠭᠠᠵᠤ | ᠪᠣᠯᠣᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠴᠢᠩᠭ᠎ᠠ ᠬᠢᠨᠠᠭᠤᠷ ᠪᠠᠶᠢᠬᠤ ᠵᠠᠷᠴᠢᠮ ᠤᠨ ᠶᠣᠰᠣᠭᠠᠷ | ᠲᠤᠰᠠᠭᠠᠷ ᠵᠠᠷᠤᠳᠠᠯ ᠢ ᠦᠨᠡᠨ ᠪᠣᠳᠠᠲᠠᠢ ᠪᠠᠷ ᠵᠠᠷᠤᠯᠭ᠎ᠠ ᠪᠠᠷ ᠵᠢᠭᠰᠠᠭᠠᠨ ᠭᠠᠷᠭᠠᠵᠤ᠂ ᠨᠡᠶᠢᠲᠡ ᠲᠤᠭ᠎ᠠ ᠶᠢ ᠲᠤᠰ | ᠲᠥᠷᠥᠯ ᠵᠦᠢᠯ ᠤᠨ ᠥᠪᠡᠷᠲᠡᠭᠡᠨ ᠵᠠᠰᠠᠬᠤ ᠣᠷᠣᠨ ᠤ ᠵᠢᠴᠢ ᠲᠡᠭᠦᠨ ᠠᠴᠠ ᠳᠡᠭᠡᠭᠰᠢᠬᠢ ᠡᠳ᠋ ᠤᠨ ᠵᠠᠰᠠᠭ ᠤᠨ | ᠨᠥᠬᠦᠪᠦᠷᠢ ᠶᠢᠨ ᠪᠡᠯᠡ ᠮᠥᠩᠭᠦ ᠶᠢᠨ ᠶᠡᠷᠦᠩᠬᠡᠢ ᠲᠣᠭᠠᠨ ᠤ 5% ᠠᠴᠠ ᠬᠡᠲᠦᠷᠡᠭᠦᠯᠵᠦ ᠪᠣᠯᠬᠤ ᠦᠭᠡᠢ᠃ ᠡᠳ᠋ ᠤᠨ | ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠬᠠᠷᠭᠤᠭᠤᠯᠵᠤ ᠬᠠᠰᠤᠭᠰᠠᠨ ᠪᠠ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠭᠰᠡᠨ ᠦᠯᠡᠳᠡᠪᠦᠷᠢ ᠪᠡᠯᠡ ᠮᠥᠩᠭᠦ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠪᠡᠯᠡ ᠮᠥᠩᠭᠦ ᠳᠤ ᠲᠤᠰᠬᠠᠢ ᠳᠠᠩᠰᠠᠨ ᠡᠷᠦᠬᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠪᠥᠬᠦ | ᠶᠠᠪᠤᠴᠠ ᠳᠤ ᠮᠥᠷᠳᠡᠵᠦ ᠬᠢᠨᠠᠨ ᠪᠤᠳᠤᠬᠤ ᠠᠵᠢᠯ ᠢ ᠥᠷᠨᠢᠭᠦᠯᠵᠦ᠂ ᠪᠠᠷᠢᠯᠭ᠎ᠠ ᠶᠢᠨ ᠠᠬᠢᠴᠠ ᠶᠢ ᠴᠢᠩᠭ᠎ᠠ ᠵᠢᠷᠤᠮᠯᠠᠨ | ᠲᠣᠭᠠᠴᠠᠭ᠎ᠠ ᠬᠢᠵᠦ᠂ ᠪᠠᠷᠢᠯᠭ᠎ᠠ ᠶᠢᠨ ᠠᠬᠢᠴᠠ ᠶᠢᠨ ᠵᠣᠭᠤᠰ ᠥᠭᠬᠦ ᠬᠠᠷᠢᠴᠠᠯ ᠢ ᠨᠢᠭᠡᠨᠲᠡ ᠱᠠᠲᠤᠯᠠᠨ ᠰᠢᠯᠭᠠᠨ | ᠬᠤᠷᠢᠶᠠᠵᠤ ᠠᠪᠬᠤ ᠶᠢ ᠪᠡᠶᠡᠯᠡᠭᠦᠯᠦᠭᠰᠡᠨ ᠪᠠ ᠦᠵᠦᠭᠯᠡᠭᠰᠡᠨ ᠭᠡᠷᠡᠴᠢᠯᠡᠯᠲᠡ ᠲᠣᠭᠲᠠᠭᠰᠠᠨ ᠪᠠᠷᠢᠯᠭ᠎ᠠ ᠶᠢᠨ ᠦᠨ᠎ᠡ | ᠮᠥᠩᠭᠦᠨ ᠤ 80% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠪᠤᠰᠤᠳ ᠥᠭᠬᠦ ᠶᠣᠰᠣᠲᠠᠢ ᠪᠠᠷᠢᠯᠭ᠎ᠠ ᠶᠢᠨ | ᠵᠣᠭᠤᠰ ᠢ ᠪᠠᠷᠢᠯᠭ᠎ᠠ ᠳᠠᠭᠤᠰᠴᠤ ᠰᠢᠯᠭᠠᠨ ᠬᠤᠷᠢᠶᠠᠵᠤ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ 30 ᠡᠳᠦᠷ ᠤᠨ | ᠳᠣᠲᠣᠷ᠎ᠠ ᠥᠭᠬᠦ ᠬᠡᠷᠡᠭᠲᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ︶ | ᠲᠠᠪᠤ᠂ ᠨᠡᠮᠡᠭᠳᠡᠭᠦᠯᠦᠭᠰᠡᠨ ᠭᠠᠵᠠᠷ ᠤᠨ ᠳᠠᠯᠳᠠ ᠬᠦᠴᠦᠨ ᠢ ᠠᠭᠤᠳᠠᠯᠬᠤ ᠬᠡᠷᠡᠭᠲᠡᠢ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠢ ᠪᠦᠲᠦᠭᠡᠨ ᠪᠠᠶᠢᠭᠤᠯᠬᠤ ᠠᠴᠠ ᠡᠮᠦᠨ᠎ᠡ᠂ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠬᠠᠮᠢᠶ᠎ᠠ ᠪᠦᠬᠦᠢ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠵᠤ ᠭᠠᠵᠠᠷ ᠤᠨ ᠲᠥᠷᠥᠯ ᠤᠨ ᠰᠢᠨᠵᠢ ᠴᠢᠨᠠᠷ ᠢ ᠨᠤᠲᠠᠯᠠᠵᠤ᠂ ᠣᠳᠣᠬᠢ ᠪᠠᠶᠢᠳᠠᠯ ᠳᠠᠬᠢ | ᠲᠠᠷᠢᠮᠠᠯ ᠤᠨ ᠪᠠᠶᠢᠳᠠᠯ ᠤᠨ ᠡᠬᠡ ᠲᠠᠩᠰᠠ ᠶᠢ ᠪᠠᠶᠢᠭᠤᠯᠤᠨ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ | ᠣᠷᠣᠨ ᠪᠠᠶᠢᠷᠢ᠂ ᠲᠤᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠢ᠃ ︽ᠨᠢᠭᠡ ᠡᠷᠦᠬᠡ ᠳᠤ ᠨᠢᠭᠡ ᠬᠡᠰᠡᠭ ᠲᠠᠷᠢᠶᠠᠨ | ᠭᠠᠵᠠᠷ︾ ᠤᠨ ᠪᠠᠷᠢᠮᠵᠢᠶ᠎ᠠ ᠶᠣᠰᠣᠭᠠᠷ ︽ᠭᠤᠷᠪᠠ ᠶᠢ ᠬᠤᠪᠢᠷᠠᠭᠠᠬᠤ᠂ ᠲᠠᠪᠤ ᠶᠢ ᠨᠢᠭᠡᠳᠦᠯᠲᠡᠢ ᠬᠢᠬᠦ᠂ ᠨᠢᠭᠡ ᠶᠢ | ᠳᠠᠬᠢᠨᠲᠠ ᠬᠤᠪᠢᠶᠠᠷᠢᠯᠠᠬᠤ︾ ︵ᠲᠠᠷᠢᠶᠠᠴᠢᠨ ᠡᠷᠦᠬᠡ ᠶᠢᠨ ᠳᠠᠭᠠᠭᠠᠴᠢᠯᠠᠯᠲᠠ ᠶᠢᠨ ᠵᠠᠭᠠᠭ ᠬᠢᠵᠠᠭᠠᠷ ᠢ ᠬᠤᠪᠢᠷᠠᠭᠠᠬᠤ᠂ | ᠡᠮᠬᠢ ᠳᠢᠭᠯᠢᠮ ᠦᠭᠡᠢ ᠭᠠᠵᠠᠷ ᠬᠡᠰᠡᠭ ᠤᠨ ᠵᠠᠭᠠᠭ ᠬᠢᠵᠠᠭᠠᠷ ᠢ ᠬᠤᠪᠢᠷᠠᠭᠠᠬᠤ᠂ ᠡᠮᠬᠢ ᠵᠠᠮᠪᠠᠷᠠᠭ᠎ᠠ ᠦᠭᠡᠢ ᠭᠤᠤ | ᠰᠤᠪᠠᠭ ᠵᠠᠮ ᠤᠨ ᠪᠠᠶᠢᠷᠢᠰᠢᠭᠤᠯᠤᠯᠲᠠ ᠶᠢ ᠬᠤᠪᠢᠷᠠᠭᠠᠬᠤ︔ ᠰᠢᠨ᠎ᠡ ᠵᠢᠷᠤᠭ ᠲᠥᠯᠥᠪᠯᠡᠭᠡ ᠶᠢᠨ ᠶᠣᠰᠣᠭᠠᠷ᠂ | ᠨᠢᠭᠡᠳᠦᠯᠲᠡᠢ ᠭᠤᠤ ᠰᠤᠪᠠᠭ ᠮᠠᠯᠲᠠᠬᠤ᠂ ᠨᠢᠭᠡᠳᠦᠯᠲᠡᠢ ᠵᠠᠮ ᠵᠠᠰᠠᠬᠤ᠂ ᠨᠢᠭᠡᠳᠦᠯᠲᠡᠢ ᠮᠣᠳᠣ ᠲᠠᠷᠢᠵᠤ ᠣᠶᠢᠵᠢᠭᠤᠯᠬᠤ᠂ | ᠭᠠᠵᠠᠷ ᠰᠢᠷᠣᠢ ᠶᠢ ᠨᠢᠭᠡᠳᠦᠯᠲᠡᠢ ᠲᠡᠭᠰᠢᠯᠡᠬᠦ᠂ ᠭᠠᠵᠠᠷ ᠬᠡᠰᠡᠭ ᠢ ᠨᠢᠭᠡᠳᠦᠯᠲᠡᠢ ᠬᠤᠪᠢᠶᠠᠷᠢᠯᠠᠬᠤ︔ ᠴᠡᠭᠴᠡᠯᠡᠨ | ᠵᠠᠰᠠᠬᠤ ᠶᠢ ᠪᠡᠶᠡᠯᠡᠭᠦᠯᠦᠭᠰᠡᠨ ᠤ ᠳᠠᠷᠠᠭ᠎ᠠ᠂ ᠲᠠᠷᠢᠶᠠᠴᠢᠨ ᠮᠠᠯᠴᠢᠳ ᠤᠨ ᠤᠤᠯ ᠤᠨ ᠪᠠᠶᠢᠭᠰᠠᠨ ᠲᠠᠯᠠᠪᠠᠶ ᠠᠴᠠ | ᠬᠡᠲᠦᠷᠡᠭᠦᠯᠬᠦ ᠦᠭᠡᠢ ᠪᠠᠷ ᠡᠵᠡᠩᠨᠡᠯᠲᠡ ᠶᠢᠨ ᠡᠷᠬᠡ ᠶᠢ ᠡᠷᠦᠬᠡ ᠳᠤ ᠬᠦᠷᠲᠡᠯ᠎ᠡ ᠳᠠᠬᠢᠨᠲᠠ ᠬᠤᠪᠢᠶᠠᠷᠢᠯᠠᠬᠤ︶ | ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠳᠡᠯᠭᠡᠷᠡᠭᠦᠯᠦᠨ ᠬᠡᠷᠡᠭᠵᠢᠭᠦᠯᠵᠦ᠂ ︽ᠵᠢᠵᠢᠭ ᠲᠠᠷᠢᠶᠠᠨ ᠭᠠᠵᠠᠷ ᠢ ᠲᠣᠮᠣ | ᠲᠠᠷᠢᠶᠠᠨ ᠭᠠᠵᠠᠷ ᠪᠣᠯᠭᠠᠨ ᠬᠤᠪᠢᠷᠠᠭᠤᠯᠬᠤ︾ ᠶᠢ ᠪᠡᠶᠡᠯᠡᠭᠦᠯᠦᠨ᠎ᠡ᠃ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠢ | ᠤᠯᠤᠰ ᠤᠨ ᠥᠮᠴᠢᠯᠡᠯᠲᠦ ᠠᠴᠠ ᠪᠤᠰᠤᠳ ᠢ ᠨᠢ ᠪᠦᠬᠦᠨ ᠢ ᠭᠠᠴᠠᠭ᠎ᠠ ᠲᠣᠰᠬᠤᠨ ᠤ ᠬᠠᠮᠲᠤ ᠶᠢᠨ ᠡᠵᠡᠩᠨᠡᠯᠲᠡ | ᠬᠠᠮᠢᠶᠠᠷᠤᠯᠲᠠ ᠳᠤ ᠣᠷᠣᠭᠤᠯᠤᠨ᠎ᠠ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠡᠷᠡᠭᠯᠡᠭᠰᠡᠨ ᠪᠤᠶᠤ ᠡᠵᠡᠯᠡᠨ | ᠬᠡᠷᠡᠭᠯᠡᠭᠰᠡᠨ ᠪᠠᠶᠢᠪᠠᠯ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠲᠤ ᠲᠣᠬᠢᠷᠠᠭᠤᠯᠤᠯᠲᠠ ᠬᠢᠵᠦ ᠨᠥᠬᠦᠪᠦᠷᠢᠯᠡᠨ | ᠬᠤᠪᠢᠶᠠᠷᠢᠯᠠᠬᠤ ᠶᠢ ᠪᠡᠶᠡᠯᠡᠭᠦᠯᠬᠦ ᠬᠡᠷᠡᠭᠲᠡᠢ᠃ ᠲᠠᠷᠢᠶᠠᠯᠠᠬᠤ ᠭᠠᠵᠠᠷ ᠤᠨ ᠡᠷᠬᠢᠨ ᠲᠣᠭᠤᠷᠢᠨ ᠤ ᠬᠡᠰᠡᠭ ᠪᠤᠰᠠᠭ ᠡᠪᠡᠰᠦ | ᠪᠡᠯᠴᠢᠭᠡᠷ ᠢ ᠡᠵᠡᠯᠡᠨ ᠬᠡᠷᠡᠭᠯᠡᠬᠦ ᠳᠤ ᠬᠤᠯᠪᠣᠭᠳᠠᠭᠰᠠᠨ ᠪᠠᠶᠢᠪᠠᠯ᠂ ︽ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠲᠡᠢ | ᠪᠠᠶᠢᠯᠭᠠᠬᠤ︾ ᠪᠤᠶᠤ ︽ᠣᠷᠣᠭᠤᠯᠵᠤ ᠭᠠᠷᠭᠠᠬᠤ ᠶᠢ ᠲᠡᠩᠴᠡᠭᠦᠷᠢᠲᠡᠢ ᠪᠠᠶᠢᠯᠭᠠᠬᠤ︾ ᠶᠢ | ᠨᠠᠶᠢᠳᠠᠪᠤᠷᠢᠵᠢᠭᠤᠯᠤᠭᠰᠠᠨ ᠤ ᠳᠠᠷᠠᠭ᠎ᠠ ᠰᠢᠯᠵᠢᠭᠦᠯᠦᠨ ᠭᠠᠷᠭᠠᠬᠤ ᠶᠢ ᠨᠢ ᠵᠥᠪᠰᠢᠶᠡᠷᠡᠨ᠎ᠡ᠃ ︵ᠬᠠᠷᠢᠭᠤᠴᠠᠯᠭᠠᠲᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠶ ᠰᠢᠭᠤᠢ ᠨᠤᠲᠤᠭ ᠪᠡᠯᠴᠢᠭᠡᠷ ᠤᠨ | ᠲᠣᠪᠴᠢᠶ᠎ᠠ︶ | ᠵᠢᠷᠭᠤᠭ᠎ᠠ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠢ | ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠨᠠᠰᠤᠨ ᠲᠤᠷᠰᠢ ᠶᠢᠨ ᠬᠠᠷᠢᠭᠤᠴᠠᠯᠭ᠎ᠠ ᠶᠢᠨ ᠳᠦᠷᠢᠮ ᠢ | ᠬᠡᠷᠡᠭᠵᠢᠭᠦᠯᠵᠦ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠲᠥᠷᠥᠯ ᠵᠦᠢᠯ ᠤᠨ ᠰᠤᠭᠤᠴᠢᠨ | ᠪᠠᠶᠢᠴᠠᠭᠠᠬᠤ ᠲᠣᠭᠲᠠᠴᠠ ᠶᠢ ᠪᠠᠶᠢᠭᠤᠯᠤᠨ᠂ ᠣᠯᠵᠤ ᠮᠡᠳᠡᠭᠰᠡᠨ ᠠᠰᠠᠭᠤᠳᠠᠯ ᠢ ᠲᠣᠳᠣᠷᠬᠠᠢ ᠬᠠᠭᠤᠳᠠᠰᠤ ᠶᠢᠨ | ᠬᠠᠮᠢᠶᠠᠷᠤᠯᠲᠠ ᠶᠢᠨ ᠰᠢᠰᠲ᠋ᠧᠮ ᠳᠤ ᠲᠡᠮᠳᠡᠭᠯᠡᠨ ᠣᠷᠣᠭᠤᠯᠵᠤ ᠬᠤᠭᠤᠴᠠᠭ᠎ᠠ ᠬᠢᠵᠠᠭᠠᠷᠯᠠᠨ ᠴᠡᠭᠴᠡᠯᠡᠨ | ᠰᠠᠶᠢᠵᠢᠷᠠᠭᠤᠯᠤᠨ᠎ᠠ᠃ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠠᠵᠤ ᠠᠬᠤᠶᠢᠯᠠᠯ ᠳᠤ ᠢᠲᠡᠭᠡᠮᠵᠢ ᠶᠢᠨ | ᠦᠨᠡᠯᠡᠯᠲᠡ ᠬᠢᠬᠦ ᠠᠵᠢᠯ ᠢ ᠥᠷᠨᠢᠭᠦᠯᠵᠦ᠂ ᠬᠠᠷ᠎ᠠ ᠴᠠᠭᠠᠨ ᠳᠠᠩᠰᠠ ᠶᠢ ᠪᠠᠶᠢᠭᠤᠯᠵᠤ᠂ ᠢᠲᠡᠭᠡᠮᠵᠢ ᠠᠯᠳᠠᠭᠰᠠᠳ ᠢ | ᠵᠠᠯᠬᠠᠭᠠᠨ ᠴᠡᠭᠡᠷᠯᠡᠭᠦᠯᠬᠦ ᠪᠠᠨ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠬᠤᠶᠠᠷ | ᠱᠠᠲᠤᠨ ᠤ ᠲᠠᠷᠢᠶᠠᠯᠠᠩ ᠤᠨ ᠪᠡᠯᠡ ᠣᠷᠤᠭᠤᠯᠤᠯᠲᠠ᠂ ᠨᠡᠭᠡᠭᠡᠯᠲᠡ ᠬᠥᠭᠵᠢᠭᠦᠯᠦᠯᠲᠡ᠂ ᠪᠦᠲᠦᠭᠡᠨ ᠪᠠᠶᠢᠭᠤᠯᠤᠯᠲᠠ ᠶᠢᠨ | ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠦᠪᠡᠭᠴᠢᠯᠡᠨ ᠵᠣᠬᠢᠶᠠᠨ ᠪᠠᠶᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠤᠨ | ᠬᠦᠴᠦᠷᠬᠡᠭᠵᠢᠭᠦᠯᠵᠦ᠂ ᠮᠡᠷᠭᠡᠵᠢᠯ ᠤᠨ ᠲᠤᠯᠭᠠᠭᠤᠷᠢᠯᠠᠯ ᠤᠨ ᠦᠢᠯᠡᠴᠢᠯᠡᠭᠡ ᠶᠢ ᠰᠠᠶᠢᠲᠤᠷ ᠬᠢᠵᠦ᠂ ᠪᠦᠲᠦᠭᠡᠨ | ᠪᠠᠶᠢᠭᠤᠯᠤᠯᠲᠠ ᠳᠤ ᠣᠷᠣᠯᠴᠠᠭᠰᠠᠨ ᠬᠥᠮᠥᠰ ᠤᠨ ᠲᠥᠪᠯᠡᠷᠡᠭᠦᠯᠦᠨ ᠠᠵᠢᠯᠯᠠᠬᠤ ᠶᠢ ᠵᠣᠷᠢᠭᠵᠢᠭᠤᠯᠵᠤ᠂ ᠠᠵᠢᠯ ᠤᠨ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠬᠢᠨᠠᠯᠲᠠ ᠲᠠᠯᠪᠢᠬᠤ ᠬᠠᠯᠠᠮᠰᠢᠯ ᠤᠲᠠᠰᠤ | 12316 ᠶᠢ ᠨᠡᠪᠲᠡᠷᠡᠭᠦᠯᠬᠦ ᠶᠢᠨ ᠬᠠᠮᠲᠤ ︽ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ | ᠭᠠᠷ ᠤᠨ ᠠᠶ᠎ᠠ ᠪᠠᠷ ᠰᠡᠭᠦᠳᠡᠷᠯᠡᠬᠦ︾ ᠵᠢᠵᠢᠭ ᠫᠷᠣᠭ᠍ᠷᠠᠮ ᠢ ᠢᠳᠡᠪᠬᠢᠲᠡᠢ ᠳᠡᠯᠭᠡᠷᠡᠭᠦᠯᠵᠦ᠂ ᠬᠤᠰᠢᠭᠤ ᠰᠢᠶᠠᠨ ︵ᠬᠤᠲᠠ | ᠂ ᠲᠣᠭᠤᠷᠢᠭ︶ ᠳᠤ ᠲᠠᠷᠢᠶᠠᠴᠢᠨ ᠮᠠᠯᠴᠢᠨ ᠤ ᠬᠢᠨᠠᠯᠲᠠ ᠲᠠᠯᠪᠢᠭᠴᠢ ᠶᠢᠨ ᠨᠡᠶᠢᠲᠡ ᠶᠢᠨ ᠠᠰᠠᠷᠠᠮᠵᠢ ᠶᠢᠨ ᠠᠵᠢᠯ ᠤᠨ | ᠪᠠᠶᠢᠷᠢ ᠲᠣᠬᠢᠷᠠᠭᠤᠯᠤᠨ᠂ ᠢᠯᠡ ᠪᠠᠷ ᠨᠡᠶᠢᠲᠡᠯᠡᠬᠦ ᠠᠵᠢᠯ ᠢ ᠵᠢᠷᠤᠮᠵᠢᠭᠤᠯᠤᠨ ᠥᠷᠨᠢᠭᠦᠯᠵᠦ᠂ ᠨᠡᠶᠢᠭᠡᠮ ᠤᠨ ᠬᠢᠨᠠᠯᠲᠠ | ᠲᠠᠯᠪᠢᠯᠲᠠ ᠶᠢ ᠴᠢᠩᠭᠠᠷᠠᠭᠤᠯᠤᠨ᠎ᠠ᠃ ᠠᠰᠠᠭᠤᠳᠠᠯ ᠢ ᠴᠠᠭ ᠲᠤᠬᠠᠢ ᠳᠤ ᠨᠢ ᠢᠯᠡᠷᠡᠭᠦᠯᠬᠦ᠂ ᠲᠦᠷᠭᠡᠨ ᠴᠤᠤᠷᠢᠶᠠᠲᠤᠨ | ᠳᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ | ᠲᠤᠭ᠎ᠠ ᠶᠢᠨ ᠠᠯᠪᠠᠨ ᠭᠡᠷ︶ | ᠳᠣᠯᠤᠭ᠎ᠠ᠂ ᠰᠢᠯᠭᠠᠵᠤ ᠬᠤᠷᠢᠶᠠᠨ ᠠᠪᠴᠤ ᠬᠥᠮᠥᠷᠭᠡ ᠳᠤ ᠣᠷᠣᠭᠤᠯᠬᠤ ᠶᠢ ᠵᠢᠷᠤᠮᠵᠢᠭᠤᠯᠬᠤ ᠬᠡᠷᠡᠭᠲᠡᠢ | ᠠᠶᠢᠮᠠᠭ ᠬᠤᠳᠡ ᠶᠢᠨ ᠪᠠᠷᠢᠯᠭ᠎ᠠ ᠳᠠᠭᠤᠰᠴᠤ ᠰᠢᠯᠭᠠᠨ ᠬᠤᠷᠢᠶᠠᠵᠤ ᠠᠪᠬᠤ ᠬᠠᠷᠢᠴᠠᠯ ᠢ ᠳᠥᠷᠦᠯ ᠵᠦᠢᠯ ᠤᠨ | ᠲᠣᠭᠤᠷᠢᠭ ᠢᠶᠠᠷ 100% ᠳᠤ ᠬᠦᠷᠦᠭᠦᠯᠵᠦ᠂ ᠥᠪᠡᠷᠲᠡᠭᠡᠨ ᠵᠠᠰᠠᠬᠤ ᠣᠷᠣᠨ ᠤ ᠰᠤᠭᠤᠴᠢᠨ ᠪᠠᠶᠢᠴᠠᠭᠠᠬᠤ | ᠬᠠᠷᠢᠴᠠᠯ ᠢ ᠳᠡᠯᠡᠪᠡᠢ ᠶᠢᠨ ᠬᠢᠨᠢ 20% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠨᠢ ᠪᠠᠷᠢᠮᠵᠢᠶ᠎ᠠ ᠳᠤ ᠬᠦᠷᠬᠦ ᠦᠭᠡᠢ ᠶᠢ ᠨᠢ ᠬᠤᠰᠢᠭᠤ ᠰᠢᠶᠠᠨ ︵ᠬᠤᠲᠠ᠂ | ᠲᠣᠭᠤᠷᠢᠭ︶ ᠥᠪᠡᠷ ᠢᠶᠠᠨ ᠪᠡᠯᠡ ᠭᠠᠷᠭᠠᠵᠤ ᠲᠤᠰ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠴᠡᠭᠴᠡᠯᠡᠨ | ᠰᠠᠶᠢᠵᠢᠷᠠᠭᠤᠯᠬᠤ ᠪᠤᠶᠤ ᠨᠥᠬᠦᠵᠦ ᠪᠠᠶᠢᠭᠤᠯᠤᠨ᠂ ᠬᠤᠭᠤᠴᠠᠭ᠎ᠠ ᠶᠣᠰᠣᠭᠠᠷ ᠪᠡᠶᠡᠯᠡᠭᠦᠯᠵᠦ ᠳᠡᠶᠢᠯᠬᠦ ᠦᠭᠡᠢ ᠪᠣᠯ | ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠬᠤᠷᠢᠶᠠᠨ ᠠᠪᠬᠤ ᠬᠡᠷᠡᠭᠲᠡᠢ᠃ ᠬᠤᠰᠢᠭᠤ ᠰᠢᠶᠠᠨ ︵ | ᠬᠤᠲᠠ᠂ ᠲᠣᠭᠤᠷᠢᠭ︶ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠲᠥᠷᠥᠯ ᠵᠦᠢᠯ ᠲᠣᠭᠲᠠᠭᠠᠬᠤ | ᠂ ᠠᠵᠢᠯ ᠳᠠᠭᠤᠰᠬᠠᠬᠤ᠂ ᠪᠠᠷᠢᠯᠭ᠎ᠠ ᠳᠠᠭᠤᠰᠴᠤ ᠰᠢᠯᠭᠠᠨ ᠬᠤᠷᠢᠶᠠᠵᠤ ᠠᠪᠬᠤ 3 ᠱᠠᠲᠤᠨ ᠳᠤ ᠪᠦᠬᠦ ᠤᠯᠤᠰ ᠤᠨ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠬᠢᠨᠠᠨ ᠰᠢᠨᠵᠢᠵᠦ ᠬᠢᠨᠠᠨ ᠬᠠᠮᠢᠶᠠᠷᠬᠤ | ᠲᠠᠪᠴᠠᠩ ᠢᠶᠠᠷ ᠳᠠᠮᠵᠢᠭᠤᠯᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤ ᠨᠢ ᠲᠡᠮᠳᠡᠭᠯᠡᠨ | ᠣᠷᠣᠭᠤᠯᠬᠤ ᠶᠢᠨ ᠬᠠᠮᠲᠤ ᠵᠢᠷᠤᠭ ᠢᠶᠠᠷ ᠬᠥᠮᠥᠷᠭᠡ ᠳᠤ ᠣᠷᠣᠭᠤᠯᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ᠂ ᠡᠳ᠋ ᠤᠨ ᠵᠠᠰᠠᠭ ᠤᠨ ᠲᠢᠩᠬᠢᠮ︶ | ᠨᠠᠢᠮᠠ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠪᠠᠨ ᠴᠢᠩᠭᠠᠷᠠᠭᠤᠯᠬᠤ ᠬᠡᠷᠡᠭᠲᠡᠢ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠠᠵᠢᠯ ᠳᠤ | ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ᠂ ︽ᠬᠡᠨ ᠠᠰᠢᠭ ᠭᠥᠷᠳᠡᠪᠡᠯ ᠲᠡᠷᠡ ᠬᠠᠮᠢᠶᠠᠷᠤᠨ ᠬᠠᠮᠠᠭᠠᠯᠠᠵᠤ᠂ ᠬᠡᠨ | ᠬᠡᠷᠡᠭᠯᠡᠪᠡᠯ ᠲᠡᠷᠡ ᠬᠠᠮᠢᠶᠠᠷᠴᠤ ᠬᠠᠮᠠᠭᠠᠯᠠᠬᠤ︾ ᠵᠠᠷᠴᠢᠮ ᠶᠣᠰᠣᠭᠠᠷ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ | ᠭᠤᠣᠯ ᠴᠣᠭᠴᠠ ᠶᠢ ᠲᠣᠳᠣᠷᠬᠠᠶᠢᠯᠠᠵᠤ᠂ ᠣᠯᠠᠨ ᠡᠰᠢᠵᠢᠭᠰᠡᠨ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ | ᠲᠣᠭᠲᠠᠴᠠ ᠶᠢ ᠪᠦᠷᠢᠨᠰᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠳᠠᠬᠢ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠳᠠᠬᠢ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ ᠡᠵᠡᠩᠨᠡᠯᠲᠡ ᠶᠢᠨ ᠠᠰᠢᠭ ᠣᠷᠣᠯᠭ᠎ᠠ ᠶᠢ | ᠭᠤᠣᠯᠳᠠᠭᠤ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠳᠤ ᠬᠡᠷᠡᠭᠯᠡᠨ᠎ᠡ︔ ᠰᠢᠨ᠎ᠡ ᠪᠠᠷ | ᠨᠡᠮᠡᠭᠳᠡᠭᠰᠡᠨ ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ ᠶᠢ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠲᠡᠢ | ᠪᠠᠶᠢᠯᠭᠠᠬᠤ ᠳᠤ ᠬᠡᠷᠡᠭᠯᠡᠭᠡᠳ ᠣᠯᠣᠭᠰᠠᠨ ᠠᠰᠢᠭ ᠣᠷᠣᠯᠭ᠎ᠠ ᠶᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠳᠤ ᠳᠠᠬᠢᠨᠲᠠ ᠣᠷᠤᠭᠤᠯᠤᠯᠲᠠ ᠬᠢᠬᠦ᠂ ᠵᠢᠭᠡᠯᠡᠯᠭᠡ ᠶᠢᠨ ᠲᠡᠮᠳᠡᠭᠲᠦ ᠵᠢᠴᠢ ᠪᠡᠯᠡ | ᠲᠣᠬᠢᠷᠠᠭᠤᠯᠭ᠎ᠠ ᠲᠥᠯᠥᠬᠦ ᠪᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠬᠢᠬᠦ ᠳᠤ ᠤᠷᠢᠳ ᠢᠶᠠᠷ | ᠬᠡᠷᠡᠭᠯᠡᠨ᠎ᠡ︔ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠡᠵᠡᠩᠨᠡᠵᠦ ᠠᠵᠢᠯᠯᠠᠭᠤᠯᠬᠤ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠪᠡᠯᠡ ᠭᠠᠷᠭᠠᠬᠤ ᠪᠤᠶᠤ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠪᠠᠨ ᠥᠪᠡᠰᠦᠪᠡᠨ | ᠡᠭᠦᠷᠭᠡᠯᠡᠬᠦ ᠶᠢ ᠵᠣᠷᠢᠭᠵᠢᠭᠤᠯᠤᠨ᠎ᠠ᠃ ︽ᠬᠤᠳᠳᠤᠭ ᠤᠨ ᠳᠠᠷᠤᠭ᠎ᠠ︾᠂ ︽ᠲᠠᠷᠢᠶᠠᠨ ᠭᠠᠵᠠᠷ ᠤᠨ ᠳᠠᠷᠤᠭ᠎ᠠ︾ ᠶᠢᠨ | ᠳᠦᠷᠢᠮ ᠵᠡᠷᠭᠡ ᠬᠠᠮᠢᠶᠠᠷᠴᠤ ᠬᠠᠮᠠᠭᠠᠯᠠᠬᠤ ᠵᠠᠭᠪᠤᠷ ᠢ ᠳᠡᠯᠭᠡᠷᠡᠭᠦᠯᠵᠦ᠂ ᠲᠠᠷᠢᠶᠠᠯᠠᠩ ᠤᠨ ᠤᠰᠤᠯᠠᠯᠲᠠ ᠶᠢᠨ | ᠬᠤᠳᠳᠤᠭ ᠤᠨ ᠤᠰᠤᠨ ᠤ ᠦᠨ᠎ᠡ ᠳᠤ ᠵᠢᠯᠣᠭᠤᠳᠤᠯᠭ᠎ᠠ ᠬᠢᠬᠦ ᠪᠠᠨ ᠴᠢᠩᠭᠠᠷᠠᠭᠤᠯᠤᠨ᠎ᠠ᠃ ᠵᠠᠰᠠᠭ ᠤᠨ ᠣᠷᠳᠣᠨ | ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢ ᠬᠡᠷᠡᠭᠯᠡᠨ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠪᠠᠷ | ᠲᠤᠰᠬᠠᠶᠢᠵᠢᠭᠰᠠᠨ ᠬᠠᠮᠢᠶᠠᠷᠤᠯᠲᠠ ᠬᠠᠮᠠᠭᠠᠯᠠᠯᠲᠠ ᠬᠢᠯᠭᠡᠬᠦ ᠶᠢ ᠰᠦᠪᠡᠭᠴᠢᠯᠡᠨ᠎ᠡ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠨᠢᠭᠤᠭᠳᠠᠮᠠᠯ ᠭᠡᠮ ᠰᠣᠭᠤᠭ ᠤᠨ | ᠳᠠᠭᠠᠳᠬᠠᠯ ᠤᠨ ᠲᠤᠷᠰᠢᠯᠲᠠ ᠶᠢᠨ ᠴᠡᠭ ᠤᠨ ᠠᠵᠢᠯ ᠢ ᠦᠷᠭᠦᠯᠵᠢᠯᠡᠨ ᠥᠷᠨᠢᠭᠦᠯᠬᠦ ᠬᠡᠷᠡᠭᠲᠡᠢ᠃ ᠡᠯ᠎ᠡ ᠭᠠᠵᠠᠷ | ᠣᠷᠣᠨ ᠤ ᠬᠢᠨ ᠨᠢᠭᠡᠨᠲᠡ ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ 10 ᠺᠢᠯᠣᠸᠠᠲ ᠤᠨ | ᠴᠠᠬᠢᠯᠭᠠᠨ ᠬᠦᠴᠦᠨ ᠤ ᠵᠠᠮ ᠱᠤᠭᠤᠮ ᠢᠶᠠᠨ ︽ᠰᠠᠶᠢᠨ ᠳᠤᠷ᠎ᠠ ᠠᠴᠠ ᠪᠠᠨ ᠵᠥᠪᠳᠡᠯᠴᠡᠵᠦ᠂ ᠲᠥᠯᠥᠪᠦᠷᠢ ᠦᠭᠡᠢ ᠪᠠᠷ | ᠰᠢᠯᠵᠢᠭᠦᠯᠦᠨ ᠲᠤᠰᠢᠶᠠᠬᠤ︾ ᠵᠠᠷᠴᠢᠮ ᠶᠣᠰᠣᠭᠠᠷ᠂ ᠴᠠᠬᠢᠯᠭᠠᠨ ᠬᠠᠩᠭᠠᠬᠤ ᠠᠵᠤ ᠠᠬᠤᠶᠢᠯᠠᠯ ᠳᠤ ᠲᠥᠯᠥᠪᠦᠷᠢ | ᠦᠭᠡᠢ ᠪᠠᠷ ᠰᠢᠯᠵᠢᠭᠦᠯᠦᠨ ᠲᠤᠰᠢᠶᠠᠵᠤ ᠲᠤᠰᠬᠠᠶᠢᠵᠢᠭᠰᠠᠨ ᠠᠵᠢᠯᠯᠠᠭᠠᠨ ᠤ ᠬᠠᠮᠠᠭᠠᠯᠠᠯᠲᠠ ᠥᠷᠨᠢᠭᠦᠯᠵᠦ᠂ | ᠰᠢᠯᠵᠢᠭᠦᠯᠦᠨ ᠲᠤᠰᠢᠶᠠᠬᠤ ᠴᠤᠪᠤᠷᠠᠯ ᠪᠠ ᠲᠥᠬᠦᠭᠡᠷᠦᠮᠵᠢ ᠶᠢᠨ ᠶᠠᠰᠤ ᠴᠢᠨᠠᠷ ᠨᠢ ᠬᠠᠮᠢᠶ᠎ᠠ ᠪᠦᠬᠦᠢ ᠲᠣᠭᠲᠠᠭᠠᠯ ᠳᠤ | ᠨᠡᠶᠢᠴᠡᠭᠰᠡᠨ ᠪᠠᠶᠢᠬᠤ ᠬᠡᠷᠡᠭᠲᠡᠢ᠃ ᠲᠠᠷᠢᠶᠠᠨ ᠭᠠᠵᠠᠷ ᠤᠨ ᠴᠠᠬᠢᠯᠭᠠᠨ ᠬᠠᠩᠭᠠᠬᠤ ᠬᠦᠴᠦᠳᠡᠯ ᠥᠭᠡᠷᠡᠴᠢᠯᠡᠭᠴᠢ ᠵᠢᠴᠢ | ᠳᠣᠣᠷ᠎ᠠ ᠬᠦᠴᠦᠳᠡᠯᠲᠦ ᠴᠠᠬᠢᠯᠭᠠᠨ ᠬᠠᠩᠭᠠᠬᠤ ᠱᠤᠭᠤᠮ ᠢ ᠮᠥᠨ ᠬᠦ ᠤᠤᠯ ᠤᠨ ᠵᠠᠭᠪᠤᠷ ᠢᠶᠠᠷ ᠥᠮᠴᠢᠯᠡᠬᠦ ᠡᠷᠬᠡ ᠶᠢᠨ | ᠬᠠᠷᠢᠶᠠᠯᠠᠯ ᠵᠢᠴᠢ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠶᠢ ᠲᠣᠭᠲᠠᠭᠠᠨ᠎ᠠ᠃ ﹇ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠨᠧᠷᠭᠢ ᠶᠢᠨ | ᠲᠣᠪᠴᠢᠶ᠎ᠠ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ | ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ︵ | ᠪᠦᠯᠦᠭᠯᠡᠯ︶ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ | ᠴᠠᠬᠢᠯᠭᠠᠨ ᠬᠦᠴᠦᠨ ᠤ ᠺᠣᠮᠫᠠᠨᠢ﹈ | ᠶᠢᠰᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠨ ᠭᠦᠨᠵᠡᠭᠡᠶᠢᠷᠡᠭᠦᠯᠬᠦ ᠬᠡᠷᠡᠭᠲᠡᠢ | ᠲᠠᠷᠢᠶᠠᠨ ᠭᠠᠵᠠᠷ ᠤᠨ ᠴᠠᠬᠢᠯᠭᠠᠨ ᠬᠠᠩᠭᠠᠬᠤ ᠢᠨᠵᠧᠨᠧᠷᠢᠩ ᠳᠤ ︽ᠪᠠᠶᠢᠭᠤᠯᠬᠤ ᠬᠠᠮᠢᠶᠠᠷᠬᠤ ᠠᠵᠢᠯᠯᠠᠭᠤᠯᠬᠤ︾ | ᠶᠢ ᠨᠢᠭᠡ ᠴᠣᠭᠴᠠᠵᠢᠭᠤᠯᠬᠤ ᠶᠢ ᠠᠬᠢᠭᠤᠯᠤᠨ᠂ ᠴᠠᠬᠢᠯᠭᠠᠨ ᠬᠦᠴᠦᠨ ᠤ ᠲᠣᠣᠷ ᠤᠨ ᠴᠠᠬᠢᠯᠭᠠᠨ ᠬᠠᠩᠭᠠᠵᠤ ᠪᠠᠶᠢᠭ᠎ᠠ | ᠤᠰᠤᠯᠠᠯᠲᠠ ᠶᠢᠨ ᠭᠠᠵᠠᠷ ᠬᠡᠰᠡᠭ ᠪᠣᠯ ᠪᠣᠳᠠᠲᠠᠢ ᠶᠢ ᠦᠨᠳᠦᠰᠦᠯᠡᠨ ᠪᠡᠯᠡ ᠣᠷᠣᠭᠤᠯᠤᠭᠰᠠᠨ ᠲᠤᠭ᠎ᠠ ᠬᠡᠮᠵᠢᠶ᠎ᠡ ᠶᠢ | ᠭᠠᠷᠭᠠᠨ ᠠᠪᠴᠤ᠂ ᠬᠢᠷᠢ ᠭᠡᠮ ᠲᠠᠢ ᠨᠢᠭᠡᠴᠢ ᠳᠤ ᠨᠠᠶᠢᠳᠠᠨ ᠵᠢᠷᠤᠭ ᠲᠥᠯᠥᠪᠯᠡᠭᠡ᠂ ᠡᠳ᠋ ᠮᠠᠲ᠋ᠧᠷᠢᠶᠠᠯ ᠬᠤᠳᠠᠯᠳᠤᠨ | ᠠᠪᠬᠤ᠂ ᠪᠠᠷᠢᠯᠭ᠎ᠠ ᠪᠠᠷᠢᠬᠤ᠂ ᠬᠠᠮᠢᠶᠠᠷᠤᠨ ᠬᠠᠮᠠᠭᠠᠯᠠᠵᠤ ᠠᠵᠢᠯᠯᠠᠭᠤᠯᠬᠤ ᠠᠵᠢᠯ ᠢ ᠵᠣᠬᠢᠶᠠᠨ ᠪᠠᠶᠢᠭᠤᠯᠵᠤ᠂ | ᠤᠰᠤᠯᠠᠬᠤ ᠪᠠ ᠤᠰᠤ ᠵᠠᠯᠠᠬᠤ ᠳᠤ ᠬᠡᠷᠡᠭᠯᠡᠬᠦ ᠴᠠᠬᠢᠯᠭᠠᠨ ᠤ ᠬᠡᠷᠡᠭᠴᠡᠭᠡ ᠱᠠᠭᠠᠷᠳᠠᠯᠭ᠎ᠠ ᠶᠢ ᠨᠢ ᠬᠠᠩᠭᠠᠬᠤ ᠶᠢ ᠦᠨᠡᠨ | ᠬᠦ ᠪᠠᠲᠤᠯᠠᠬᠤ ᠬᠡᠷᠡᠭᠲᠡᠢ᠃ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠳᠠᠭᠠᠭᠠᠴᠢᠯᠠᠯᠲᠠ ᠣᠨᠣᠭᠰᠠᠨ ᠵᠣᠭᠤᠰᠤᠨ | ᠲᠣᠭᠠᠨ ᠤ 10% ᠠᠴᠠ ᠳᠣᠣᠷ᠎ᠠ ᠦᠭᠡᠢ ᠬᠠᠷᠢᠴᠠᠯ ᠶᠣᠰᠣᠭᠠᠷ ᠠᠵᠢᠯ ᠣᠯᠭᠤᠬᠤ ᠪᠠᠷ ᠲᠡᠳᠬᠦᠮᠵᠢ ᠶᠢ | ᠣᠷᠣᠯᠠᠭᠤᠯᠬᠤ ᠶᠢ ᠨᠠᠶᠢᠳᠠᠪᠤᠷᠢᠵᠢᠭᠤᠯᠤᠨ᠎ᠠ᠃ ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ | ᠵᠠᠭᠪᠤᠷ ᠢ ᠢᠳᠡᠪᠬᠢᠲᠡᠢ ᠳᠡᠯᠭᠡᠷᠡᠭᠦᠯᠵᠦ᠂ ᠲᠣᠭᠲᠠᠭᠰᠠᠨ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠮᠡᠳᠡᠭᠦᠯᠦᠨ | ᠵᠥᠪᠰᠢᠶᠡᠷᠡᠭᠦᠯᠵᠦ᠂ ᠥᠪᠡᠷᠲᠡᠭᠡᠨ ᠵᠠᠰᠠᠬᠤ ᠣᠷᠣᠨ ᠢᠶᠠᠷ ᠵᠥᠪᠰᠢᠶᠡᠷᠡᠭᠦᠯᠦᠭᠰᠡᠨ ᠦᠭᠡᠢ ᠪᠠᠷ ᠳᠤᠷ᠎ᠠ ᠪᠠᠷ ᠢᠶᠠᠨ | ᠬᠡᠷᠡᠭᠵᠢᠭᠦᠯᠵᠦ ᠪᠣᠯᠬᠤ ᠦᠭᠡᠢ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ | ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ᠂ ᠲᠠᠷᠢᠶᠠᠯᠠᠬᠤ ᠮᠠᠯᠵᠢᠬᠤ ᠡᠷᠦᠬᠡ | ᠵᠡᠷᠭᠡ ᠶᠢ ᠬᠥᠲᠥᠯᠥᠨ ᠵᠢᠯᠤᠭᠤᠳᠴᠤ ᠪᠠᠶᠢᠭᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠬᠠᠮᠠᠭᠠᠯᠠᠯᠲᠠ ᠳᠤ ᠰᠢᠭᠤᠳ ᠣᠷᠣᠯᠴᠠᠭᠤᠯᠬᠤ ᠬᠡᠷᠡᠭᠲᠡᠢ᠃ ᠰᠠᠶᠢᠨ ᠲᠠᠷᠢᠶᠠᠨ | ᠭᠠᠵᠠᠷ ᠢ ᠠᠮᠤ ᠪᠤᠳᠠᠭᠠᠨ ᠤ ᠲᠠᠷᠢᠮᠠᠯ ᠳᠤ ᠬᠡᠷᠡᠭᠯᠡᠬᠦ ᠶᠢ ᠪᠠᠷᠢᠮᠲᠠᠯᠠᠵᠤ᠂ ᠤᠷᠢᠳ ᠢᠶᠠᠷ ᠰᠢᠯᠵᠢᠭᠦᠯᠦᠨ ᠡᠷᠭᠢᠯᠳᠦᠭᠦᠯᠵᠦ | ᠳᠠᠷᠠᠭ᠎ᠠ ᠨᠢ ᠲᠦᠷᠦᠯ ᠵᠦᠢᠯ ᠲᠣᠭᠲᠠᠭᠠᠬᠤ᠂ ᠤᠷᠢᠳ ᠢᠶᠠᠷ ᠲᠡᠭᠰᠢᠯᠡᠵᠦ ᠳᠠᠷᠠᠭ᠎ᠠ ᠨᠢ ᠪᠦᠲᠦᠭᠡᠨ ᠪᠠᠶᠢᠭᠤᠯᠬᠤ ᠶᠢ | ᠵᠣᠷᠢᠭᠵᠢᠭᠤᠯᠵᠤ᠂ ᠲᠠᠷᠢᠶᠠᠯᠠᠬᠤ ᠭᠠᠵᠠᠷ ᠢ ᠬᠠᠮᠲᠤ ᠳᠤ ᠨᠢ ᠰᠢᠯᠵᠢᠭᠦᠯᠦᠨ ᠡᠷᠭᠢᠯᠳᠦᠭᠦᠯᠬᠦ ᠵᠢᠴᠢ ᠲᠠᠷᠢᠶᠠᠴᠢᠨ | ᠮᠠᠯᠴᠢᠳ ᠤᠨ ᠬᠤᠷᠰᠢᠵᠤ ᠬᠠᠮᠲᠤᠷᠠᠯᠴᠠᠬᠤ ᠡᠵᠡᠩᠨᠡᠯᠲᠡ ᠶᠢ ᠠᠬᠢᠭᠤᠯᠵᠤ᠂ ᠪᠦᠬᠦᠯᠢ ᠪᠠᠶᠢᠭᠤᠯᠤᠮᠵᠢᠲᠤ ᠳᠦᠷᠢᠮ ᠢᠶᠠᠷ | ᠲᠠᠷᠢᠶᠠᠯᠠᠬᠤ ᠶᠢ ᠨᠠᠶᠢᠳᠠᠨ ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠶᠢ ᠳᠡᠯᠭᠡᠷᠡᠭᠦᠯᠵᠦ᠂ ︽ | ᠰᠢᠯᠵᠢᠭᠦᠯᠦᠨ ᠡᠷᠭᠢᠯᠳᠦᠭᠦᠯᠬᠦ — ᠲᠠᠷᠢᠬᠤ — ᠡᠳ᠋ᠰᠢᠭᠦᠯᠬᠦ — ᠦᠢᠯᠡᠴᠢᠯᠡᠬᠦ — ᠡᠵᠡᠩᠨᠡᠨ | ᠪᠣᠷᠣᠯᠠᠭᠤᠯᠬᠤ︾ ᠪᠦᠬᠦ ᠬᠡᠯᠬᠢᠶ᠎ᠡ ᠶᠢ ᠨᠠᠪᠲᠠᠷᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠯᠲᠡ᠂ | ᠠᠵᠤ ᠦᠢᠯᠡᠰᠵᠢᠯᠲᠡ᠂ ᠨᠡᠷᠡᠲᠦ ᠳᠡᠮᠳᠡᠭᠵᠢᠯᠲᠡ ᠶᠢ ᠠᠬᠢᠭᠤᠯᠤᠨ᠎ᠠ᠃ ᠭᠤᠷᠪᠠᠳᠤᠭᠠᠷ ᠡᠭᠡᠯᠵᠢ ᠶᠢᠨ ᠭᠠᠵᠠᠷ | ᠰᠢᠷᠣᠢ ᠶᠢᠨ ᠳᠠᠭᠠᠭᠠᠴᠢᠯᠠᠯᠲᠠ ᠶᠢᠨ ᠳᠠᠷᠠᠭ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠬᠡᠪᠴᠢᠶᠡᠵᠢᠭᠦᠯᠦᠨ | ᠡᠵᠡᠩᠨᠡᠬᠦ ᠠᠷᠭ᠎ᠠ ᠮᠠᠶ᠋ᠢᠭ ᠠᠪᠬᠤ ᠪᠠ ᠭᠤᠣᠯ ᠴᠣᠭᠴᠠ ᠶᠢᠨ ᠬᠠᠷᠢᠴᠠᠩᠭᠤᠢ ᠲᠣᠭᠲᠠᠭᠤᠨ ᠪᠠᠶᠢᠬᠤ ᠶᠢ | ᠪᠠᠲᠤᠯᠠᠬᠤ ᠪᠠᠨ ᠰᠠᠨᠠᠭᠠᠴᠢᠯᠠᠨ᠎ᠠ᠃ ᠭᠠᠴᠠᠭ᠎ᠠ ᠲᠣᠰᠬᠤᠨ ᠢᠶᠠᠷ ᠰᠠᠭᠤᠷᠢ ᠪᠣᠯᠭᠠᠭᠰᠠᠨ᠂ ᠰᠤᠮᠤ ᠰᠢᠶᠠᠩ ᠪᠠᠯᠭᠠᠰᠤ ᠪᠠᠷ | ᠨᠢᠭᠡᠴᠢ ᠪᠣᠯᠭᠠᠭᠰᠠᠨ᠂ ᠪᠥᠬᠦ ᠬᠤᠰᠢᠭᠤ ᠰᠢᠶᠠᠨ ︵ᠬᠤᠲᠠ᠂ ᠲᠣᠭᠤᠷᠢᠭ︶ ᠢᠶᠠᠷ ᠠᠬᠢᠭᠤᠯᠬᠤ ᠶᠢ ᠤᠷᠢᠳ ᠢᠶᠠᠷ | ᠳᠡᠮᠵᠢᠵᠦ᠂ ᠪᠥᠬᠦ ᠣᠷᠣᠨ ᠪᠦᠰᠡ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠤᠨ᠎ᠠ᠃ | ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠵᠢᠱᠢᠶ᠎ᠡ ᠦᠵᠡᠭᠦᠯᠬᠦ ᠣᠷᠣᠨ ᠢ ᠥᠨᠳᠥᠷ ᠲᠦᠪᠰᠢᠨ ᠲᠠᠢ ᠪᠠᠷ ᠪᠦᠲᠦᠭᠡᠨ ᠪᠠᠶᠢᠭᠤᠯᠵᠤ᠂ ᠰᠢᠨ᠎ᠡ ᠮᠡᠷᠭᠡᠵᠢᠯ᠂ ᠰᠢᠨ᠎ᠡ | ᠵᠠᠭᠪᠤᠷ ᠢ ︽ᠣᠨᠴᠠᠭᠠᠢ ᠠᠴᠠ ᠲᠦᠭᠡᠮᠡᠯ ᠪᠣᠯᠭᠠᠬᠤ︾ ᠶᠢ ᠦᠷᠭᠦᠯᠵᠢᠯᠡᠨ ᠠᠬᠢᠭᠤᠯᠵᠤ᠂ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠦᠨ᠎ᠡ᠃ ﹇ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠨᠧᠷᠭᠢ ᠶᠢᠨ ᠲᠣᠪᠴᠢᠶ᠎ᠠ᠂ ᠥᠪᠥᠷ | ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ | ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ﹈ | ᠠᠷᠪᠠ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ | ᠬᠠᠷᠢᠭᠤᠴᠠᠯᠭ᠎ᠠ ᠡᠭᠦᠷᠭᠡᠯᠡᠬᠦ ᠱᠠᠭᠠᠷᠳᠠᠯᠭ᠎ᠠ ᠶᠣᠰᠣᠭᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠤᠣᠯ ᠤᠳᠤᠷᠢᠳᠤᠯᠭ᠎ᠠ | ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠰᠢᠭᠤᠳ | ᠬᠠᠷᠢᠭᠤᠴᠠᠬᠤ ᠬᠡᠷᠡᠭᠲᠡᠢ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ | ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠲᠣᠰ | ᠭᠠᠵᠠᠷ ᠣᠷᠣᠨ ᠤ ᠪᠣᠳᠠᠲᠤ ᠪᠠᠶᠢᠳᠠᠯ ᠢᠶᠠᠨ ᠦᠨᠳᠦᠰᠦᠯᠡᠨ ᠲᠥᠷᠥᠯ ᠵᠦᠢᠯ ᠢ ᠬᠢᠨᠠᠨ ᠬᠠᠮᠢᠶᠠᠷᠬᠤ ᠨᠢᠭᠡᠴᠢ ᠶᠢ | ᠲᠣᠳᠣᠷᠬᠠᠶᠢᠯᠠᠨ᠎ᠠ︔ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠠᠵᠢᠯ ᠲᠥᠷᠥᠯ ᠤᠨ ᠬᠠᠮᠢᠶᠠᠷᠤᠯᠲᠠ | ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠭᠠᠴᠠᠭ᠎ᠠ ᠲᠣᠰᠬᠤᠨ ᠤ | ᠠᠷᠠᠳ ᠤᠨ ᠵᠥᠪᠯᠡᠯ ᠢ ᠬᠥᠲᠥᠯᠥᠨ ᠵᠢᠯᠣᠭᠤᠳᠴᠤ ᠪᠠᠶᠢᠭᠠᠳ ᠣᠯᠠᠨ ᠲᠦᠮᠡᠨ ᠢ ᠢᠳᠡᠪᠬᠢᠲᠡᠢ ᠵᠣᠬᠢᠶᠠᠨ ᠪᠠᠶᠢᠭᠤᠯᠤᠨ | ᠣᠷᠣᠯᠴᠠᠭᠤᠯᠵᠤ᠂ ᠵᠥᠷᠢᠴᠡᠯ ᠢ ᠵᠣᠬᠢᠴᠠᠭᠤᠯᠤᠨ ᠰᠢᠢᠳᠪᠦᠷᠢᠯᠡᠵᠦ᠂ ᠪᠠᠶᠢᠴᠠᠭᠠᠵᠤ ᠰᠢᠯᠭᠠᠨ ᠬᠤᠷᠢᠶᠠᠵᠤ ᠠᠪᠬᠤ ᠳᠤ | ᠣᠷᠣᠯᠴᠠᠭᠤᠯᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶ | ᠠᠷᠪᠠᠨ ᠨᠢᠭᠡ᠂ ᠱᠠᠩᠨᠠᠨ ᠬᠥᠬᠢᠭᠦᠯᠬᠦ ᠲᠣᠭᠲᠠᠴᠠ ᠶᠢ ᠪᠠᠶᠢᠭᠤᠯᠬᠤ ᠬᠡᠷᠡᠭᠲᠡᠢ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠤᠨ | ᠦᠨᠡᠯᠡᠵᠦ ᠱᠠᠩᠨᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮᠦᠨᠡᠬᠢ ᠬᠤᠭᠤᠴᠠᠭᠠᠨ ᠤ ᠠᠵᠢᠯ᠂ ᠪᠦᠲᠦᠭᠡᠨ | ᠪᠠᠶᠢᠭᠤᠯᠤᠯᠲᠠ ᠶᠢᠨ ᠲᠠᠯᠠᠪᠠᠶ ᠬᠢᠭᠡᠳ ᠶᠠᠰᠤ ᠴᠢᠨᠠᠷ᠂ ᠪᠡᠯᠡ ᠮᠥᠩᠭᠦ ᠶᠢᠨ ᠣᠷᠣᠭᠤᠯᠤᠯᠲᠠ ᠪᠠ ᠵᠠᠷᠤᠯᠭ᠎ᠠ᠂ ᠪᠠᠷᠢᠯᠭ᠎ᠠ | ᠳᠠᠭᠤᠰᠴᠤ ᠰᠢᠯᠭᠠᠨ ᠬᠤᠷᠢᠶᠠᠵᠤ ᠠᠪᠬᠤ ᠪᠠ ᠵᠢᠷᠤᠭ ᠢᠶᠠᠷ ᠬᠥᠮᠥᠷᠭᠡ ᠳᠤ ᠣᠷᠣᠭᠤᠯᠬᠤ᠂ ᠪᠠᠶᠢᠭᠤᠯᠤᠭᠰᠠᠨ ᠤ | ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠪᠠ ᠳᠦᠷᠢᠮ ᠤᠨ ᠪᠠᠶᠢᠭᠤᠯᠤᠯᠲᠠ ᠵᠡᠷᠭᠡ ᠳᠤ ᠶᠡᠷᠦᠩᠬᠡᠶᠢᠯᠡᠭᠰᠡᠨ ᠦᠨᠡᠯᠡᠯᠲᠡ | ᠬᠢᠵᠦ᠂ ᠳᠠᠷᠠᠭ᠎ᠠ ᠵᠢᠯ ᠨᠢ ᠲᠥᠷᠥᠯ ᠵᠦᠢᠯ ᠤᠨ ᠪᠡᠯᠡ ᠮᠥᠩᠭᠦ ᠬᠤᠪᠢᠶᠠᠷᠢᠯᠠᠬᠤ ᠳᠤ ᠪᠠᠨ ᠱᠠᠩᠨᠠᠨ ᠬᠥᠬᠢᠭᠦᠯᠬᠦ | ᠬᠡᠪᠴᠢᠶᠡᠨ ᠳᠤ ᠣᠷᠣᠭᠤᠯᠤᠭᠰᠠᠨ ᠭᠠᠵᠠᠷ ᠣᠷᠣᠨ ᠲᠡᠶᠢᠰᠢ ᠬᠡᠯᠪᠠᠶᠢᠯᠭᠡᠬᠦ ᠬᠡᠷᠡᠭᠲᠡᠢ᠃ ᠡᠭᠦᠨ ᠤ ᠬᠠᠮᠲᠤ᠂ | ᠥᠪᠡᠷᠲᠡᠭᠡᠨ ᠵᠠᠰᠠᠬᠤ ᠣᠷᠣᠨ ᠠᠴᠠ ᠵᠢᠯ ᠪᠦᠷᠢ 1000 ᠲᠦᠮᠡᠨ ᠲᠥᠭᠦᠷᠢᠭ ᠲᠣᠬᠢᠷᠠᠭᠤᠯᠤᠨ ᠲᠤᠬᠠᠢ ᠶᠢᠨ ᠵᠢᠯ ᠳᠤ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠᠷ ᠰᠠᠶᠢᠨ ᠬᠤᠰᠢᠭᠤ ᠰᠢᠶᠠᠨ ︵ᠬᠤᠲᠠ᠂ | ᠲᠣᠭᠤᠷᠢᠭ︶ ᠢ ᠱᠠᠩᠨᠠᠨ ᠬᠥᠬᠢᠭᠦᠯᠵᠦ᠂ ᠪᠠᠶᠢᠭᠤᠯᠤᠭᠰᠠᠨ ᠲᠥᠷᠥᠯ ᠵᠦᠢᠯ ᠢᠶᠠᠨ ᠬᠠᠮᠢᠶᠠᠷᠴᠤ ᠬᠠᠮᠠᠭᠠᠯᠠᠭᠰᠠᠨ ᠦᠷ᠎ᠡ | ᠪᠦᠲᠦᠮᠵᠢ ᠪᠠᠷ ᠰᠠᠶᠢᠨ ᠭᠠᠴᠠᠭ᠎ᠠ ᠲᠣᠰᠬᠤᠨ ᠤ ᠬᠠᠮᠲᠤ ᠨᠡᠶᠢᠲᠡ ᠳᠤ 1000 ᠲᠦᠮᠡᠨ ᠲᠥᠭᠦᠷᠢᠭ ᠲᠣᠬᠢᠷᠠᠭᠤᠯᠤᠨ | ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠡᠳ᠋ ᠤᠨ ᠵᠠᠰᠠᠭ ᠤᠨ ᠲᠢᠩᠬᠢᠮ︶ | ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠡᠷᠡᠭᠵᠢᠭᠦᠯᠬᠦ | ᠶᠠᠪᠤᠴᠠ ᠳᠠᠬᠢ ᠪᠣᠳᠠᠲᠠᠢ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ ᠲᠠᠶᠢᠯᠪᠤᠷᠢᠯᠠᠨ᠎ᠠ᠃ ︽ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠷᠪᠠᠨ ᠨᠢᠭᠡᠨ ᠵᠦᠢᠯ ᠤᠨ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ | 72 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | 2024 ᠣᠨ ᠤ 4 ᠳ᠋ᠦ᠋ᠭᠡᠷ ᠰᠠᠷ᠎ᠠ ᠶᠢᠨ 19 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 4 ᠳ᠋ᠦ᠋ᠭᠡᠷ ᠰᠠᠷ᠎ᠠ ᠶᠢᠨ 19 ᠤ ᠡᠳᠦᠷ ᠳᠠᠷᠤᠮᠠᠯᠯᠠᠨ ᠲᠠᠷᠬᠠᠭᠠᠪᠠ | | | | | | | | | | | | ᠁ |