ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠥᠪᠥᠷ ᠵᠠᠰᠠᠭ ᠦᠰᠦᠭ ︹2024 ︺ 160 ᠳ᠋ᠤᠭᠠᠷ ᠲᠣᠭᠠᠲᠤ | ︽ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ | ᠨᠡᠭᠡᠭᠡᠨ ᠬᠥᠭᠵᠢᠭᠦᠯᠬᠦ ᠲᠥᠰᠥᠯ ︵2024 — 2025 ᠣᠨ︶︾ ᠤᠨ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ | ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄ | ᠲᠠᠨ ᠤ ᠬᠤᠲᠠ ᠶᠢᠨ ︽︿ᠵᠢᠨᠢᠩ ᠲᠣᠭᠤᠷᠢᠭ ᠤᠨ ᠰᠢᠨ᠎ᠡ ᠲᠣᠭᠤᠷᠢᠭ ᠪᠠ ᠨᠠᠷᠠᠰᠤᠨ ᠭᠤᠣᠯ ᠤᠨ ᠵᠡᠭᠦᠨ | ᠬᠡᠰᠡᠭ ᠣᠷᠣᠨ ᠤ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵ | 2024 ᠣᠨ ᠤ 6 ᠳ᠋ᠤᠭᠠᠷ ᠰᠠᠷ᠎ᠠ — 2026 ᠣᠨ ᠤ 5 ᠳ᠋ᠤᠭᠠᠷ ᠰᠠᠷ᠎ᠠ︶﹀ ᠢ ᠬᠢᠨᠠᠨ ᠬᠠᠷᠭᠤᠭᠤᠯᠵᠤ | ᠵᠥᠪᠰᠢᠶᠡᠷᠡᠭᠦᠯᠬᠦ ᠲᠤᠬᠠᠢ ᠡᠰᠢᠯᠡᠯᠲᠡ︾ ︵ᠤᠯᠠᠭᠠᠨᠴᠠᠪ ᠵᠠᠰᠠᠭ ᠮᠡᠳᠡᠭᠦᠯᠦᠯᠲᠡ ︹2024 ︺ 73 ᠳ᠋ᠤᠭᠠᠷ | ᠲᠣᠭᠠᠲᠤ︶ ᠶᠢ ᠬᠦᠯᠢᠶᠡᠨ ᠠᠪᠴᠤ ᠣᠶᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ᠄ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠤᠰᠬᠠᠢ ᠮᠡᠷᠭᠡᠵᠢᠯᠲᠡᠨ ᠢ | ᠵᠣᠬᠢᠶᠠᠨ ᠪᠠᠶᠢᠭᠤᠯᠵᠤ ᠨᠤᠲᠠᠯᠠᠭᠤᠯᠬᠤ ᠪᠠ ᠬᠢᠨᠠᠨ ᠪᠠᠶᠢᠴᠠᠭᠠᠯᠭᠠᠭᠠᠳ᠂ ︽ᠤᠯᠠᠭᠠᠨᠴᠠᠪ ᠬᠤᠲᠠ ᠶᠢᠨ ᠵᠢᠨᠢᠩ | ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2024 | - — 2025 ᠣᠨ︶︾ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ | ᠬᠠᠮᠢᠶᠠᠷᠤᠯᠲᠠ ᠶᠢᠨ ᠬᠠᠤᠯᠢ︾ ᠪᠠ ︽︿ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ | ᠬᠥᠭᠵᠢᠭᠦᠯᠬᠦ ᠪᠠᠷᠢᠮᠵᠢᠶ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ | ᠮᠡᠳᠡᠭᠳᠡᠯ︾ ︵ᠪᠠᠶᠢᠭᠠᠯᠢ ᠡᠬᠢ ᠪᠠᠶᠠᠯᠢᠭ ᠲᠣᠭᠲᠠᠭᠠᠯ ︹2023 ︺ 7 ᠳ᠋ᠤᠭᠠᠷ ᠲᠣᠭᠠᠲᠤ︶ ᠵᠢᠴᠢ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ | ᠬᠥᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠤᠨ ᠬᠤᠯᠪᠣᠭᠳᠠᠯ ᠪᠦᠬᠦᠢ ᠲᠣᠭᠲᠠᠭᠠᠯ ᠪᠠ | ᠱᠠᠭᠠᠷᠳᠠᠯᠭ᠎ᠠ ᠳᠤ ᠨᠡᠶᠢᠴᠡᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ | ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠳᠦᠷᠢᠮ ᠲᠠᠢ ᠨᠡᠶᠢᠴᠡᠵᠦ ᠪᠠᠶᠢᠭ᠎ᠠ ᠪᠣᠯᠬᠤᠷ᠂ ︽ᠤᠯᠠᠭᠠᠨᠴᠠᠪ | ᠬᠤᠲᠠ ᠶᠢᠨ ᠵᠢᠨᠢᠩ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ | ᠲᠥᠰᠥᠯ ︵2024 — 2025 ᠣᠨ︶︾ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠂ ᠡᠯ᠎ᠡ ᠵᠦᠢᠯ ᠤᠨ | ᠠᠵᠢᠯ ᠢᠶᠠᠨ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠲᠦᠭᠡᠢ᠃ | 2024 ᠣᠨ ᠤ 8 ᠳ᠋ᠤᠭᠠᠷ ᠰᠠᠷ᠎ᠠ ᠶᠢᠨ 26 ᠤ ᠡᠳᠦᠷ | | | | | | | | | | | | | ᠁ |