| ᠰᠤᠷᠭᠠᠨ ᠬᠥᠮᠦᠵᠢᠯ ᠤᠨ ᠲᠢᠩᠬᠢᠮ ᠤᠨ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ | ᠲᠥᠷᠥ ᠶᠢᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠬᠤ ᠶᠢ ᠠᠬᠢᠭᠤᠯᠬᠤ ᠠᠵᠢᠯ ᠱᠠᠲᠤ ᠦᠶ᠎ᠡ ᠶᠢᠨ ᠴᠢᠨᠠᠷᠲᠠᠢ | ᠦᠷ᠎ᠡ ᠪᠦᠲᠦᠮᠵᠢ ᠣᠯᠪᠠ᠃ ᠬᠢᠴᠢᠶᠡᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠡᠤᠬᠡᠳ ᠤᠨ | ᠴᠡᠴᠡᠷᠯᠢᠭ ᠤᠳ ᠢᠶᠠᠷ ᠭᠤᠤᠯ ᠰᠡᠳᠦᠪᠲᠦ ᠵᠢᠷᠤᠭᠲᠤ ᠳᠡᠪᠲᠡᠷ ᠢ ᠰᠠᠶᠢᠲᠤᠷ ᠬᠡᠷᠡᠭᠯᠡᠵᠦ᠂ ᠳᠤᠮᠳᠠᠳᠤ ᠪᠠᠭ᠎ᠠ | ᠰᠤᠷᠭᠠᠭᠤᠯᠢ ᠨᠤᠭᠤᠳ ᠢᠶᠠᠷ ︽ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ︾ ᠤᠨ ᠵᠢᠭᠠᠬᠤ ᠮᠠᠲ᠋ᠧᠷᠢᠶᠠᠯ ᠢ | ᠬᠡᠷᠡᠭᠯᠡᠵᠦ᠂ ᠶᠡᠭᠡ ᠳᠡᠭᠡᠳᠦ ᠰᠤᠷᠭᠠᠭᠤᠯᠢ ᠨᠤᠭᠤᠳ ᠢᠶᠠᠷ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠣᠨᠣᠯ ᠤᠨ ᠲᠦᠢᠮᠤ︾ ᠭᠡᠬᠦ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ ︽ | ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ︾ ᠵᠡᠷᠭᠡ 23 ᠵᠢᠱᠢᠶ᠎ᠡ ᠦᠵᠡᠭᠦᠯᠬᠦ | ᠬᠢᠴᠢᠶᠡᠯ ᠨᠢ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠯᠢᠳᠡᠭ ᠬᠢᠴᠢᠶᠡᠯ ᠢᠶᠠᠷ ᠦᠨᠡᠯᠡᠭᠳᠡᠪᠡ᠃ ᠥᠪᠡᠷᠲᠡᠭᠡᠨ | ᠵᠠᠰᠠᠬᠤ ᠣᠷᠣᠨ ᠤ ᠲᠠᠰ ᠤᠨ ︽ᠦᠵᠡᠯ ᠰᠠᠨᠠᠭ᠎ᠠ ᠤᠯᠤᠰ ᠲᠥᠷᠥ ᠶᠢᠨ ᠲᠣᠮᠤ ᠬᠢᠴᠢᠶᠡᠯ︾ ᠤᠨ 123 | ᠦᠢᠯᠡᠳᠦᠯᠭᠡ ᠶᠢᠨ ᠰᠠᠭᠤᠷᠢᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ 12 ᠠᠶᠢᠮᠠᠭ ᠬᠤᠲᠠ ᠶᠢᠨ | ᠬᠤᠪᠢᠰᠬᠠᠯ ᠤᠨ ᠰᠤᠳᠤᠯᠤᠨ ᠰᠤᠷᠤᠯᠴᠠᠬᠤ ᠭᠠᠵᠠᠷ ᠤᠨ ᠵᠢᠷᠤᠭ ᠪᠠ ᠦᠢᠯᠡᠳᠦᠯᠭᠡ ᠶᠢᠨ ᠵᠢᠭᠠᠨ ᠰᠤᠷᠭᠠᠯᠲᠠ ᠶᠢᠨ | ᠵᠢᠯᠤᠭᠤᠳᠤᠮᠵᠢ ᠶᠢ ᠭᠠᠷᠭᠠᠵᠤ᠂ ︽ᠠᠮᠢᠳᠤᠯᠢᠭ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾᠂ ︽ᠬᠢᠯᠢ ᠶᠢᠨ | ᠱᠤᠭᠤᠮ ᠳᠠᠬᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾᠂ ︽ᠵᠦᠴᠦᠭᠡ ᠶᠢᠨ ᠲᠠᠯᠠᠪᠠᠢ ᠳᠠᠬᠢ ᠦᠵᠡᠯ | ᠰᠠᠨᠠᠭ᠎ᠠ ᠤᠯᠤᠰ ᠲᠥᠷᠥ ᠶᠢᠨ ᠬᠢᠴᠢᠶᠡᠯ︾ ᠵᠡᠷᠭᠡ ᠦᠢᠯᠡᠳᠦᠯᠭᠡ ᠶᠢᠨ ᠨᠠᠷᠠᠲᠤ ᠲᠡᠮᠳᠡᠭᠲᠦ ᠶᠢ ᠪᠣᠶ ᠪᠣᠯᠭᠠᠵᠤ᠂ | ᠣᠷᠣᠨ ᠪᠦᠰᠡ ᠠᠯᠤᠰᠯᠠᠨ ᠬᠤᠣᠰᠯᠠᠵᠤ ᠬᠠᠮᠲᠤ ᠪᠠᠷ ᠪᠠᠶᠢᠭᠤᠯᠬᠤ᠂ ᠨᠡᠶᠢᠭᠡᠮ ᠤᠨ ᠦᠢᠯᠡᠳᠦᠯᠭᠡ᠂ ᠰᠠᠶᠢᠨ | ᠳᠤᠷ᠎ᠠ ᠶᠢᠨ ᠦᠢᠯᠡᠴᠢᠯᠡᠭᠡ ᠵᠡᠷᠭᠡ 1800 ᠰᠢᠬᠠᠮ ᠲᠠᠯᠠᠪᠤᠷ ᠦᠷᠨᠢᠭᠦᠯᠵᠦ᠂ ᠬᠦᠯᠢᠶᠡᠨ ᠠᠪᠤᠭᠴᠢᠳ 46 | ᠲᠦᠮᠡ ᠶᠢ ᠳᠠᠪᠠᠪᠠ᠃ ︵ᠰᠤᠷᠭᠠᠨ ᠬᠦᠮᠦᠵᠢᠯ ᠤᠨ ᠲᠢᠩᠬᠢᠮ︶ | |