ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠷᠦᠢ᠄  ᠰᠤᠲᠤᠯᠤᠨ ᠲᠠᠶᠢᠯᠪᠤᠷᠢᠯᠠᠯᠲᠠ ᠶᠢ ᠰᠠᠶᠢᠲᠤᠷ ᠬᠢᠵᠦ᠂ ᠤᠮᠠᠷᠠᠲᠤ  ᠬᠢᠵᠠᠭᠠᠷ ᠤᠨ ᠰᠣᠶᠣᠯ ᠢ ᠤᠬᠠᠭᠤᠯᠤᠨ  ᠪᠠᠲᠠᠷᠠᠭᠤᠯᠬᠤ ᠬᠡᠷᠡᠭᠲᠠᠢ
ᠨᠡᠶᠢᠲᠡᠯᠡᠭᠰᠡᠨ ᠴᠠᠭ᠄
2025/2/10
     ︽ᠥᠪᠥᠷ ᠮᠣᠩᠭᠤᠯ ᠤᠨ ᠡᠳᠦᠷ ᠤᠨ ᠰᠣᠨᠢᠨ︾ ︵2025 ᠣᠨ ᠤ 1 ᠳ᠋ᠦ᠋ᠭᠡᠷ ᠰᠠᠷ᠎ᠠ ᠶᠢᠨ 3 ᠤ ᠡᠳᠦᠷ ᠤᠨ ᠬᠡᠪᠯᠡᠯ ᠤᠨ 1 ᠳ᠋ᠦ᠋ᠭᠡᠷ ᠨᠢᠭᠤᠷ︶᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠠᠴᠠ ᠤᠮᠠᠷᠠᠲᠤ  ᠬᠢᠵᠠᠭᠠᠷ ᠤᠨ ᠰᠣᠶᠣᠯ ᠤᠨ ᠪᠠᠶᠢᠭᠤᠯᠤᠯᠲᠠ ᠶᠢ ᠳᠡᠰ ᠳᠡᠪᠰᠢᠭᠦᠯᠬᠦ ᠠᠵᠢᠯᠯᠠᠭ᠎ᠠ  ᠳᠤ ᠲᠣᠳᠣᠷᠬᠠᠢ ᠪᠠᠶᠢᠷᠢᠯᠠᠭᠤᠯᠤᠯᠲᠠ ᠬᠢᠪᠡ᠃ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠥᠪᠡᠷᠲᠡᠭᠡᠨ ᠵᠠᠰᠠᠬᠤ ᠣᠷᠣᠨ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠮᠠᠷᠠᠲᠤ ᠬᠢᠵᠠᠭᠠᠷ ᠤᠨ ᠰᠣᠶᠣᠯ ᠤᠨ ᠰᠤᠲᠤᠯᠤᠨ ᠲᠠᠶᠢᠯᠪᠤᠷᠢᠯᠠᠯᠲᠠ ᠶᠢ ᠰᠠᠶᠢᠲᠤᠷ ᠬᠢᠵᠦ᠂ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠴᠢᠨᠠᠷ ᠰᠠᠶᠢᠲᠠᠢ ᠬᠥᠭᠵᠢᠬᠦ ᠶᠢ ᠲᠦᠯᠬᠢᠨ ᠠᠬᠢᠭᠤᠯᠬᠤ  ᠶᠢᠨ ᠲᠤᠬᠠᠢ  ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠷᠦᠢ ᠶᠢ ᠰᠤᠷᠪᠤᠯᠵᠢᠯᠠᠪᠠ᠃ ︽ᠰᠤᠳᠤᠯᠤᠨ ᠲᠠᠶᠢᠯᠪᠤᠷᠢᠯᠠᠬᠤ ᠪᠠ ᠤᠬᠠᠭᠤᠯᠤᠨ ᠳᠡᠯᠭᠡᠨ ᠦᠵᠡᠭᠦᠯᠬᠦ ᠶᠢ ᠴᠢᠩᠭᠠᠳᠬᠠᠵᠤ᠂ ᠰᠣᠳᠣᠨ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠬᠦ ᠶᠢ ᠳᠡᠮᠵᠢᠵᠦ᠂ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠮᠠᠷᠠᠲᠤ  ᠬᠢᠵᠠᠭᠠᠷ ᠤᠨ ᠰᠣᠶᠣᠯ ᠢ ᠨᠡᠩ ᠨᠡᠷ᠎ᠡ ᠠᠯᠳᠠᠷᠰᠢᠯ ᠪᠠ ᠲᠠᠲᠠᠬᠤ ᠬᠦᠴᠦᠨ ᠲᠠᠢ ᠪᠣᠯᠭᠠᠨ᠎ᠠ︾  ᠭᠡᠪᠡ᠃      ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠠᠴᠠ ︿ᠤᠮᠠᠷᠠᠲᠤ  ᠬᠢᠵᠠᠭᠠᠷ ᠤᠨ ᠰᠣᠶᠣᠯ ᠤᠨ ᠪᠠᠶᠢᠭᠤᠯᠤᠯᠲᠠ ᠶᠢ ᠳᠡᠰ ᠳᠡᠪᠰᠢᠭᠦᠯᠬᠦ ᠠᠵᠢᠯᠯᠠᠭ᠎ᠠ﹀ ᠶᠢ ︿ᠵᠢᠷᠭᠤᠭᠠᠨ ᠠᠵᠢᠯᠯᠠᠭ᠎ᠠ﹀ ᠶᠢᠨ ᠨᠢᠭᠡ ᠪᠠᠷ ᠵᠢᠭᠰᠠᠭᠠᠭᠰᠠᠨ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠣᠶᠣᠯ ᠵᠢᠭᠤᠯᠴᠢᠯᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠤᠭᠰᠠᠨ ᠮᠥᠷᠲᠡᠭᠡᠨ ᠪᠠᠰᠠ ᠪᠢᠳᠡᠨ ᠤ ᠡᠨᠡ ᠵᠢᠯ ᠤᠨ ᠠᠵᠢᠯ ᠢᠶᠠᠨ ᠰᠠᠶᠢᠲᠤᠷ ᠬᠢᠬᠦ ᠳᠤ ᠴᠢᠭᠯᠡᠯ ᠢ ᠵᠢᠭᠠᠨ ᠥᠭᠴᠦ᠂ ᠵᠢᠷᠤᠮᠯᠠᠯ ᠬᠠᠩᠭᠠᠭᠰᠠᠨ ᠪᠠᠶᠢᠨ᠎ᠠ᠃ ᠪᠢᠳᠠ ᠥᠪᠡᠷᠲᠡᠭᠡᠨ ᠵᠠᠰᠠᠬᠤ ᠣᠷᠣᠨ ᠤ ︿ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ﹀ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦᠳᠡ ᠬᠤᠷᠠᠯ ᠤᠨ ︿ᠤᠮᠠᠷᠠᠲᠤ  ᠬᠢᠵᠠᠭᠠᠷ ᠤᠨ ᠰᠣᠶᠣᠯ ᠤᠨ ᠪᠠᠶᠢᠭᠤᠯᠤᠯᠲᠠ ᠶᠢ ᠳᠡᠰ ᠳᠡᠪᠰᠢᠭᠦᠯᠬᠦ ᠠᠵᠢᠯᠯᠠᠭ᠎ᠠ﹀ ᠶᠢᠨ ᠲᠣᠭᠤᠷᠢᠨ ᠳᠤ ᠬᠢᠭᠰᠡᠨ ᠲᠦᠷᠪᠡᠨ ᠲᠠᠯ᠎ᠠ ᠶᠢᠨ ᠪᠣᠳᠠᠲᠠᠢ ᠲᠣᠬᠢᠷᠠᠭᠤᠯᠤᠯᠲᠠ ᠶᠢ ᠨᠢᠭᠡᠳ ᠨᠢᠭᠡ ᠪᠠᠷ ᠰᠤᠳᠤᠯᠤᠨ ᠡᠮᠬᠢᠯᠡᠵᠦ᠂ ᠨᠠᠷᠢᠯᠢᠭᠵᠢᠭᠤᠯᠤᠨ ᠵᠠᠳᠠᠯᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠴᠢᠨᠠᠷ ᠰᠠᠶᠢᠲᠠᠢ ᠠᠵᠢᠯᠯᠠᠭ᠎ᠠ ᠶᠢᠨ ᠦᠷ᠎ᠡ ᠪᠦᠲᠦᠭᠡᠯ ᠢᠶᠠᠷ ᠪᠦᠬᠦ ᠣᠷᠣᠨ ᠤ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠬᠤᠪᠢ ᠨᠡᠮᠡᠷᠢ ᠦᠵᠡᠭᠦᠯᠦᠨ᠎ᠡ︾ ᠭᠡᠵᠦ ᠵᠠᠩ ᠷᠦᠢ ᠢᠯᠡᠳᠬᠡᠪᠡ᠃      ᠨᠢᠭᠡ ᠳᠤ᠂ ᠤᠮᠠᠷᠠᠲᠤ ᠬᠢᠵᠠᠭᠠᠷ ᠤᠨ ᠰᠣᠶᠣᠯ ᠤᠨ ᠰᠤᠲᠤᠯᠤᠨ ᠲᠠᠶᠢᠯᠪᠤᠷᠢᠯᠠᠯᠲᠠ ᠶᠢ ᠬᠦᠴᠦᠯᠡᠨ ᠰᠠᠶᠢᠲᠤᠷ ᠬᠢᠨ᠎ᠡ᠃ ᠣᠷᠣᠨ ᠤ ᠳᠣᠲᠣᠷᠠᠬᠢ ᠰᠣᠶᠣᠯ ᠵᠢᠭᠤᠯᠴᠢᠯᠠᠯ ᠤᠨ ᠰᠢᠰᠲ᠋ᠧᠮ ᠤᠨ ᠰᠤᠳᠤᠯᠭᠠᠨ ᠤ ᠬᠦᠴᠦᠨ ᠢ ᠨᠢᠭᠡᠳᠦᠯᠲᠡᠢ ᠲᠥᠯᠥᠪᠯᠡᠵᠦ᠂ ᠮᠠᠨ ᠤ ᠣᠷᠣᠨ ᠤ ᠬᠤᠪᠢᠰᠬᠠᠯ ᠤᠨ ᠰᠣᠶᠣᠯ᠂ ᠲᠠᠯ᠎ᠠ ᠨᠤᠲᠤᠭ ᠤᠨ ᠰᠣᠶᠣᠯ᠂ ᠬᠠᠲᠤᠨ ᠭᠤᠣᠯ ᠤᠨ ᠰᠣᠶᠣᠯ ᠵᠡᠷᠭᠡ ᠡᠬᠢ ᠪᠠᠶᠠᠯᠢᠭ ᠢ ᠭᠦᠢᠴᠡᠳ ᠠᠭᠤᠳᠠᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ ᠮᠣᠩᠭᠤᠯ ᠮᠣᠷᠢᠨ ᠤ ᠵᠣᠷᠢᠭ ᠰᠠᠨᠠᠭ᠎ᠠ᠂ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠵᠡᠷᠭᠡ ᠠᠮᠢᠳᠤᠯᠢᠭ ᠬᠡᠷᠡᠭ ᠤᠨ ᠵᠢᠱᠢᠶ᠎ᠡ ᠶᠢ ᠴᠤᠭᠯᠠᠭᠤᠯᠬᠤ ᠪᠠ ᠰᠤᠳᠤᠯᠬᠤ ᠠᠵᠢᠯ ᠢ ᠭᠦᠨᠵᠡᠭᠡᠢ ᠥᠷᠨᠢᠭᠦᠯᠵᠦ᠂ ︽ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢᠨ ᠳᠤᠮᠳᠠᠳᠤ ᠤᠯᠤᠰ ᠤᠨ ᠰᠢ ᠵᠦᠴᠦᠭᠡ ᠶᠢᠨ ᠲᠡᠦᠬᠡ ︵ᠥᠪᠥᠷ ᠮᠣᠩᠭᠤᠯ ᠤᠨ ᠪᠣᠳᠢ︶︾ ᠵᠡᠷᠭᠡ ᠤᠯᠤᠰ ᠤᠨ ᠲᠦᠷᠦᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠲᠦᠷᠭᠡᠨ ᠠᠬᠢᠭᠤᠯᠵᠤ᠂ ᠪᠣᠷᠣᠭᠵᠢᠭᠤᠨ ᠦᠭᠡ ᠶᠠᠷᠢᠶ᠎ᠠ ᠪᠠᠷ ᠠᠭᠤᠯᠤᠭᠳᠠᠵᠤ ᠪᠠᠶᠢᠭ᠎ᠠ ᠴᠠᠭ ᠦᠶ᠎ᠡ ᠶᠢᠨ ᠵᠣᠷᠢᠭ ᠰᠠᠨᠠᠭ᠎ᠠ ᠶᠢ ᠲᠣᠳᠣᠷᠬᠠᠢ ᠶᠠᠷᠢᠨ᠎ᠠ᠃ ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠵᠤ ᠠᠰᠢᠭᠯᠠᠬᠤ ᠶᠢ ᠰᠠᠶᠢᠲᠤᠷ ᠠᠳᠬᠤᠵᠤ᠂ ᠪᠠᠷᠠᠭᠤᠨ ᠯᠢᠶᠣᠤᠾᠧ ᠭᠤᠣᠯ ᠤᠨ ᠪᠣᠯᠪᠠᠰᠤᠨ ᠢ ︽ᠳᠤᠮᠳᠠᠳᠤ ᠶᠢᠨ ᠪᠣᠯᠪᠠᠰᠤᠨ ᠤ ᠡᠬᠢ ᠰᠤᠷᠪᠤᠯᠵᠢ ᠶᠢ ᠬᠠᠶᠢᠬᠤ ᠢᠨᠵᠧᠨᠧᠷᠢᠩ︾ ᠳᠤ ᠣᠷᠣᠭᠤᠯᠬᠤ ᠶᠢ ᠠᠬᠢᠭᠤᠯᠵᠤ᠂ ᠪᠠᠷᠠᠭᠤᠨ ᠯᠢᠶᠣᠤᠾᠧ ᠭᠤᠣᠯ ᠤᠨ ᠰᠠᠪᠠ ᠭᠠᠵᠠᠷ ᠤᠨ ᠴᠢᠨ ᠤᠯᠤᠰ ᠠᠴᠠ ᠡᠮᠦᠨᠡᠬᠢ ᠦᠶ᠎ᠡ ᠶᠢᠨ ᠦᠯᠡᠳᠡᠭᠳᠡᠯ ᠬᠠᠭᠤᠴᠢ ᠰᠤᠳᠤᠯᠤᠯ ᠤᠨ ᠲᠤᠰᠬᠠᠢ ᠪᠠᠶᠢᠴᠠᠭᠠᠯᠲᠠ ᠪᠠ ᠠᠭᠤᠳᠠᠯᠤᠯᠲᠠ ᠵᠡᠷᠭᠡ ᠠᠵᠢᠯ ᠢ ᠡᠬᠢᠯᠡᠭᠦᠯᠦᠨ᠎ᠡ︔ 2025 ᠣᠨ ᠤ ᠬᠤᠩᠱᠠᠨ ᠰᠣᠶᠣᠯ ᠤᠨ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢᠨ ᠠᠵᠢᠯ ᠤᠨ ᠲᠥᠰᠥᠯ ᠢ ᠨᠠᠶᠢᠷᠠᠭᠤᠯᠤᠨ ᠬᠡᠷᠡᠭᠵᠢᠭᠦᠯᠵᠦ᠂ ᠬᠤᠩᠱᠠᠨ ᠰᠣᠶᠣᠯ ᠤᠨ ᠪᠠᠭᠤᠷᠢ ᠶᠢᠨ ᠨᠠᠷᠢᠯᠢᠭᠵᠢᠭᠤᠯᠤᠭᠰᠠᠨ ᠬᠠᠭᠤᠴᠢ ᠰᠤᠳᠤᠯᠤᠯ ᠤᠨ ᠪᠠᠶᠢᠴᠠᠭᠠᠯᠲᠠ ᠶᠢ ᠥᠷᠨᠢᠭᠦᠯᠵᠦ᠂ ᠲᠦᠮᠡᠨ ᠭᠠᠵᠠᠷ ᠤᠨ ᠴᠠᠢ ᠶᠢᠨ ᠵᠠᠮ᠂ ᠬᠤᠩᠱᠠᠨ ᠰᠣᠶᠣᠯ ᠤᠨ ᠪᠠᠭᠤᠷᠢ ᠶᠢ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠪᠠ ᠳ᠋ᠠ ᠶᠣᠣ ᠶᠢᠨ ᠪᠠᠭᠤᠷᠢ ᠵᠡᠷᠭᠡ ᠲᠣᠮᠣ ᠪᠠᠭᠤᠷᠢ ᠶᠢ ᠬᠠᠮᠠᠭᠠᠯᠠᠵᠤ ᠰᠡᠯᠪᠢᠨ ᠵᠠᠰᠠᠬᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠣᠶᠣᠯ ᠤᠨ ᠥᠪ ᠢ ︽ᠠᠮᠢᠳᠤᠯᠢᠭ ᠪᠣᠯᠭᠠᠵᠤ︾  ᠬᠦᠭᠵᠢᠭᠦᠯᠦᠨ᠎ᠡ᠃      ᠤᠯᠠᠭᠠᠨᠮᠥ᠋ᠴᠢᠷ ᠤᠨ ︽ᠲᠦᠮᠡᠨ ᠲᠣᠰᠬᠤᠨ ᠤ ᠠᠶᠠᠯᠠᠯ︾᠂ ︽ᠵᠠᠭᠤᠨ ᠪᠦᠯᠬᠦᠮ ᠮᠢᠩᠭᠠᠨ ᠲᠠᠯᠠᠪᠤᠷ ᠦᠨᠳᠦᠰᠦᠨ ᠱᠠᠲᠤᠨ ᠳᠤ ᠬᠦᠷᠬᠦ︾᠂ ︽ᠬᠢᠯᠢ ᠬᠢᠵᠠᠭᠠᠷ ᠢ ᠰᠠᠬᠢᠵᠤ ᠰᠡᠷᠭᠡᠶᠢᠯᠡᠯᠲᠡ ᠶᠢ  ᠪ᠊ ᠪᠠᠬᠢᠵᠢᠭᠦᠯᠦᠨ · ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ︾ ᠵᠡᠷᠭᠡ ᠦᠨᠳᠦᠰᠦᠨ ᠱᠠᠲᠤᠨ ᠤ ᠲᠣᠭᠤᠷᠢᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠬᠦ ᠶᠢ ᠳᠡᠮᠵᠢᠵᠦ᠂ ᠤᠮᠠᠷᠠᠲᠤ ᠬᠢᠵᠠᠭᠠᠷ  ᠤᠨ ᠰᠣᠶᠣᠯ ᠤᠨ ᠠᠷᠠᠳ ᠣᠯᠠᠨ ᠤ ᠣᠶᠤᠨ ᠤ ᠰᠣᠶᠣᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠶᠢᠨ ᠬᠠᠮᠲᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠰᠠᠶᠢᠨ ᠴᠢᠳᠠᠪᠤᠷᠢ ᠣᠯᠭᠤᠨ᠎ᠠ᠃        ᠬᠤᠶᠠᠷ ᠲᠤ᠂ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠪᠠᠶᠢᠭᠤᠯᠤᠯ ᠲᠣᠭᠲᠠᠴᠠ ᠵᠢᠨ‌ᠥᠭᠡᠷᠡᠴᠢᠯᠡᠯᠲᠡ ᠶᠢ ᠲᠦᠷᠭᠡᠪᠴᠢᠯᠡᠨ ᠠᠬᠢᠭᠤᠯᠤᠨ᠎ᠠ᠃ ᠤᠯᠤᠰ ᠤᠨ ᠥᠮᠴᠢᠯᠡᠯ ᠤᠨ ᠬᠦᠷᠢᠶᠡᠯᠡᠩ ᠪᠦᠯᠬᠦᠮ ᠤᠨ ᠥᠭᠡᠷᠡᠴᠢᠯᠡᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠣᠶᠣᠯ ᠤᠨ ᠬᠠᠮᠢᠶᠠᠷᠤᠯᠲᠠ ᠶᠢᠨ ᠰᠢᠰᠲ᠋ᠧᠮ ᠪᠠ ᠦᠢᠯᠡᠳᠪᠦᠷᠢᠯᠡᠯ ᠡᠵᠡᠩᠨᠡᠯᠲᠡ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠰᠣᠶᠣᠯ ᠤᠨ ᠦᠢᠯᠡᠰ + ᠺᠣᠮᠫᠠᠨᠢ︾᠂ ︽ᠬᠦᠷᠢᠶᠡᠯᠡᠩ ᠪᠦᠯᠬᠦᠮ + ᠺᠣᠮᠫᠠᠨᠢ︾᠂ ︽ᠨᠡᠶᠢᠲᠡ ᠶᠢᠨ ᠠᠰᠠᠷᠠᠮᠵᠢ + ᠵᠠᠬ᠎ᠠ ᠳᠡᠯᠭᠡᠭᠦᠷ︾ ᠵᠡᠷᠭᠡ ᠡᠵᠡᠩᠨᠡᠯᠲᠡ ᠶᠢᠨ ᠵᠠᠭᠪᠤᠷ ᠢᠶᠠᠷ ᠤᠷᠠᠯᠢᠭ ᠤᠨ ᠲᠢᠶᠠᠲᠷ᠂ ᠰᠣᠶᠣᠯ ᠤᠨ ᠣᠷᠳᠣᠨ᠂ ᠦᠵᠡᠰᠬᠦᠯᠡᠩ ᠤᠨ ᠣᠷᠳᠣᠨ ᠤ ᠵᠠᠬ᠎ᠠ ᠳᠡᠯᠭᠡᠭᠦᠷᠴᠢᠯᠡᠬᠦ ᠴᠢᠳᠠᠮᠵᠢ ᠪᠠ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ  ᠵᠢᠭᠤᠯᠴᠢᠯᠠᠯ ᠤᠨ ᠲᠢᠩᠬᠢᠮ ᠠᠴᠠ ᠲᠢᠶᠠᠲᠷ ᠤᠨ ᠱᠤᠭᠤᠮ ᠤᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠳᠤ ᠲᠦᠰᠢᠭᠯᠡᠨ᠂ ᠪᠦᠬᠦ ᠣᠷᠣᠨ ᠤ ᠲᠢᠶᠠᠲᠷ ᠤᠨ ᠡᠬᠢ ᠪᠠᠶᠠᠯᠢᠭ ᠢ ᠪᠦᠬᠦ ᠲᠠᠯ᠎ᠠ ᠪᠠᠷ ᠠᠮᠢᠯᠠᠭᠤᠯᠵᠤ᠂ ᠪᠦᠬᠦ ᠣᠷᠣᠨ ᠤ ᠰᠢᠯᠢᠳᠡᠭ ᠲᠠᠶᠢᠰᠠᠨ ᠤ ᠤᠷᠠᠯᠢᠭ ᠤᠨ ᠵᠦᠴᠦᠭᠡ ︵ᠨᠠᠶᠢᠷ︶ ᠶᠢᠨ ᠦᠵᠡᠭᠦᠯᠭᠡ ᠶᠢᠨ ᠲᠣᠭᠯᠠᠯᠲᠠ᠂ ︽ᠤᠯᠠᠨ ᠲᠦᠮᠡᠨ ᠤ ᠤᠳᠤᠨ ᠱᠠᠩᠨᠠᠯ︾  ᠤᠨ ᠰᠢᠯᠢᠳᠡᠭ ᠲᠣᠭᠯᠠᠯᠲᠠ ᠶᠢᠨ ᠵᠡᠭᠦᠨ ᠬᠡᠰᠡᠭ ᠣᠷᠣᠨ ᠤ ᠲᠣᠭᠤᠷᠢᠨ ᠲᠣᠭᠯᠠᠯᠲᠠ᠂ ︽ᠠᠷᠪᠠᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ︾ ᠵᠡᠷᠭᠡ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠤᠨ᠎ᠠ᠃      ᠭᠤᠷᠪᠠ ᠳᠤ  ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠤᠬᠢᠶᠠᠨ ᠪᠦᠲᠦᠭᠡᠬᠦ  ᠠᠵᠢᠯ ᠢ ᠬᠦᠴᠦᠯᠡᠨ ᠰᠠᠶᠢᠲᠤᠷ ᠠᠳᠬᠤᠬᠤ ᠬᠡᠷᠡᠭᠲᠡᠢ᠃ ︽ᠭᠤᠷᠪᠠᠨ ᠨᠢᠭᠡ ᠪᠦᠯᠦᠭ︾ ᠤᠨ ᠵᠣᠬᠢᠶᠠᠨ ᠪᠦᠲᠦᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠵᠦᠴᠦᠭᠡ ᠶᠢᠨ ᠪᠦᠲᠦᠭᠡᠯ ᠤᠨ ᠵᠤᠬᠢᠶᠠᠨ ᠪᠦᠲᠦᠭᠡᠯᠲᠡ᠂ ᠵᠣᠬᠢᠶᠠᠨ ᠪᠠᠶᠢᠭᠤᠯᠤᠯᠲᠠ᠂ ᠬᠠᠮᠢᠶᠠᠷᠤᠯᠲᠠ ᠶᠢᠨ ᠳᠦᠷᠢᠮ ᠤᠨ ᠲᠣᠭᠲᠠᠴᠠ ᠶᠢ ᠲᠦᠷᠭᠡᠨ ᠪᠠᠶᠢᠭᠤᠯᠤᠨ ᠲᠡᠭᠦᠯᠳᠡᠷᠵᠢᠭᠦᠯᠵᠦ᠂ ᠤᠳᠬ᠎ᠠ ᠤᠷᠠᠯᠢᠭ ᠤᠨ ᠪᠦᠲᠦᠭᠡᠯ ᠢ ᠦᠨᠡᠯᠡᠨ ᠵᠢᠱᠢᠬᠦ᠂ ᠬᠢᠨᠠᠨ ᠰᠢᠯᠭᠠᠬᠤ ᠰᠢᠰᠲ᠋ᠧᠮ ᠢ ᠲᠡᠭᠦᠯᠳᠡᠷᠵᠢᠭᠦᠯᠵᠦ᠂ ᠤᠮᠠᠷᠠᠲᠤ  ᠬᠢᠵᠠᠭᠠᠷ ᠤᠨ ᠰᠣᠶᠣᠯ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠪᠡᠯᠡ ᠮᠥᠩᠭᠦ ᠶᠢ ᠰᠠᠶᠢᠲᠤᠷ ᠬᠠᠮᠢᠶᠠᠷᠴᠤ ᠭᠦᠢᠴᠡᠳ ᠬᠡᠷᠡᠭᠯᠡᠵᠦ᠂ ᠳᠠᠭᠤᠷᠢ ︽ᠵᠠᠩᠭᠠᠷ︾᠂ ᠼᠢᠷᠺ ᠵᠦᠴᠦᠭᠡ ︽ᠪᠢᠳᠡᠨ ᠤ ᠰᠠᠶᠢᠨ ᠰᠠᠶᠢᠬᠠᠨ ᠠᠮᠢᠳᠤᠷᠠᠯ︾᠂ ᠶᠠᠷᠢᠶᠠᠲᠤ ᠵᠦᠴᠦᠭᠡ ︽ᠮᠣᠩᠭᠤᠯ ᠲᠥᠪᠡᠳ ᠤᠨ ᠰᠤᠷᠭᠠᠭᠤᠯᠢ︾ ᠵᠡᠷᠭᠡ ᠵᠦᠴᠦᠭᠡ ᠶᠢᠨ ᠪᠦᠲᠦᠭᠡᠯ ᠤᠨ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠤᠷᠺᠧᠰᠲᠷᠠ ᠶᠢᠨ ᠬᠥᠭᠵᠢᠮ ︽ᠪᠢ ᠪᠣᠯᠣᠨ ᠨᠦᠩ︾᠂ ᠲᠠᠭᠤᠤ ᠬᠥᠭᠵᠢᠮᠲᠦ ᠵᠦᠴᠦᠭᠡ ︽ᠷᠣᠺ ᠲᠠᠯ᠎ᠠ ᠨᠤᠲᠤᠭ︾᠂  ᠵᠦᠴᠦᠭᠡ ︽ᠴᠤᠭ ᠵᠢᠪᠬᠤᠭ᠎ᠠ︾ ᠵᠡᠷᠭᠡ ᠪᠦᠲᠦᠭᠡᠯ ᠢ ᠵᠣᠬᠢᠶᠠᠨ ᠪᠦᠲᠦᠭᠡᠬᠦ ᠠᠵᠢᠯ ᠢ ᠡᠬᠢᠯᠡᠭᠦᠯᠵᠦ᠂ ︽ᠯᠣᠣ ᠬᠠᠶᠢᠭᠰᠠᠨ ᠲᠡᠮᠳᠡᠭᠯᠡᠯ︾᠂ ︽ᠲᠠᠨ ᠲᠠᠢ ᠶᠠᠭ ᠰᠠᠶᠢᠬᠠᠨ ᠲᠠᠭᠠᠷᠠᠯᠲᠤᠯ᠎ᠠ︾ ᠵᠡᠷᠭᠡ ᠨᠢᠭᠡ ᠪᠦᠯᠦᠭ ᠠᠮᠢᠳᠤᠷᠠᠯ ᠤᠨ ᠠᠭᠤᠷ ᠠᠮᠢᠰᠬᠤᠯ ᠢᠶᠠᠷ ᠪᠠᠶᠠᠯᠢᠭ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠱᠤᠭ ᠵᠦᠴᠦᠭᠡ ᠶᠢ ᠦᠷᠭᠦᠯᠵᠢᠯᠡᠨ ᠠᠬᠢᠭᠤᠯᠤᠨ᠎ᠠ᠃ ᠡᠭᠦᠨ ᠤ ᠵᠡᠷᠭᠡ ᠳᠤ᠂ ᠳᠠᠭᠠᠭᠤᠯᠤᠭᠴᠢ ᠴᠢᠳᠠᠪᠤᠷᠢᠲᠠᠨ᠂ ᠳᠡᠭᠡᠳᠦ ᠰᠤᠲᠤᠨ ᠰᠢᠯᠢᠳᠡᠭ ᠴᠢᠳᠠᠪᠤᠷᠢᠲᠠᠨ ᠵᠡᠷᠭᠡ ᠳᠥᠷᠪᠡᠨ ᠲᠥᠷᠥᠯ ᠤᠨ ᠬᠠᠮᠲᠤ ᠨᠡᠶᠢᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠪᠤᠷᠢᠲᠠᠨ ᠢ ᠬᠥᠮᠥᠵᠢᠭᠦᠯᠦᠨ ᠦᠯᠡᠳᠡᠭᠡᠨ ᠬᠡᠷᠡᠭᠯᠡᠬᠦ ᠪᠠᠶᠢᠭᠤᠯᠤᠯ ᠲᠣᠭᠲᠠᠴᠠ   ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠤᠷᠠᠯᠢᠭ ᠤᠨ ᠴᠢᠳᠠᠪᠤᠷᠢᠲᠠᠨ ᠤ ᠡᠩᠨᠡᠭᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠰᠣᠳᠣᠨ ᠪᠦᠲᠦᠭᠡᠯ   ᠢ ᠵᠣᠬᠢᠶᠠᠨ ᠪᠦᠲᠦᠭᠡᠬᠦ ᠰᠠᠭᠤᠷᠢ   ᠶᠢ ᠤᠯᠠᠮ ᠨᠢᠭᠡ ᠠᠯᠬᠤᠮ ᠪᠠᠲᠤᠳᠬᠠᠨ᠎ᠠ᠃      ᠳᠥᠷᠪᠡ ᠳᠤ᠂ ᠤᠮᠠᠷᠠᠲᠤ ᠬᠢᠵᠠᠭᠠᠷ ᠤᠨ ᠰᠣᠶᠣᠯ ᠤᠨ ᠦᠷ᠎ᠡ ᠪᠦᠲᠦᠭᠡᠯ ᠤᠨ  ᠦᠵᠡᠰᠭᠦᠯᠡᠩ ᠦᠵᠡᠭᠦᠯᠭᠡ  ᠶᠢ ᠴᠢᠩᠭᠠᠳᠬᠠᠬᠤ ᠬᠡᠷᠡᠭᠲᠡᠢ᠃ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠪᠥᠬᠦ ᠬᠦᠴᠦᠨ ᠢᠶᠠᠷ ᠢᠶᠠᠨ  ᠴᠤᠭᠴᠠᠯᠠᠬᠤ ᠪᠠᠷ ᠭᠤᠣᠯᠳᠠᠯᠭ᠎ᠠ ᠪᠣᠯᠭᠠᠵᠤ᠂ ᠳᠣᠲᠣᠭᠠᠳᠤ ᠳᠤ ᠪᠠᠨ ᠳᠡᠯᠭᠡᠨ ᠦᠵᠡᠭᠦᠯᠬᠦ ᠪᠠ ᠭᠠᠳᠠᠭᠰᠢ ᠪᠠᠨ ᠲᠡᠯᠭᠡᠷᠡᠭᠦᠯᠦᠨ ᠦᠵᠡᠭᠦᠯᠬᠦ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠨ᠎ᠠ᠃ ᠨᠢᠭᠡ ᠲᠠᠯ᠎ᠠ ᠪᠠᠷ᠂ ︽ᠵᠢᠷᠭᠤᠭᠠᠨ ᠠᠭᠤᠯᠵᠠᠷ ᠤᠨ ᠨᠢᠭᠡᠲᠦᠯ︱ ᠥᠪᠥᠷ ᠮᠣᠩᠭᠤᠯ ᠤᠨ ᠡᠷᠲᠡᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠰᠣᠳᠣᠨ ᠪᠦᠲᠦᠭᠡᠯ ᠤᠨ ᠦᠵᠡᠭᠦᠯᠭᠡ︾᠂ ︽ᠤᠮᠠᠷᠠᠲᠤ ᠬᠢᠵᠠᠭᠠᠷ ᠤᠨ ᠤᠯᠠ ᠮᠥᠷ ︱ ᠳᠤᠮᠳᠠᠳᠤ ᠶᠢᠨ ᠪᠣᠯᠪᠠᠰᠤᠨ ᠤ ᠥᠪᠡᠷᠮᠢᠴᠡ ᠣᠨᠴᠠᠯᠢᠭ ᠤᠨ ᠦᠵᠡᠭᠦᠯᠭᠡ︾ ᠵᠡᠷᠭᠡ ᠰᠣᠳᠣᠨ ᠪᠦᠲᠦᠭᠡᠯ ᠤᠨ ᠲᠣᠭᠤᠷᠢᠨ ᠦᠵᠡᠭᠦᠯᠬᠦ ᠦᠵᠡᠭᠦᠯᠭᠡ ᠶᠢ 150 ᠭᠠᠷᠤᠢ ᠲᠠᠯᠠᠪᠠᠢ ᠶᠢ ᠤᠬᠠᠭᠠᠯᠠᠨ ᠡᠷᠬᠢᠯᠡᠵᠦ᠂ ᠳᠤᠮᠳᠠᠳᠤ ᠤᠯᠤᠰ ᠤᠨ ︽ᠤᠯᠤᠰ ᠤᠨ ᠤᠮᠠᠷᠠᠲᠤ ᠬᠢᠯᠢ ·ᠪᠣᠯᠪᠠᠰᠤᠨ ᠤ ᠡᠬᠢ ᠰᠤᠷᠪᠤᠯᠵᠢ ᠶᠢ ᠬᠠᠶᠢᠬᠤ︾ ᠰᠢᠷᠢᠰ ᠤᠬᠠᠭᠤᠯᠭ᠎ᠠ ᠶᠢ ᠥᠷᠨᠢᠭᠦᠯᠵᠦ᠂ ᠠᠷᠠᠳ ᠤᠯᠠᠨ ᠳᠤ ᠰᠣᠶᠣᠯ ᠤᠨ ᠦᠪᠡᠳᠡᠭᠰᠢ ᠨᠠᠶᠢᠷ ᠢ ᠡᠳ᠋ᠯᠡᠭᠦᠯᠦᠨ᠎ᠡ︔ ᠨᠥᠭᠦᠭᠡ ᠲᠠᠯ᠎ᠠ ᠪᠠᠷ᠂ ︽ᠭᠠᠳᠠᠭᠰᠢ ᠭᠠᠷᠬᠤ︾ ᠶᠢᠨ ᠪᠠᠶᠢᠩᠭᠤ ᠶᠢᠨ ᠲᠣᠭᠯᠠᠯᠲᠠ ᠶᠢ ᠶᠡᠬᠡᠪᠡᠷ ᠬᠡᠷᠡᠭᠵᠢᠭᠦᠯᠵᠦ᠂ ᠤᠮᠠᠷᠠᠲᠤ ᠬᠢᠵᠠᠭᠠᠷ ᠤᠨ ᠰᠣᠶᠣᠯ ᠤᠨ ᠲᠤᠮᠲᠠᠲᠤ ᠶᠢᠨ ᠣᠷᠣᠨ ᠤ ᠠᠶᠠᠯᠠᠯ ᠤᠨ ᠠᠵᠢᠯᠯᠠᠭ᠎ᠠ ᠶᠢ ᠥᠷᠨᠢᠭᠦᠯᠵᠦ᠂ ᠼᠢᠷᠺ ᠵᠦᠴᠦᠭᠡ ︽ᠮᠠᠨ ᠤ ᠰᠠᠶᠢᠨ ᠰᠠᠶᠢᠬᠠᠨ ᠠᠮᠢᠳᠤᠷᠠᠯ︾᠂ ᠲᠣᠮᠣ ᠬᠡᠯᠪᠡᠷᠢ ᠶᠢᠨ ᠦᠨᠳᠦᠰᠦᠲᠡᠨ ᠤ ᠤᠷᠺᠧᠰᠲᠷᠠ ᠶᠢᠨ ᠬᠥᠭᠵᠢᠮ ︽ᠮᠣᠩᠭᠤᠯ ᠮᠣᠷᠢ︾ ᠪᠠ ︽ᠲᠦᠮᠡᠨ ᠠᠭᠲᠠ ᠶᠢᠨ ᠲᠦᠪᠡᠷᠭᠡᠨ︾ ᠵᠡᠷᠭᠡ ᠮᠣᠷᠢᠨ ᠬᠤᠭᠤᠷ ᠤᠨ ᠲᠤᠰᠬᠠᠢ ᠲᠣᠭᠯᠠᠯᠲᠠ ᠶᠢᠨ ᠪᠥᠬᠦ ᠤᠯᠤᠰ ᠲᠤ  ᠬᠦᠷᠬᠦ ᠶᠢ ᠲᠦᠯᠬᠢᠨ ᠠᠬᠢᠭᠤᠯᠵᠤ᠂ ᠥᠪᠥᠷ ᠮᠣᠩᠭᠤᠯ ᠤᠨ ᠥᠯᠢᠭᠡᠷ ᠢ ᠤᠳᠬ᠎ᠠ ᠤᠷᠠᠯᠢᠭ ᠤᠨ ᠬᠡᠯᠪᠡᠷᠢ ᠪᠠᠷ ᠰᠠᠶᠢᠲᠤᠷ ᠶᠠᠷᠢᠵᠤ ᠂ ᠪᠥᠬᠦ ᠤᠯᠤᠰ ᠤᠨ ᠡᠯ᠎ᠡ ᠭᠠᠵᠠᠷ ᠤᠨ ᠵᠢᠭᠤᠯᠴᠢᠯᠠᠭᠴᠢᠳ ᠤᠨ ᠥᠪᠥᠷ ᠮᠣᠩᠭᠤᠯ ᠳᠤ ᠢᠷᠡᠵᠦ ᠵᠢᠭᠤᠯᠴᠢᠯᠠᠬᠤ ᠪᠠ ᠬᠠᠮᠲᠤᠷᠠᠨ ᠠᠵᠢᠯᠯᠠᠬᠤ ᠶᠢ ᠲᠠᠲᠠᠬᠤ ᠬᠡᠷᠡᠭᠲᠡᠢ᠃ ᠢᠯᠠᠩᠭᠤᠶ᠎ᠠ ︽ᠥᠪᠥᠷ ᠮᠣᠩᠭᠤᠯ ᠢᠶᠠᠷ ᠵᠢᠭᠤᠯᠴᠢᠯᠠᠬᠤ︾ ᠣᠷᠣᠨ ᠪᠦᠰᠡ ᠶᠢᠨ ᠰᠣᠶᠣᠯ  ᠵᠢᠭᠤᠯᠴᠢᠯᠠᠯ ᠤᠨ ᠨᠡᠷᠡᠲᠦ ᠲᠡᠮᠳᠡᠭ ᠢ ᠡᠭᠦᠳᠬᠦ ᠠᠵᠢᠯ ᠢ ᠪᠦᠬᠦ ᠲᠠᠯ᠎ᠠ  ᠪᠠᠷ ᠰᠠᠶᠢᠲᠤᠷ ᠠᠳᠬᠤᠵᠤ᠂ ᠰᠣᠶᠣᠯ  ᠵᠢᠭᠤᠯᠴᠢᠯᠠᠯ ᠪᠡᠶ᠎ᠡ ᠶᠢᠨ ᠲᠠᠮᠢᠷ ᠬᠤᠳᠠᠯᠳᠤᠭ᠎ᠠ ᠶᠢ ᠠᠭᠤᠰᠤᠯᠴᠠᠭᠤᠯᠤᠨ ᠬᠥᠭᠵᠢᠭᠦᠯᠬᠦ ᠵᠠᠭᠪᠤᠷ ᠢ ᠰᠦᠪᠡᠭᠴᠢᠯᠡᠨ ᠠᠬᠢᠭᠤᠯᠬᠤ ᠶᠢ ᠲᠦᠷᠭᠡᠳᠬᠡᠵᠦ᠂ ︽ᠢᠳᠡᠵᠦ ᠤᠤᠭᠤᠬᠤ ᠬᠤᠨᠣᠵᠤ ᠬᠡᠪᠲᠡᠬᠦ ᠶᠠᠪᠤᠵᠤ ᠰᠠᠭᠤᠬᠤ   ᠵᠢᠭᠤᠯᠴᠢᠯᠠᠨ‌ᠨᠠᠭᠠᠳᠬᠤ  ᠬᠤᠲᠠᠯᠲᠤᠭ᠎ᠠ ᠮᠠᠶᠢᠮᠠᠢ ᠵᠤᠭ᠎ᠠ ᠴᠡᠩᠭᠡᠯ︾ ᠤᠨ ᠬᠡᠷᠡᠭᠯᠡᠭᠡᠨ ᠤ ᠠᠵᠤ ᠦᠢᠯᠡᠰ ᠤᠨ ᠬᠡᠯᠬᠢᠶ᠎ᠡ ᠶᠢ ᠬᠦᠴᠦ ᠪᠠᠨ ᠬᠠᠮᠲᠤᠳᠬᠠᠨ ᠴᠤᠭᠴᠠᠯᠠᠬᠤ᠂ ︽ᠨᠢᠭᠡ ᠪᠦᠰᠡ ᠨᠢᠭᠡ ᠵᠠᠮ · ᠤᠮᠠᠷᠠᠲᠤ ᠬᠢᠵᠠᠭᠠᠷ ᠤᠨ ᠮᠠᠭᠲᠠᠭᠠᠯ︾ ᠪᠥᠬᠦ ᠤᠯᠤᠰ ᠤᠨ ᠨᠠᠶᠢᠷᠠᠯ ᠲᠠᠭᠤᠤ ᠶᠢᠨ ᠦᠵᠡᠭᠦᠯᠭᠡ ᠶᠢᠨ ᠲᠣᠭᠯᠠᠯᠲᠠ᠂ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ · ᠲᠠᠭᠤᠤ ᠬᠦᠭᠵᠢᠮ ᠠᠶᠠᠯᠠᠯ ᠤᠨ ᠬᠠᠨᠢ︾ ᠵᠡᠷᠭᠡ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠣᠯᠠᠨ ᠲᠦᠮᠡᠨ ᠪᠠ ᠭᠠᠳᠠᠭᠠᠲᠤ ᠣᠷᠣᠨ ᠤ ᠵᠢᠭᠤᠯᠴᠢᠯᠠᠭᠴᠢᠳ ᠲᠤ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾  ᠤᠨ ᠥᠪᠡᠷᠮᠢᠴᠡ ᠷᠢᠳᠢ ᠰᠢᠳᠢ ᠶᠢ ᠡᠳ᠋ᠯᠡᠭᠦᠯᠦᠨ᠎ᠡ᠃ ᠱᠠᠨ ᠰᠢ ᠮᠤᠵᠢ ᠶᠢᠨ 420 ᠠᠶᠠᠨᠴᠢᠨ  ᠵᠢᠨᠢᠩ—  ᠳ᠋ᠠᠲ᠋ᠦ᠋ᠩ—  ᠶᠤᠸᠠᠨᠫᠢᠩ ᠵᠢᠭᠤᠯᠴᠢᠯᠠᠯ ᠤᠨ ᠲᠤᠰᠬᠠᠢ ᠭᠠᠯᠲᠤ ᠲᠡᠷᠭᠡᠨ ᠳᠤ ᠰᠠᠭᠤᠨ ᠥᠪᠥᠷ ᠮᠣᠩᠭᠤᠯ ᠳᠤ ᠢᠷᠡᠵᠦ ᠲᠣᠭᠤᠷᠢᠨ ᠦᠵᠡᠪᠡ ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ ︵ᠵᠢᠷᠤᠭ︶      1 ᠳ᠋ᠦ᠋ᠭᠡᠷ ᠰᠠᠷ᠎ᠠ ᠶᠢᠨ 5 ᠤ ᠡᠳᠦᠷ ᠤᠨ 11 ᠴᠠᠭ 47 ᠮᠢᠨᠦ᠋ᠲ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠵᠣᠬᠢᠶᠠᠨ ᠪᠠᠶᠢᠭᠤᠯᠤᠭᠰᠠᠨ  ᠵᠢᠨᠢᠩ—  ᠳ᠋ᠠᠲ᠋ᠦ᠋ᠩ—  ᠶᠤᠸᠠᠨᠫᠢᠩ  ᠬᠦᠷᠬᠦ ᠲᠦᠷᠭᠡᠨ  ᠤ ᠲᠡᠮᠦᠷ ᠵᠠᠮ ᠤᠨ ᠵᠢᠭᠤᠯᠴᠢᠯᠠᠯ ᠤᠨ ᠠᠩᠬᠠᠳᠠᠭᠴᠢ ᠲᠤᠰᠬᠠᠢ ᠲᠡᠷᠭᠡ  D4022 ᠳ᠋ᠤᠭᠠᠷ   ᠲᠦᠷᠭᠡᠨ ᠤ ᠲᠡᠮᠦᠷ ᠵᠠᠮ  ᠲᠠᠶᠢᠶᠤᠸᠠᠨ ᠤ ᠡᠮᠦᠨ᠎ᠡ ᠥᠷᠲᠡᠭᠡ ᠠᠴᠠ ᠭᠠᠷᠴᠤ᠂ ᠱᠠᠨ ᠰᠢ ᠶᠢᠨ 420 ᠵᠢᠭᠤᠯᠴᠢᠯᠠᠭᠴᠢᠳ ᠢ  ᠲᠡᠭᠡᠭᠡᠨ ᠥᠪᠥᠷ ᠮᠣᠩᠭᠤᠯ ᠵᠦᠭ ᠮᠣᠷᠳᠠᠪᠠ᠃      ᠥᠪᠥᠷ ᠮᠣᠩᠭᠤᠯ ᠪᠠ ᠱᠠᠨ ᠰᠢ ᠬᠤᠶᠠᠷ ᠮᠤᠵᠢ ᠣᠷᠣᠨ ᠤ ᠭᠠᠵᠠᠷ ᠨᠤᠲᠤᠭ ᠣᠶᠢᠷᠠᠯᠴᠠᠭ᠎ᠠ᠂ ᠬᠥᠮᠥᠨ ᠤ ᠬᠠᠷᠢᠴᠠᠭ᠎ᠠ ᠳᠣᠲᠣᠨᠣ ᠪᠠᠶᠢᠳᠠᠭ᠃ ᠵᠢᠨᠢᠩ— ᠳ᠋ᠠᠲ᠋ᠦ᠋ᠩ—  ᠶᠤᠸᠠᠨᠫᠢᠩ ᠲᠦᠷᠭᠡᠨ ᠤ ᠲᠡᠮᠦᠷ ᠵᠠᠮ ᠵᠢᠩᠬᠢᠨᠢ ᠪᠠᠷ ᠨᠡᠪᠲᠡᠷᠡᠬᠦ ᠶᠢ ᠳᠠᠭᠠᠯᠳᠤᠨ᠂ ᠱᠠᠨ ᠰᠢ ᠪᠣᠯᠣᠨ ᠥᠪᠥᠷ ᠮᠣᠩᠭᠤᠯ ᠤᠨ ᠬᠤᠭᠤᠷᠣᠨᠳᠣᠬᠢ ᠵᠠᠮ ᠬᠠᠷᠢᠯᠴᠠᠭ᠎ᠠ ᠨᠡᠩ ᠳᠥᠭᠦᠮ ᠳᠥᠲᠡ ᠪᠣᠯᠵᠤ᠂ ᠬᠤᠶᠠᠷ ᠭᠠᠵᠠᠷ ᠤᠨ ᠰᠣᠶᠣᠯ ᠵᠢᠭᠤᠯᠴᠢᠯᠠᠯ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ ᠭᠠᠯᠲᠤ ᠲᠡᠷᠭᠡᠨ ᠤ ᠴᠣᠩᠬᠤᠨ ᠳᠤ ᠡᠯ᠎ᠡ ᠵᠦᠢᠯ ᠤᠨ ᠰᠢᠨ᠎ᠡ ᠰᠣᠷᠭᠤᠭ ᠴᠣᠩᠬᠤᠨ ᠤ ᠬᠠᠶᠢᠴᠢᠯᠠᠮᠠᠯ ᠨᠠᠭᠠᠵᠤ᠂ ᠲᠡᠷᠭᠡᠨ ᠲᠠᠰᠤᠯᠭ᠎ᠠ ᠳᠤ ︽ᠪᠤᠶᠠᠨ︾ ᠦᠰᠦᠭ᠂ ︽ᠬᠠᠪᠤᠷ︾ ᠦᠰᠦᠭ ᠢ ᠡᠯᠭᠦᠵᠦ᠂  ᠴᠠᠭᠠᠨ ᠰᠠᠷ᠎ᠠ ᠶᠢᠨ ᠠᠭᠤᠷ ᠠᠮᠢᠰᠬᠤᠯ ᠪᠢᠯᠬᠠᠨ ᠠᠶᠠᠨᠴᠢᠳ ᠤᠨ ᠰᠡᠳᠬᠢᠯ ᠢ  ᠲᠤᠯᠠᠭᠠᠯᠠᠨ᠎ᠠ  ᠃  ᠱᠠᠨ ᠰᠢ ᠮᠤᠵᠢ ᠶᠢᠨ ᠵᠢᠭᠤᠯᠴᠢᠯᠠᠭᠴᠢᠳ ᠲᠤ ᠥᠪᠥᠷ ᠮᠣᠩᠭᠤᠯ ᠤᠨ ᠬᠠᠯᠠᠭᠤᠨ ᠰᠡᠳᠬᠢᠯᠭᠡ ᠶᠢ ᠭᠦᠢᠴᠡᠳ ᠣᠶᠢᠯᠠᠭᠠᠭᠤᠯᠬᠤ ᠶᠢᠨ ᠲᠥᠯᠥᠭᠡ᠂  ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠭᠠᠯᠲᠤ ᠲᠡᠷᠭᠡᠨ ᠳᠡᠭᠡᠷ᠎ᠡ  ᠵᠢᠭᠤᠯᠴᠢᠯᠠᠭᠴᠢᠳ ᠲᠤ ᠭᠤᠶᠢᠳᠠ ᠰᠠᠶᠢᠬᠠᠨ ᠲᠣᠭᠯᠠᠯᠲᠠ ᠭᠠᠷᠭᠠᠵᠤ ᠥᠭᠴᠡᠢ      ᠣᠶᠢᠯᠠᠭᠠᠭᠰᠠᠨ ᠢᠶᠠᠷ᠂ 1 ᠳ᠋ᠦ᠋ᠭᠡᠷ ᠰᠠᠷ᠎ᠠ ᠶᠢᠨ 5 ᠤ ᠡᠳᠦᠷ᠂ ᠪᠥᠬᠦ ᠤᠯᠤᠰ ᠤᠨ ᠲᠡᠮᠦᠷ ᠵᠠᠮ ᠤᠨ ᠬᠢᠨ ᠭᠠᠯᠲᠤ ᠲᠡᠷᠭᠡᠨ ᠤ ᠰᠢᠨ᠎ᠡ ᠠᠶᠠᠯᠠᠯ ᠤᠨ ᠵᠢᠷᠤᠭ ᠢ ᠵᠢᠩᠬᠢᠨᠢ ᠪᠠᠷ ᠬᠡᠷᠡᠭᠵᠢᠭᠦᠯᠵᠦ᠂ ᠥᠪᠥᠷ ᠮᠣᠩᠭᠤᠯ ᠤᠨ ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠳᠤᠮᠳᠠᠳᠤ ᠣᠷᠣᠨ᠂ ᠪᠠᠷᠠᠭᠤᠨ ᠬᠤᠶᠢᠲᠤ ᠣᠷᠣᠨ᠂ ᠪᠠᠷᠠᠭᠤᠨ ᠡᠮᠦᠨᠡᠲᠦ ᠣᠷᠣᠨ ᠵᠡᠷᠭᠡ ᠭᠠᠵᠠᠷ ᠣᠷᠣᠨ ᠳᠤ ᠬᠦᠷᠬᠦ ᠲᠡᠮᠦᠷ ᠵᠠᠮ ᠤᠨ ᠠᠶᠠᠯᠠᠯ ᠤᠨ ᠴᠠᠭ ᠢ ᠥᠩᠭᠡᠷᠡᠭᠰᠡᠨ ᠤ  ᠬᠢ ᠠᠴᠠ ᠬᠠᠭᠠᠰ ᠣᠷᠴᠢᠮ ᠢᠶᠠᠷ ᠪᠣᠭᠤᠨᠢᠰᠬᠠᠪᠠ᠃  ᠲᠦᠷᠪᠡᠨ ᠵᠦᠭ ᠨᠠᠢᠮᠠᠨ ᠵᠤᠪᠬᠢᠰ ᠤᠨ  ᠵᠢᠭᠤᠯᠴᠢᠯᠠᠭᠴᠢᠳ‌‍ᠲ᠋ᠦ᠋ᠷᠭᠡᠨ ᠤ ᠭᠠᠯᠲᠤ ᠲᠡᠷᠭᠡᠨ ᠳᠤ ᠰᠠᠭᠤᠵᠤ ᠡᠬᠡ ᠤᠯᠤᠰ ᠤᠨ ᠤᠮᠠᠷᠠᠲᠤ ᠬᠢᠯᠢ ᠳᠤ ᠰᠢᠭᠤᠳ ᠬᠦᠷᠴᠦ᠂ ᠰᠦᠷᠯᠢᠭ ᠰᠠᠶᠢᠬᠠᠨ ᠥᠷᠭᠡᠨ ᠠᠭᠤᠳᠠᠮ ᠲᠠᠯ᠎ᠠ ᠨᠤᠲᠤᠭ ᠢ ᠠᠭᠤᠵᠢᠷᠠᠲᠠᠯ᠎ᠠ ᠣᠶᠢᠯᠠᠭᠠᠵᠤ᠂ ᠠᠳᠡᠬᠢ ᠬᠢᠵᠠᠭᠠᠯᠠᠰᠢ ᠦᠭᠡᠢ ᠷᠢᠳᠢ ᠰᠢᠳᠢ ᠶᠢ ᠰᠤᠨᠢᠷᠬᠠᠬᠤ ᠪᠤᠯᠤᠨ᠎ᠠ  ᠃ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠲᠤᠭ᠎ᠠ ᠪᠦᠷᠢᠳᠬᠡᠯ ᠤᠨ ᠲᠣᠪᠴᠢᠶ᠎ᠠ ᠲᠠᠢ ᠪᠥᠬᠦ ᠣᠷᠣᠨ ᠤ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠶᠠᠷᠢᠯᠴᠠᠪᠠ ᠢᠷᠡᠯᠲᠡ᠄ ᠥᠪᠥᠷ ᠮᠣᠩᠭᠤᠯ ᠤᠨ ᠲᠤᠭ᠎ᠠ ᠪᠦᠷᠢᠳᠬᠡᠯ ᠤᠨ ᠣᠬᠤᠷ ᠮᠡᠳᠡᠭᠡᠯᠡᠯ      ᠣᠳᠣᠬᠠᠨ ᠤ ᠰᠣᠶᠣᠯ ᠤᠨ ᠠᠵᠤ ᠦᠢᠯᠡᠰ ᠪᠣᠯᠣᠨ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠭᠦᠨᠵᠡᠭᠡᠢ ᠰᠤᠳᠤᠯᠤᠨ ᠮᠠᠭᠠᠳᠯᠠᠵᠤ᠂ ᠰᠣᠶᠣᠯ ᠤᠨ ᠠᠵᠤ ᠦᠢᠯᠡᠰ ᠪᠣᠯᠣᠨ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠪᠦᠷᠢᠳᠬᠡᠯ ᠤᠨ ᠠᠵᠢᠯ ᠢ ᠰᠠᠶᠢᠲᠤᠷ ᠬᠢᠬᠦ ᠶᠢᠨ ᠲᠥᠯᠥᠭᠡ᠂ 1 ᠳ᠋ᠦ᠋ᠭᠡᠷ ᠰᠠᠷ᠎ᠠ ᠶᠢᠨ 7  ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠷᠦᠢ ᠨᠠᠷ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠬᠦᠷᠴᠦ ᠶᠠᠷᠢᠯᠴᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠰᠧ ᠶᠠᠩ ᠶᠠᠷᠢᠯᠴᠠᠬᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ︵ᠵᠢᠷᠤᠭ︶      ᠬᠤᠷᠠᠯ ᠠᠴᠠ ᠪᠦᠬᠦ ᠣᠷᠣᠨ ᠤ ᠰᠣᠶᠣᠯ ᠤᠨ ᠠᠵᠤ ᠦᠢᠯᠡᠰ ᠪᠣᠯᠣᠨ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠠᠵᠤ ᠠᠬᠤᠶᠢᠯᠠᠯ ᠤᠨ ᠳᠦᠷᠢᠮ ᠲᠣᠭᠲᠠᠭᠠᠯ ᠢ ᠳᠡᠭᠡᠭᠰᠢᠯᠡᠭᠦᠯᠦᠨ ᠨᠢᠭᠡᠳᠦᠯᠲᠡᠢ ᠪᠣᠯᠭᠠᠬᠤ ᠶᠢ ᠳᠡᠮᠵᠢᠬᠦ᠂  ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠲᠤᠭ᠎ᠠ ᠪᠦᠷᠢᠳᠬᠡᠯ ᠤᠨ ᠬᠢᠨᠠᠨ ᠬᠡᠮᠵᠢᠬᠦ  ᠰᠢᠰᠲ᠋ᠧᠮ ᠪᠣᠯᠣᠨ ᠠᠷᠭ᠎ᠠ  ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠬᠦ᠂ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠳᠦᠷᠢᠮ ᠢ ᠬᠢᠨᠠᠨ ᠵᠥᠪᠰᠢᠶᠡᠷᠡᠬᠦ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠵᠢᠴᠢ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠶᠢ ᠬᠠᠮᠲᠤᠷᠠᠨ ᠥᠷᠨᠢᠭᠦᠯᠬᠦ ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠨ ᠶᠠᠷᠢᠯᠴᠠᠪᠠ᠃ ︵ᠵᠢᠷᠤᠭ︶      ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠣᠯᠣᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ ᠥᠪᠥᠷ ᠮᠣᠩᠭᠤᠯ ᠤᠨ ᠮᠦᠽᠧᠢ ᠪᠥᠬᠦ ᠤᠯᠤᠰ ᠤᠨ ᠰᠣᠶᠣᠯ ᠤᠨ ᠡᠭᠦᠳᠦᠯᠲᠡ ᠶᠢᠨ ᠨᠡᠭᠡᠭᠡᠨ ᠬᠥᠭᠵᠢᠭᠦᠯᠦᠯᠲᠡ ᠶᠢᠨ ᠲᠤᠷᠰᠢᠯᠲᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠬᠦ ᠳᠤ ᠨᠢᠭᠡᠳᠦᠭᠡᠷ ᠳᠡᠰ ᠢᠶᠠᠷ ᠦᠨᠡᠯᠡᠭᠳᠡᠪᠡ ᠢᠷᠡᠯᠲᠡ᠄ ᠥᠪᠥᠷ ᠮᠣᠩᠭᠤᠯ ᠤᠨ ᠮᠦᠽᠧᠢ ︵ᠵᠢᠷᠤᠭ︶      ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠠᠯᠪᠠᠨ ᠭᠡᠷ ᠠᠴᠠ ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠢ ᠶᠢᠨ ᠰᠣᠶᠣᠯ ᠤᠨ ᠪᠦᠲᠦᠭᠡᠯᠴᠢ ᠦᠢᠯᠡᠳᠬᠦᠨ ᠢ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠭᠰᠡᠨ ᠦᠷ᠎ᠡ ᠳ᠋ᠦᠩ ᠢ ᠨᠡᠶᠢᠲᠡᠯᠡᠵᠦ᠂ ᠥᠪᠥᠷ ᠮᠣᠩᠭᠤᠯ ᠤᠨ ᠮᠦᠽᠧᠢ ᠨᠢᠭᠡᠳᠦᠭᠡᠷ ᠳᠡᠰ ᠢᠶᠠᠷ ᠦᠨᠡᠯᠡᠭᠳᠡᠪᠡ᠃      ᠠᠩᠬᠠᠳᠠᠭᠴᠢ ᠪᠦᠯᠦᠭ ᠪᠦᠬᠦ ᠤᠯᠤᠰ ᠤᠨ ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠢ ᠶᠢᠨ ᠰᠣᠶᠣᠯ ᠤᠨ ᠪᠦᠲᠦᠭᠡᠯᠴᠢ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠴᠡᠭ ᠤᠨ ᠨᠢᠭᠡᠴᠢ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠮᠦᠽᠧᠢ ᠶᠢᠨ ᠬᠢᠨ ᠮᠦᠽᠧᠢ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠲᠤ ᠲᠦᠰᠢᠭᠯᠡᠨ᠂ ᠤᠯᠠᠨ ᠶᠠᠩᠵᠤ ᠬᠡᠯᠪᠡᠷᠢ ᠲᠠᠢ᠂ ᠪᠠᠶᠠᠯᠢᠭ ᠰᠡᠳᠦᠪ ᠲᠠᠢ ᠤᠮᠠᠷᠠᠲᠤ  ᠬᠢᠵᠠᠭᠠᠷ ᠤᠷᠤᠨ ᠤ ᠣᠨᠴᠠᠯᠢᠭ ᠲᠠᠢ ᠰᠣᠶᠣᠯ ᠤᠨ ᠡᠭᠦᠳᠦᠯᠲᠡ ᠶᠢ ᠲᠥᠯᠥᠪᠯᠡᠨ ᠰᠤᠳᠤᠯᠤᠨ ᠨᠡᠭᠡᠭᠡᠵᠦ᠂ ᠣᠳᠣᠬᠠᠨ ᠳᠤ ᠪᠦᠲᠦᠭᠡᠭᠳᠡᠬᠦᠨ ᠤ ᠲᠦᠷᠦᠯ ᠵᠦᠢᠯ 3268 ᠲᠦᠷᠦᠯ ᠳᠤ ᠬᠦᠷᠴᠡᠢ᠃          ᠥᠪᠥᠷ ᠮᠣᠩᠭᠤᠯ ᠤᠨ ᠮᠦᠽᠧᠢ ᠶᠢᠨ ᠰᠣᠶᠣᠯ ᠤᠨ ᠡᠭᠦᠳᠦᠯᠲᠡ ᠶᠢᠨ ᠪᠦᠯᠬᠦᠮ ᠤᠨ ᠬᠢᠨ ᠮᠦᠽᠧᠢ ᠳᠤ ᠬᠠᠳᠠᠭᠠᠯᠠᠵᠤ ᠪᠠᠶᠢᠭ᠎ᠠ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠤᠮᠠᠷᠠᠲᠤ ᠬᠢᠵᠠᠭᠠᠷ ‍ᠤᠨ‌‍ᠰᠣᠶᠣᠯ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠤᠳᠤ ᠦᠶ᠎ᠡ ᠶᠢᠨ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠤᠨ ᠲᠡᠦᠬᠡ ᠶᠢ ᠲᠤᠰᠬᠠᠭᠰᠠᠨ᠂ ᠤᠮᠠᠷᠠᠲᠤ ᠬᠢᠵᠠᠭᠠᠷ ᠤᠨ ᠰᠣᠶᠣᠯ ᠤᠨ ᠣᠨᠴᠠᠯᠢᠭ ᠪᠠ ᠴᠠᠭ ᠦᠶ᠎ᠡ ᠶᠢᠨ ᠵᠣᠷᠢᠭ ᠰᠠᠨᠠᠭ᠎ᠠ ᠲᠠᠢ ᠰᠣᠶᠣᠯ ᠤᠨ ᠪᠦᠲᠦᠭᠡᠯᠴᠢ ᠪᠦᠲᠦᠭᠡᠭᠳᠡᠬᠦᠨ ᠢ ᠨᠡᠩ ᠤᠯᠠᠨ  ᠪᠦᠲᠦᠭᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠵᠤ᠂ ᠰᠣᠶᠣᠯ ᠤᠨ ᠠᠵᠤ ᠦᠢᠯᠡᠰ ᠤᠨ ᠬᠥᠭᠵᠢᠯᠲᠡ ᠪᠠ ᠰᠣᠶᠣᠯ ᠤᠨ ᠥᠪ ᠤᠨ ᠬᠠᠮᠠᠭᠠᠯᠠᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ ᠯᠣᠣ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠠᠮᠵᠢᠯᠲᠠ ᠲᠠᠢ ᠪᠠᠷ ᠤᠯᠤᠰ ᠤᠨ 5A ᠳᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠵᠤ᠂ ᠣᠷᠣᠨ ᠤ ᠲᠥᠪ ᠤᠨ ᠰᠣᠶᠣᠯ  ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠨᠡᠭᠡᠭᠡᠪᠡ ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ      2024 ᠣᠨ ᠤ 12 ᠳ᠋ᠤᠭᠠᠷ ᠰᠠᠷ᠎ᠠ ᠶᠢᠨ 27  ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠯᠣᠣ ᠨᠢᠦ ᠸᠠᠨ ᠤ ᠬᠠᠳᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ‌‍ᠤᠨ ᠣᠷᠣᠨ ᠢ ᠠᠮᠵᠢᠯᠲᠠ ᠲᠠᠢ ᠪᠡᠷ᠎ᠡ  ᠬᠥᠬᠡᠬᠤᠲᠠ ᠶᠢᠨ ᠠᠩᠬᠠᠳᠠᠭᠴᠢ ᠤᠯᠤᠰ ᠤᠨ 5A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠪᠠᠶᠢᠭᠤᠯᠤᠭᠰᠠᠨ ᠢ ᠨᠡᠶᠢᠲᠡᠯᠡᠪᠡ᠃ ᠣᠲᠣ ᠪᠣᠯᠲᠠᠯ᠎ᠠ᠂ ᠥᠪᠥᠷ ᠮᠣᠩᠭᠤᠯ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ 8 ᠪᠣᠯᠵᠤ ᠨᠡᠮᠡᠭᠳᠡᠪᠡ᠃ ᠯᠣᠣ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ 2016 ᠣᠨ ᠤ 11 ᠳ᠋ᠦ᠋ᠭᠡᠷ ᠰᠠᠷ᠎ᠠ ᠳᠤ 4A ᠳᠡᠰ ᠤᠨ ᠦᠵᠡᠮᠵᠢ ᠶᠢᠨ ᠣᠷᠣᠨ ᠢᠶᠠᠷ  ᠡᠭᠦᠳᠦᠨ ᠪᠠᠶᠢᠭᠤᠯᠵᠤ᠂ 2023 ᠣᠨ ᠤ 7 ᠳ᠋ᠤᠭᠠᠷ ᠰᠠᠷ᠎ᠠ ᠶᠢᠨ 23 ᠤ ᠡᠳᠦᠷ ᠰᠣᠶᠣᠯ ᠪᠠ ᠵᠢᠭᠤᠯᠴᠢᠯᠠᠯ ᠤᠨ ᠶᠠᠮᠤᠨ ᠤ ᠦᠵᠡᠮᠵᠢ ᠶᠢᠨ ᠤᠷᠤᠨ ᠤ ᠦᠨᠡᠯᠡᠯᠲᠡ ᠪᠠᠷ ᠳᠡᠮᠵᠢᠨ᠂ ᠤᠯᠤᠰ ᠤᠨ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠪᠠᠷ ᠵᠢᠱᠢᠭᠳᠡᠭᠰᠡᠳ ᠤᠨ ᠨᠡᠷᠡᠰ ᠲᠤ ᠣᠷᠣᠭᠰᠠᠨ ᠪᠥᠭᠡᠳ 2024 ᠣᠨ ᠤ 12 ᠳ᠋ᠤᠭᠠᠷ ᠰᠠᠷ᠎ᠠ ᠶᠢᠨ 13 ᠤ ᠡᠳᠦᠷ ᠠᠯᠪᠠᠨ ᠶᠤᠰᠤ ᠪᠠᠷ ᠨᠡᠶᠢᠲᠡᠯᠡᠵᠦ᠂ ᠰᠣᠶᠣᠯ ᠪᠠ ᠵᠢᠭᠤᠯᠴᠢᠯᠠᠯ ᠤᠨ ᠶᠠᠮᠤᠨ ᠤ ᠦᠵᠡᠮᠵᠢ ᠶᠢᠨ ᠦᠨᠡᠯᠡᠯᠲᠡ ᠪᠠᠷ ᠳᠡᠮᠵᠢᠨ ᠡᠭᠦᠳᠦᠨ ᠪᠦᠲᠦᠭᠡᠬᠦ ᠠᠯᠪᠠᠨ ᠵᠠᠷ ᠤᠨ ᠱᠠᠲᠤᠨ ᠳᠤ ᠣᠷᠣᠭᠰᠠᠨ ᠪᠠᠶᠢᠨ᠎ᠠ᠂ ᠤᠷᠢᠳ ᠬᠤᠵᠢᠳ ᠵᠥᠪᠬᠡᠨ 1 ᠵᠢᠯ 5 ᠰᠠᠷ᠎ᠠ ᠶᠢᠨ ᠴᠠᠭ ᠬᠡᠷᠡᠭᠯᠡᠵᠦ᠂ ᠤᠯᠤᠰ ᠤᠨ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠤᠭᠰᠠᠨ ︽ᠴᠢᠩ ᠱᠦᠢ ᠾᠧ ᠶᠢᠨ ᠬᠤᠷᠳᠤᠴᠠ︾ ᠶᠢ ᠡᠭᠦᠳᠦᠭᠰᠡᠨ ᠪᠠᠶᠢᠨ᠎ᠠ᠃ ︵ᠵᠢᠷᠤᠭ︶
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号