ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠲᠤᠭ᠎ᠠ ᠪᠦᠷᠢᠳᠬᠡᠯ ᠤᠨ ᠲᠣᠪᠴᠢᠶ᠎ᠠ ᠲᠠᠢ ᠪᠥᠬᠦ ᠣᠷᠣᠨ ᠤ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠶᠠᠷᠢᠯᠴᠠᠪᠠ
ᠨᠡᠶᠢᠲᠡᠯᠡᠭᠰᠡᠨ ᠴᠠᠭ᠄
2025/2/14
    ᠣᠳᠣᠬᠠᠨ ᠤ ᠰᠣᠶᠣᠯ ᠤᠨ ᠠᠵᠤ ᠦᠢᠯᠡᠰ ᠪᠣᠯᠣᠨ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠭᠦᠨᠵᠡᠭᠡᠢ ᠰᠤᠳᠤᠯᠤᠨ ᠮᠠᠭᠠᠳᠯᠠᠵᠤ᠂ ᠰᠣᠶᠣᠯ ᠤᠨ ᠠᠵᠤ ᠦᠢᠯᠡᠰ ᠪᠣᠯᠣᠨ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠪᠦᠷᠢᠳᠬᠡᠯ ᠤᠨ ᠠᠵᠢᠯ ᠢ ᠰᠠᠶᠢᠲᠤᠷ ᠬᠢᠬᠦ ᠶᠢᠨ ᠲᠥᠯᠥᠭᠡ᠂ 1 ᠳ᠋ᠦ᠋ᠭᠡᠷ ᠰᠠᠷ᠎ᠠ ᠶᠢᠨ 7  ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠷᠦᠢ ᠨᠠᠷ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠬᠦᠷᠴᠦ ᠶᠠᠷᠢᠯᠴᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠰᠧ ᠶᠠᠩ ᠶᠠᠷᠢᠯᠴᠠᠬᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ︵ᠵᠢᠷᠤᠭ︶      ᠬᠤᠷᠠᠯ ᠠᠴᠠ ᠪᠦᠬᠦ ᠣᠷᠣᠨ ᠤ ᠰᠣᠶᠣᠯ ᠤᠨ ᠠᠵᠤ ᠦᠢᠯᠡᠰ ᠪᠣᠯᠣᠨ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠠᠵᠤ ᠠᠬᠤᠶᠢᠯᠠᠯ ᠤᠨ ᠳᠦᠷᠢᠮ ᠲᠣᠭᠲᠠᠭᠠᠯ ᠢ ᠳᠡᠭᠡᠭᠰᠢᠯᠡᠭᠦᠯᠦᠨ ᠨᠢᠭᠡᠳᠦᠯᠲᠡᠢ ᠪᠣᠯᠭᠠᠬᠤ ᠶᠢ ᠳᠡᠮᠵᠢᠬᠦ᠂  ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠲᠤᠭ᠎ᠠ ᠪᠦᠷᠢᠳᠬᠡᠯ ᠤᠨ ᠬᠢᠨᠠᠨ ᠬᠡᠮᠵᠢᠬᠦ  ᠰᠢᠰᠲ᠋ᠧᠮ ᠪᠣᠯᠣᠨ ᠠᠷᠭ᠎ᠠ  ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠬᠦ᠂ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠳᠦᠷᠢᠮ ᠢ ᠬᠢᠨᠠᠨ ᠵᠥᠪᠰᠢᠶᠡᠷᠡᠬᠦ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠵᠢᠴᠢ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠶᠢ ᠬᠠᠮᠲᠤᠷᠠᠨ ᠥᠷᠨᠢᠭᠦᠯᠬᠦ ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠨ ᠶᠠᠷᠢᠯᠴᠠᠪᠠ᠃ ︵ᠵᠢᠷᠤᠭ︶      ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠣᠯᠣᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠲᠤᠭ᠎ᠠ ᠪᠦᠷᠢᠳᠬᠡᠯ ᠤᠨ ᠣᠬᠤᠷ ᠮᠡᠳᠡᠭᠡᠯᠡᠯ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号