ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ᠂ ᠤᠯᠤᠰ ᠤᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠠᠯᠪᠠᠨ ᠭᠡᠷ ᠠᠴᠠ ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠤᠨ | ᠨᠢᠭᠡᠴᠢ ᠶᠢᠨ ᠰᠣᠶᠣᠯ ᠤᠨ ᠪᠦᠲᠦᠭᠡᠯᠴᠢ ᠦᠢᠯᠡᠳᠬᠦᠨ ᠢ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠦᠷ᠎ᠡ | ᠪᠦᠲᠦᠮᠵᠢ ᠶᠢ ᠦᠨᠡᠯᠡᠨ ᠵᠢᠱᠢᠭᠰᠡᠨ ᠦᠷ᠎ᠡ ᠳ᠋ᠦᠩ ᠢ ᠨᠡᠶᠢᠲᠡᠯᠡᠵᠦ᠂ ᠥᠪᠥᠷ ᠮᠣᠩᠭᠤᠯ ᠤᠨ ᠮᠦᠽᠧᠢ ᠨᠢᠭᠡᠳᠦᠭᠡᠷ | ᠳᠡᠰ ᠢᠶᠠᠷ ᠦᠨᠡᠯᠡᠭᠳᠡᠪᠡ᠃ | ᠠᠩᠬᠠᠳᠠᠭᠴᠢ ᠪᠦᠯᠦᠭ ᠪᠦᠬᠦ ᠤᠯᠤᠰ ᠤᠨ ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠢ ᠶᠢᠨ | ᠰᠣᠶᠣᠯ ᠤᠨ ᠪᠦᠲᠦᠭᠡᠯᠴᠢ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠴᠡᠭ ᠤᠨ ᠨᠢᠭᠡᠴᠢ | ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠮᠦᠽᠧᠢ ᠶᠢᠨ ᠬᠢᠨ ᠮᠦᠽᠧᠢ ᠳᠤ ᠬᠠᠳᠠᠭᠠᠯᠠᠵᠤ ᠪᠠᠶᠢᠭ᠎ᠠ | ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠲᠤ ᠲᠦᠰᠢᠭᠯᠡᠨ᠂ ᠤᠯᠠᠨ ᠶᠠᠩᠵᠤ ᠬᠡᠯᠪᠡᠷᠢ ᠲᠠᠢ᠂ ᠪᠠᠶᠠᠯᠢᠭ | ᠰᠡᠳᠦᠪ ᠲᠠᠢ ᠤᠮᠠᠷᠠᠲᠤ ᠬᠢᠵᠠᠭᠠᠷ ᠤᠷᠤᠨ ᠤ ᠣᠨᠴᠠᠯᠢᠭ ᠲᠠᠢ ᠰᠣᠶᠣᠯ ᠤᠨ ᠡᠭᠦᠳᠦᠯᠲᠡ ᠶᠢ ᠲᠥᠯᠥᠪᠯᠡᠨ ᠰᠤᠳᠤᠯᠤᠨ | ᠨᠡᠭᠡᠭᠡᠵᠦ᠂ ᠣᠳᠣᠬᠠᠨ ᠳᠤ ᠪᠦᠲᠦᠭᠡᠭᠳᠡᠬᠦᠨ ᠤ ᠲᠦᠷᠦᠯ ᠵᠦᠢᠯ 3268 ᠲᠦᠷᠦᠯ ᠳᠤ ᠬᠦᠷᠴᠡᠢ᠃ | ᠥᠪᠥᠷ ᠮᠣᠩᠭᠤᠯ ᠤᠨ ᠮᠦᠽᠧᠢ ᠶᠢᠨ ᠰᠣᠶᠣᠯ ᠤᠨ ᠡᠭᠦᠳᠦᠯᠲᠡ ᠶᠢᠨ ᠪᠦᠯᠬᠦᠮ ᠤᠨ ᠬᠢᠨ ᠮᠦᠽᠧᠢ ᠳᠤ | ᠬᠠᠳᠠᠭᠠᠯᠠᠵᠤ ᠪᠠᠶᠢᠭ᠎ᠠ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ | ᠤᠮᠠᠷᠠᠲᠤ ᠬᠢᠵᠠᠭᠠᠷ ᠤᠨᠰᠣᠶᠣᠯ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠤᠳᠤ ᠦᠶ᠎ᠡ ᠶᠢᠨ ᠵᠢᠷᠤᠭ | ᠲᠥᠯᠥᠪᠯᠡᠭᠡ ᠶᠢᠨ ᠣᠶᠢᠯᠠᠭᠠᠭᠳᠠᠬᠤᠨ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠰᠣᠯᠢᠯᠴᠠᠭ᠎ᠠ | ᠶᠠᠪᠤᠯᠴᠠᠭ᠎ᠠ ᠠᠭᠤᠰᠤᠯᠴᠠᠯ ᠤᠨ ᠲᠡᠦᠬᠡ ᠶᠢ ᠲᠤᠰᠬᠠᠭᠰᠠᠨ᠂ ᠤᠮᠠᠷᠠᠲᠤ ᠬᠢᠵᠠᠭᠠᠷ ᠤᠨ ᠰᠣᠶᠣᠯ ᠤᠨ ᠣᠨᠴᠠᠯᠢᠭ ᠪᠠ | ᠴᠠᠭ ᠦᠶ᠎ᠡ ᠶᠢᠨ ᠵᠣᠷᠢᠭ ᠰᠠᠨᠠᠭ᠎ᠠ ᠲᠠᠢ ᠰᠣᠶᠣᠯ ᠤᠨ ᠪᠦᠲᠦᠭᠡᠯᠴᠢ ᠪᠦᠲᠦᠭᠡᠭᠳᠡᠬᠦᠨ ᠢ ᠨᠡᠩ ᠤᠯᠠᠨ ᠪᠦᠲᠦᠭᠡᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠵᠤ᠂ | ᠰᠣᠶᠣᠯ ᠤᠨ ᠠᠵᠤ ᠦᠢᠯᠡᠰ ᠤᠨ ᠬᠥᠭᠵᠢᠯᠲᠡ ᠪᠠ ᠰᠣᠶᠣᠯ ᠤᠨ ᠥᠪ ᠤᠨ ᠬᠠᠮᠠᠭᠠᠯᠠᠯᠲᠠ ᠶᠢ ᠠᠬᠢᠭᠤᠯᠬᠤ ᠳᠤ | ᠬᠦᠴᠦᠨ ᠴᠢᠳᠠᠯ ᠢᠶᠠᠨ ᠡᠷᠭᠦᠨ᠎ᠡ᠃ | | | |