ᠯᠣᠣ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠠᠮᠵᠢᠯᠲᠠ ᠲᠠᠢ ᠪᠠᠷ ᠤᠯᠤᠰ ᠤᠨ 5A ᠳᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠵᠤ᠂ ᠣᠷᠣᠨ ᠤ ᠲᠥᠪ ᠤᠨ ᠰᠣᠶᠣᠯ  ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠨᠡᠭᠡᠭᠡᠪᠡ
ᠨᠡᠶᠢᠲᠡᠯᠡᠭᠰᠡᠨ ᠴᠠᠭ᠄
2025/2/14
     2024 ᠣᠨ ᠤ 12 ᠳ᠋ᠤᠭᠠᠷ ᠰᠠᠷ᠎ᠠ ᠶᠢᠨ 27  ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠯᠣᠣ ᠨᠢᠦ ᠸᠠᠨ ᠤ ᠬᠠᠳᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ‌‍ᠤᠨ ᠣᠷᠣᠨ ᠢ ᠠᠮᠵᠢᠯᠲᠠ ᠲᠠᠢ ᠪᠠᠷ ᠬᠥᠬᠡᠬᠤᠲᠠ ᠶᠢᠨ ᠠᠩᠬᠠᠳᠠᠭᠴᠢ ᠤᠯᠤᠰ ᠤᠨ 5A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠪᠠᠶᠢᠭᠤᠯᠤᠭᠰᠠᠨ ᠢ ᠨᠡᠶᠢᠲᠡᠯᠡᠪᠡ᠃ ᠣᠲᠣ ᠪᠣᠯᠲᠠᠯ᠎ᠠ᠂ ᠥᠪᠥᠷ ᠮᠣᠩᠭᠤᠯ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ 8 ᠪᠣᠯᠵᠤ ᠨᠡᠮᠡᠭᠳᠡᠪᠡ᠃ ᠯᠣᠣ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ 2016 ᠣᠨ ᠤ 11 ᠳ᠋ᠦ᠋ᠭᠡᠷ ᠰᠠᠷ᠎ᠠ ᠳᠤ 4A ᠳᠡᠰ ᠤᠨ ᠦᠵᠡᠮᠵᠢ ᠶᠢᠨ ᠣᠷᠣᠨ ᠢᠶᠠᠷ  ᠡᠭᠦᠳᠦᠨ ᠪᠠᠶᠢᠭᠤᠯᠵᠤ᠂ 2023 ᠣᠨ ᠤ 7 ᠳ᠋ᠤᠭᠠᠷ ᠰᠠᠷ᠎ᠠ ᠶᠢᠨ 23 ᠤ ᠡᠳᠦᠷ ᠰᠣᠶᠣᠯ ᠪᠠ ᠵᠢᠭᠤᠯᠴᠢᠯᠠᠯ ᠤᠨ ᠶᠠᠮᠤᠨ ᠤ ᠦᠵᠡᠮᠵᠢ ᠶᠢᠨ ᠤᠷᠤᠨ ᠤ ᠦᠨᠡᠯᠡᠯᠲᠡ ᠪᠠᠷ ᠳᠡᠮᠵᠢᠨ᠂ ᠤᠯᠤᠰ ᠤᠨ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠪᠠᠷ ᠵᠢᠱᠢᠭᠳᠡᠭᠰᠡᠳ ᠤᠨ ᠨᠡᠷᠡᠰ ᠲᠤ ᠣᠷᠣᠭᠰᠠᠨ ᠪᠥᠭᠡᠳ 2024 ᠣᠨ ᠤ 12 ᠳ᠋ᠤᠭᠠᠷ ᠰᠠᠷ᠎ᠠ ᠶᠢᠨ 13 ᠤ ᠡᠳᠦᠷ ᠠᠯᠪᠠᠨ ᠶᠤᠰᠤ ᠪᠠᠷ ᠨᠡᠶᠢᠲᠡᠯᠡᠵᠦ᠂ ᠰᠣᠶᠣᠯ ᠪᠠ ᠵᠢᠭᠤᠯᠴᠢᠯᠠᠯ ᠤᠨ ᠶᠠᠮᠤᠨ ᠤ ᠦᠵᠡᠮᠵᠢ ᠶᠢᠨ ᠦᠨᠡᠯᠡᠯᠲᠡ ᠪᠠᠷ ᠳᠡᠮᠵᠢᠨ ᠡᠭᠦᠳᠦᠨ ᠪᠦᠲᠦᠭᠡᠬᠦ ᠠᠯᠪᠠᠨ ᠵᠠᠷ ᠤᠨ ᠱᠠᠲᠤᠨ ᠳᠤ ᠣᠷᠣᠭᠰᠠᠨ ᠪᠠᠶᠢᠨ᠎ᠠ᠂ ᠤᠷᠢᠳ ᠬᠤᠵᠢᠳ ᠵᠥᠪᠬᠡᠨ 1 ᠵᠢᠯ 5 ᠰᠠᠷ᠎ᠠ ᠶᠢᠨ ᠴᠠᠭ ᠬᠡᠷᠡᠭᠯᠡᠵᠦ᠂ ᠤᠯᠤᠰ ᠤᠨ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠤᠭᠰᠠᠨ ︽ᠴᠢᠩ ᠱᠦᠢ ᠾᠧ ᠶᠢᠨ ᠬᠤᠷᠳᠤᠴᠠ︾ ᠶᠢ ᠡᠭᠦᠳᠦᠭᠰᠡᠨ ᠪᠠᠶᠢᠨ᠎ᠠ᠃ ︵ᠵᠢᠷᠤᠭ︶  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号