ᠳᠥᠷᠪᠡᠳᠦᠭᠡᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠤᠷᠤᠨ ᠢ ᠨᠡᠶᠢᠲᠡᠯᠡᠪᠡ
ᠨᠡᠶᠢᠲᠡᠯᠡᠭᠰᠡᠨ ᠴᠠᠭ᠄
2025/3/11
     ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠵᠢᠴᠢ ᠲᠡᠭᠦᠨ ᠤ ᠪᠣᠶᠢᠵᠢᠨ ᠬᠥᠭᠵᠢᠭᠰᠡᠨ ᠬᠥᠮᠥᠨ ᠨᠡᠶᠢᠭᠡᠮ ᠤᠨ ᠣᠷᠴᠢᠨ ᠲᠣᠭᠤᠷᠢᠨ᠂ ᠪᠠᠶᠢᠭᠠᠯᠢ ᠶᠢᠨ ᠣᠷᠴᠢᠨ ᠲᠣᠭᠤᠷᠢᠨ ᠤ ᠣᠷᠣᠨ ᠪᠦᠰᠡ ᠶᠢᠨ ᠴᠢᠨᠠᠷᠲᠠᠢ ᠪᠦᠬᠦᠯᠢ ᠴᠣᠭᠴᠠ ᠶᠢᠨ ᠬᠠᠮᠠᠭᠠᠯᠠᠯᠲᠠ ᠶᠢ ᠠᠬᠢᠭᠤᠯᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 6 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠥᠷᠪᠡᠳᠦᠭᠡᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ 7 ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ ᠢ ᠨᠡᠶᠢᠲᠡᠯᠡᠪᠡ᠃      ᠠᠶᠢᠮᠠᠭ ᠬᠤᠲᠠ ᠶᠢᠨ ᠪᠠᠲᠤᠯᠠᠨ ᠲᠠᠨᠢᠯᠴᠠᠭᠤᠯᠵᠤ᠂ ᠦᠨᠡᠯᠡᠨ ᠰᠢᠯᠭᠠᠷᠠᠭᠤᠯᠵᠤ ᠬᠠᠷᠢᠭᠤ ᠮᠠᠷᠭᠤᠬᠤ ᠵᠢᠴᠢ ᠬᠢᠨᠠᠨ ᠪᠠᠶᠢᠴᠠᠭᠠᠵᠤ ᠦᠨᠡᠯᠡᠨ ᠵᠢᠱᠢᠬᠦ ᠵᠡᠷᠭᠡ ᠳᠡᠰ ᠳᠠᠷᠠᠭᠠᠯᠠᠯ ᠢᠶᠠᠷ ᠳᠡᠮᠵᠢᠨ᠂ ᠬᠠᠩᠭᠠᠢ ᠲᠠᠯ᠎ᠠ ᠨᠤᠲᠤᠭ ᠤᠨ ᠮᠠᠯ ᠠᠵᠤ ᠠᠬᠤᠢ ᠶᠢᠨ ᠰᠣᠶᠣᠯ ᠤᠨ ᠠᠮᠢ ᠠᠬᠤᠢ ︵ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ︶ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ᠂ ᠲᠠᠷᠢᠶᠠᠯᠠᠩ ᠮᠠᠯ ᠠᠵᠤ ᠠᠬᠤᠢ ᠶᠢᠨ ᠰᠣᠶᠣᠯ ᠤᠨ ᠠᠮᠢ ᠠᠬᠤᠢ ︵ᠲᠦᠩᠯᠢᠶᠣᠣ ᠬᠤᠲᠠ︶ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠤᠷᠤᠨ᠂ ᠨᠡᠭᠦᠳᠡᠯ ᠮᠠᠯᠵᠢᠯ ᠤᠨ ᠰᠣᠶᠣᠯ ᠤᠨ ᠠᠮᠢ ᠠᠬᠤᠢ ︵ᠠᠷᠤ ᠬᠤᠷᠴᠢᠨ ᠬᠤᠰᠢᠭᠤ︶ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ᠂ ᠴᠠᠭᠠᠨ ᠢᠳᠡᠭᠡ ᠰᠣᠶᠣᠯ ᠤᠨ ᠠᠮᠢ ᠠᠬᠤᠢ ︵ᠰᠢᠯᠤᠭᠤᠨ ᠬᠥᠬᠡ ᠬᠤᠰᠢᠭᠤ︶ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ᠂ ᠬᠠᠲᠤᠨ ᠭᠤᠣᠯ ᠤᠨ ᠰᠣᠶᠣᠯ ᠤᠨ ᠠᠮᠢ ᠠᠬᠤᠢ ︵ᠲᠣᠭᠲᠠᠬᠤ ᠰᠢᠶᠠᠨ︶ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ᠂ ᠪᠣᠷᠣᠳᠣᠬᠤᠢ ᠶᠢᠨ ᠰᠣᠶᠣᠯ ᠤᠨ ᠠᠮᠢ ᠠᠬᠤᠢ ︵ᠪᠠᠶᠠᠨᠨᠠᠭᠤᠷ ᠬᠤᠲᠠ︶ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ᠂ ᠲᠡᠮᠡᠭᠡᠨ ᠰᠣᠶᠣᠯ ᠤᠨ ᠠᠮᠢ ᠠᠬᠤᠢ ︵ᠠᠯᠠᠱᠠ ᠠᠶᠢᠮᠠᠭ︶ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ ᠢ ᠳᠥᠷᠪᠡᠳᠦᠭᠡᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠳᠤ ᠵᠢᠭᠰᠠᠭᠠᠨ ᠤᠷᠤᠭᠤᠯᠪᠠ᠃      ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠣᠳᠠᠰ ᠤᠨ ᠪᠤᠰᠤ ᠰᠣᠶᠣᠯ ᠤᠨ ᠥᠪ ᠤᠨ ︽ᠨᠢᠭᠡ ᠬᠠᠤᠯᠢ ᠨᠢᠭᠡ ᠳᠦᠷᠢᠮ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠰᠣᠶᠣᠯ ᠤᠨ ᠠᠮᠢ ᠠᠬᠤᠢ ᠶᠢᠨ ᠪᠦᠬᠦᠯᠢ ᠴᠣᠭᠴᠠᠲᠤ ᠴᠢᠨᠠᠷᠲᠠᠢ ᠬᠠᠮᠠᠭᠠᠯᠠᠯᠲᠠ ᠶᠢ ᠥᠷᠨᠢᠭᠦᠯᠬᠦ ᠶᠢᠨ ᠬᠠᠮᠲᠤ ᠠᠶᠢᠮᠠᠭ ᠬᠤᠲᠠ ᠶᠢᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠵᠦᠢᠯ ᠤᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号