︽ᠨᠡᠭᠦᠳᠡᠯ ᠮᠦᠽᠧᠢ︾ ᠲᠦᠮᠡᠨ ᠮᠧᠲᠷ ᠤᠨ ᠥᠨᠳᠥᠷ ᠣᠭᠲᠠᠷᠭᠤᠢ ᠳᠤ ᠥᠪᠥᠷ ᠮᠣᠩᠭᠤᠯ ᠤᠨ ᠮᠦᠽᠧᠢ ᠲᠠᠢ ᠤᠴᠠᠷᠠᠪᠠ
ᠨᠡᠶᠢᠲᠡᠯᠡᠭᠰᠡᠨ ᠴᠠᠭ᠄
2025/3/13
     3 ᠳ᠋ᠤᠭᠠᠷ ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠮᠦᠽᠧᠢ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠪᠦᠯᠦᠭᠯᠡᠯ᠂ ᠲᠢᠶᠠᠨ ᠵᠢᠶᠣᠣ ᠠᠭᠠᠷ ᠤᠨ ᠠᠶᠠᠯᠠᠯ ᠤᠨ ᠬᠢᠵᠠᠭᠠᠷᠲᠤ ᠺᠣᠮᠫᠠᠨᠢ ᠲᠠᠢ ᠭᠠᠷ ᠬᠤᠯᠪᠤᠯᠴᠠᠨ ︽ᠡᠭᠦᠯᠡ ᠬᠦᠯᠦᠭᠯᠡᠨ ᠤᠮᠠᠷᠠᠲᠤ ᠬᠢᠯᠢ ᠪᠠᠷ ᠬᠠᠨᠤᠲᠠᠯ᠎ᠠ ᠵᠢᠭᠤᠯᠴᠢᠯᠠᠬᠤᠶ᠎ᠠ  ᠰᠣᠶᠣᠯ ᠤᠨ ᠤᠷᠲᠤ ᠳᠠᠭᠤᠯᠠᠯ ᠲᠦᠮᠡᠨ ᠭᠠᠵᠠᠷ ᠳᠠᠭᠤᠷᠢᠰᠤᠨ᠎ᠠ︾ ᠤᠮᠠᠷᠠᠲᠤ ᠶᠢᠨ ᠰᠣᠶᠣᠯ ᠢ ᠣᠭᠲᠠᠷᠭᠤᠢ ᠳᠤ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠥᠷᠨᠢᠭᠦᠯᠪᠡ᠃ ᠲᠤᠰ ᠤᠳᠠᠭᠠᠨ ᠤ ᠠᠵᠢᠯᠯᠠᠭ᠎ᠠ ᠨᠢ ᠰᠢᠨ᠎ᠡ ᠶᠢ ᠡᠭᠦᠳᠬᠦ ᠴᠢᠨᠠᠷᠲᠠᠢ ᠪᠠᠷ ᠤᠮᠠᠷᠠᠲᠤ ᠬᠢᠯᠢ ᠶᠢᠨ ᠰᠣᠶᠣᠯ ᠢ ᠠᠭᠠᠷ ᠤᠨ ᠠᠶᠠᠯᠠᠯ ᠳᠤ ᠪᠦᠬᠦ ᠲᠠᠯ᠎ᠠ  ᠪᠠᠷ ᠠᠭᠤᠰᠬᠠᠨ ᠣᠷᠣᠭᠤᠯᠵᠤ ᠂ ᠤᠯᠠᠮᠵᠢᠯᠠᠯᠲᠤ ᠰᠣᠶᠣᠯ ᠤᠨ ᠳᠠᠮᠵᠢᠭᠤᠯᠭ᠎ᠠ ᠶᠢᠨ ᠣᠷᠣᠨ ᠵᠠᠢ ᠶᠢᠨ ᠬᠢᠵᠠᠭᠠᠷᠯᠠᠯ ᠢ ᠡᠪᠳᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠦᠨᠡᠲᠦ ᠡᠷᠳᠡᠨᠢ᠂ ᠤᠮᠠᠷᠠᠲᠤ ᠶᠢᠨ ᠰᠦᠷᠯᠢᠭ ᠰᠠᠶᠢᠬᠠᠨ ᠥᠩᠭᠡ ᠦᠵᠡᠮᠵᠢ ᠵᠡᠷᠭᠡ ᠵᠢᠭᠤᠯᠴᠢᠯᠠᠯ ᠤᠨ ᠡᠬᠢ ᠪᠠᠶᠠᠯᠢᠭ ᠪᠣᠯᠣᠨ ᠠᠭᠠᠷ ᠤᠨ ᠠᠶᠠᠯᠠᠯ ᠤᠨ ᠦᠢᠯᠡᠴᠢᠯᠡᠭᠡ ᠶᠢ ᠭᠦᠨᠵᠡᠭᠡᠢ ᠠᠭᠤᠰᠤᠯᠴᠠᠭᠤᠯᠵᠤ᠂ ᠲᠦᠮᠡᠨ ᠮᠧᠲᠷ ᠤᠨ ᠥᠨᠳᠥᠷ ᠣᠭᠲᠠᠷᠭᠤᠢ ᠳᠤ ︽ᠰᠡᠷᠡᠵᠦ ᠮᠡᠳᠡᠬᠦ᠂ ᠪᠡᠶᠡᠴᠢᠯᠡᠨ ᠣᠶᠢᠯᠠᠭᠠᠬᠤ᠂ ᠤᠯᠠᠮᠵᠢᠯᠠᠨ ᠳᠡᠯᠭᠡᠷᠡᠭᠦᠯᠬᠦ︾ ᠤᠭᠲᠠᠷᠭᠤᠢ ᠳᠤ ᠬᠢ ᠰᠣᠶᠣᠯ ᠵᠢᠭᠤᠯᠴᠢᠯᠠᠯ ᠤᠨ ᠤᠷᠳᠤ ᠬᠤᠩᠭᠢᠯ ᠢ ᠪᠠᠶᠢᠭᠤᠯᠵᠤ᠂ ᠠᠶᠠᠨᠴᠢᠳ ᠲᠤ ᠤᠷᠢᠳ ᠡᠮᠦᠨ᠎ᠡ ᠪᠠᠶᠢᠭ᠎ᠠ ᠦᠭᠡᠢ ᠰᠤᠭᠲᠤᠭᠤᠷᠠᠭᠰᠠᠨ ᠮᠠᠶ᠋ᠢᠭ ᠤᠨ ᠰᠣᠶᠣᠯ ᠤᠨ ᠣᠶᠢᠯᠠᠭᠠᠯᠲᠠ ᠶᠢ ᠠᠪᠴᠢᠷᠠᠪᠠ᠃           ᠠᠵᠢᠯᠯᠠᠭ᠎ᠠ ᠶᠢᠨ ᠡᠷᠭᠢᠴᠡᠭᠦᠯᠦᠯ      ᠥᠪᠥᠷ ᠮᠣᠩᠭᠤᠯ ᠤᠨ ᠮᠦᠽᠧᠢ ᠶᠢᠨ ᠰᠤᠷᠭᠠᠨ ᠬᠥᠮᠥᠵᠢᠭᠦᠯᠦᠭᠴᠢ ᠠᠶᠠᠨᠴᠢᠳ ᠲᠤ ᠨᠠᠷᠢᠯᠢᠭ ᠰᠠᠶᠢᠬᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠯᠪᠤᠷᠢ ᠪᠦᠲᠦᠭᠡᠯ ᠢ ᠳᠡᠯᠭᠡᠨ ᠦᠵᠡᠭᠦᠯᠵᠦ᠂ ᠲᠡᠭᠦᠨ ᠤ ᠠᠷᠤ ᠳᠤ  ᠬᠢ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠦᠯᠢᠭᠡᠷ ᠢ ᠶᠠᠷᠢᠵᠤ᠂ ᠠᠶᠠᠨᠴᠢᠳ ᠢ ᠳᠠᠭᠠᠭᠤᠯᠤᠨ ᠡᠭᠦᠯᠡᠨ ᠳᠤ ᠴᠠᠭ ᠣᠷᠣᠨ ᠵᠠᠢ ᠶᠢ ᠲᠤᠭᠤᠯᠵᠤ᠂ ᠰᠣᠶᠣᠯ ᠤᠨ ᠰᠤᠳᠠᠰᠤ ᠶᠢ ᠣᠶᠢᠯᠠᠭᠠᠵᠤ᠂ ᠲᠡᠦᠬᠡ ᠶᠢᠨ ᠬᠠᠯᠠᠭᠤᠨ ᠳᠤᠯᠠᠭᠠᠨ ᠢ ᠮᠡᠳᠡᠷᠡᠭᠦᠯᠪᠡ᠃       ᠬᠠᠷᠢᠯᠴᠠᠨ ᠬᠥᠳᠡᠯᠦᠯᠴᠡᠬᠦ ᠭᠤᠭᠴᠤᠭ᠎ᠠ ᠳᠤ ᠲᠡᠦᠬᠡ ᠶᠢᠨ ᠳᠤᠷᠠᠰᠬᠠᠯᠲᠤ ᠵᠦᠢᠯᠡᠰ ᠤᠨ ᠮᠡᠳᠡᠯᠭᠡ ᠶᠢᠨ ᠠᠰᠠᠭᠤᠯᠲᠠ ᠬᠠᠷᠢᠭᠤᠯᠬᠤ᠂ ᠨᠢᠭᠤᠴᠠᠯᠢᠭ ᠵᠢᠷᠤᠭ ᠤᠨ ᠪᠠᠷ ᠢ ᠲᠠᠭᠠᠬᠤ᠂ ᠪᠠᠶᠠᠷ ᠪᠠᠭ᠋ᠠᠳᠤᠯ ᠤᠨ ᠱᠠᠩᠨᠠᠯᠲᠤ ᠰᠤᠭᠤᠯᠤᠭ᠎ᠠ ᠵᠡᠷᠭᠡ ᠠᠵᠢᠯᠯᠠᠭ᠎ᠠ ᠥᠷᠨᠢᠭᠦᠯᠵᠦ  ᠠᠶᠠᠨᠴᠢᠳ ᠢᠳᠡᠪᠬᠢᠲᠡᠢ ᠣᠷᠣᠯᠴᠠᠵᠤ᠂ ᠥᠪᠥᠷ ᠮᠣᠩᠭᠤᠯ ᠤᠨ ᠮᠦᠽᠧᠢ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠲᠤᠰᠬᠠᠢ ᠬᠠᠷᠢᠶᠠᠨ ᠤ ᠰᠣᠶᠣᠯ ᠤᠨ ᠡᠭᠦᠳᠦᠯᠲᠡ ᠶᠢᠨ ᠪᠡᠯᠡᠭ ᠤᠨ ᠡᠳ᠋ ᠢ ᠬᠦᠷᠲᠡᠵᠦ᠂ ᠵᠣᠴᠢᠳ ᠤᠨ ᠨᠢᠰᠭᠡᠯ ᠤᠨ ᠦᠷᠦᠭᠡ ᠳᠤ ᠪᠠᠶᠠᠷ ᠬᠦᠷ ᠢᠶᠠᠷ ᠪᠢᠯᠬᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠭᠵᠢᠶᠡᠨ ᠢᠶᠠᠷ ᠪᠢᠯᠬᠠᠵᠤ ᠪᠠᠶᠢᠯ᠎ᠠ᠃      ᠳᠠᠭᠤᠤ ᠬᠥᠭᠵᠢᠮ ᠰᠣᠨᠣᠰᠬᠤ ᠭᠤᠭᠴᠤᠭ᠎ᠠ ᠳᠤ᠂ ᠠᠶᠠᠨᠴᠢᠳ ᠨᠢᠰᠬᠡᠯ ᠤᠨ ᠦᠷᠦᠭᠡ ᠶᠢᠨ ᠬᠤᠩᠬᠤᠨ ᠳᠠᠭᠤᠳᠠᠯᠭ᠎ᠠ ᠪᠠᠷ ᠤᠮᠠᠷᠠᠲᠤ ᠬᠢᠯᠢ ᠶᠢᠨ ᠰᠣᠶᠣᠯ ᠤᠨ ᠣᠨᠴᠠᠯᠢᠭᠲᠤ ᠳᠠᠭᠤᠤ ᠶᠢ ᠲᠠᠭᠠᠵᠤ ᠵᠠᠪᠳᠤᠨ ᠬᠠᠷᠢᠭᠤᠯᠵᠤ᠂ ᠠᠳᠡ ᠲᠡᠨᠳᠡ ᠦᠭᠡᠢ ᠴᠤᠤᠷᠢᠶᠠᠲᠤᠭᠰᠠᠨ ᠬᠤᠩᠬᠤᠨ ᠳᠠᠭᠤ ᠨᠢ ᠠᠶᠠᠨᠴᠢᠳ ᠤᠨ ᠣᠷᠣᠯᠴᠠᠬᠤ ᠤᠷᠮ᠎ᠠ ᠵᠣᠷᠢᠭ ᠢ ᠬᠦᠭᠵᠢᠭᠡᠵᠦ᠂ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾ ᠠᠭᠠᠷ ᠤᠨ ᠰᠣᠶᠣᠯ ᠤᠨ ᠠᠵᠢᠯᠯᠠᠭ᠎ᠠ ᠶᠢᠨ ᠰᠢᠨ᠎ᠡ ᠬᠡᠪ ᠵᠠᠭᠪᠤᠷ ᠢ ᠨᠡᠭᠡᠭᠡᠵᠡᠢ᠃ ᠵᠢᠭᠤᠯᠴᠢᠯᠠᠭᠴᠢ ᠵᠠᠩ ᠠᠪᠠᠭ᠋ᠠᠢ᠄ ︽ᠨᠢᠰᠬᠡᠯ ᠳᠡᠭᠡᠷ᠎ᠡ ᠡᠶᠢᠮᠦ ᠣᠨᠴᠠᠭᠠᠶ ᠠᠵᠢᠯᠯᠠᠭ᠎ᠠ ᠳᠤ ᠠᠩᠬ᠎ᠠ ᠤᠳᠠᠭ᠎ᠠ ᠣᠷᠣᠯᠴᠠᠵᠤ ᠪᠠᠶᠢᠨ᠎ᠠ᠂ ᠡᠨᠡ ᠪᠤᠯ ᠨᠢᠭᠡᠨ ᠤᠳᠠᠭᠠᠨ ᠤ ᠮᠠᠷᠲᠠᠭᠳᠠᠰᠢ ᠦᠭᠡᠢ ᠠᠶᠠᠯᠠᠯ ᠮᠥᠨ︾ ᠭᠡᠵᠦ ᠢᠯᠡᠷᠬᠡᠶᠢᠯᠡᠵᠡᠢ᠃        ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠲᠣᠰ ᠤᠳᠠᠭᠠᠨ ᠤ ᠠᠵᠢᠯᠯᠠᠭ᠎ᠠ ᠶᠢ ᠮᠡᠳᠡᠭᠡᠯᠡᠪᠡ      ᠲᠤᠰ ᠤᠳᠠᠭ᠎ᠠ ᠶᠢᠨ ᠠᠵᠢᠯᠯᠠᠭ᠎ᠠ ᠪᠣᠯ ᠲᠦᠮᠡᠨ ᠮᠧᠲᠷ ᠤᠨ ᠥᠨᠳᠥᠷ ᠣᠭᠲᠠᠷᠭᠤᠢ ᠶᠢᠨ ᠨᠢᠭᠡ ᠤᠳᠠᠭ᠎ᠠ ᠶᠢᠨ ᠰᠣᠶᠣᠯ ᠤᠨ ᠠᠶᠠᠯᠠᠯ ᠪᠣᠯᠣᠨ᠎ᠠ᠂ ᠮᠦᠨ ᠴᠤ ᠨᠢᠭᠡ ᠤᠳᠠᠭ᠎ᠠ ᠶᠢᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ ᠰᠢᠨ᠎ᠡ ᠶᠢ ᠡᠭᠦᠳᠦᠭᠰᠡᠨ ᠦᠢᠯᠡᠳᠦᠯᠭᠡ ᠪᠣᠯᠣᠨ᠎ᠠ᠃ ᠠᠶᠠᠨᠴᠢᠳ ᠡᠭᠦᠯᠡᠨ ᠳᠤᠲᠤᠷ᠎ᠠ ᠠᠴᠠ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ ᠣᠶᠢᠯᠠᠭᠠᠬᠤ ᠶᠢᠨ ᠬᠠᠮᠲᠤ ᠠᠭᠠᠷ ᠤᠨ ᠰᠣᠶᠣᠯ ᠤᠨ ᠣᠶᠢᠯᠠᠭᠠᠯᠲᠠ ᠪᠣᠯᠣᠨ ᠭᠠᠵᠠᠷ ᠳᠡᠭᠡᠷᠡᠬᠢ ᠵᠢᠭᠤᠯᠴᠢᠯᠠᠯ ᠤᠨ ᠬᠡᠷᠡᠭᠯᠡᠭᠡ ᠶᠢᠨ ᠬᠤᠣᠰ ᠴᠢᠭᠯᠡᠯ ᠤᠨ ᠴᠢᠳᠠᠪᠤᠷᠢ ᠶᠢ ᠣᠯᠭᠤᠬᠤ ᠶᠢ ᠪᠡᠶᠡᠯᠡᠭᠦᠯᠵᠡᠢ᠃  
 
ᠢᠷᠡᠯᠲᠡ᠄ ᠥᠪᠥᠷ ᠮᠣᠩᠭᠤᠯ ᠤᠨ ᠮᠦᠽᠧᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号