ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ 2025 ᠣᠨ ᠤ ᠰᠢᠯᠵᠢᠭᠦᠯᠦᠨ ᠪᠣᠯᠪᠠᠰᠤᠷᠠᠭᠤᠯᠤᠯ ᠢ ᠤᠷᠤᠭᠰᠢᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/3/15
     3 ᠳ᠋ᠤᠭᠠᠷ ᠰᠠᠷ᠎ᠠ ᠶᠢᠨ 6 ᠤ ᠡᠳᠦᠷ᠂ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ 2025 ᠣᠨ ᠤ ᠭᠤᠷᠪᠠᠳᠤᠭᠠᠷ ᠤᠳᠠᠭᠠᠨ ᠤ ᠰᠢᠯᠵᠢᠭᠦᠯᠦᠨ ᠪᠤᠯᠪᠠᠰᠤᠷᠠᠭᠤᠯᠤᠯᠲᠠ ᠥᠪᠥᠷ ᠮᠣᠩᠭᠤᠯ ᠤᠨ ᠬᠥᠬᠡᠬᠤᠲᠠ ᠳᠤ ᠠᠮᠵᠢᠯᠲᠠ ᠲᠠᠢ ᠲᠡᠭᠦᠰᠴᠦ᠂ ᠰᠢᠯᠵᠢᠭᠦᠯᠦᠨ ᠪᠣᠯᠪᠠᠰᠤᠷᠠᠭᠤᠯᠬᠤ ᠡᠭᠦᠷᠭᠡ ᠪᠠᠨ ᠪᠦᠬᠦᠨ ᠢ ᠪᠡᠶᠡᠯᠡᠭᠦᠯᠪᠡ᠃ ᠲᠣᠰ ᠤᠳᠠᠭᠠᠨ ᠤ ᠰᠢᠯᠵᠢᠭᠦᠯᠦᠨ ᠪᠣᠯᠪᠠᠰᠤᠷᠠᠭᠤᠯᠤᠯᠲᠠ ᠶᠢ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠭᠤᠣᠯᠯᠠᠨ ᠡᠷᠭᠢᠯᠡᠵᠦ᠂ ᠬᠠᠩᠵᠧᠦ᠂ ᠨᠠᠨᠨᠢᠩ᠂ ᠬᠥᠬᠡᠬᠤᠲᠠ ᠳᠤ ᠭᠤᠷᠪᠠᠨ ᠲᠠᠯᠠᠪᠤᠷ ᠬᠤᠪᠢᠶᠠᠨ ᠥᠷᠨᠢᠭᠦᠯᠵᠦ᠂ 31 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠵᠢᠴᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠮᠤᠵᠢ᠂ ᠬᠤᠲᠠ ᠬᠤᠶᠠᠷ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠭᠤᠣᠯᠯᠠᠭᠴᠢ ᠨᠡᠶᠢᠲᠡ 677 ᠰᠤᠷᠤᠯᠭᠠᠲᠠᠨ ᠪᠣᠯᠪᠠᠰᠤᠷᠠᠭᠤᠯᠤᠯ ᠳᠤ ᠣᠷᠣᠯᠴᠠᠵᠠᠢ᠃ ᠰᠢᠯᠵᠢᠭᠦᠯᠦᠨ ᠪᠣᠯᠪᠠᠰᠤᠷᠠᠭᠤᠯᠬᠤ ᠬᠤᠭᠤᠴᠠᠭᠠᠨ ᠳᠤ᠂ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠠᠷᠢᠭᠤᠴᠠᠯᠭᠠᠲᠠᠨ ᠨᠥᠬᠦᠳ ᠵᠧᠵᠢᠶᠠᠩ᠂ ᠭᠤᠸᠠᠩᠰᠢ᠂ ᠥᠪᠥᠷ ᠮᠣᠩᠭᠤᠯ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠲᠠᠢ ᠲᠣᠰ ᠲᠣᠰ ᠠᠭᠤᠯᠵᠠᠵᠤ᠂ ᠨᠡᠶᠢᠳᠡᠮ ᠪᠠᠶᠢᠴᠠᠭᠠᠯᠲᠠ ᠶᠢᠨ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃      ᠰᠢᠯᠵᠢᠭᠦᠯᠦᠨ ᠪᠣᠯᠪᠠᠰᠤᠷᠠᠭᠤᠯᠬᠤ ᠠᠩᠭᠢ ᠳᠤ᠂ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠠᠷᠢᠭᠤᠴᠠᠯᠭᠠᠲᠠᠨ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠢ ᠠᠬᠢᠴᠠ ᠪᠣᠯᠣᠨ ᠠᠵᠢᠯ ᠤᠨ ᠱᠠᠭᠠᠷᠳᠠᠯᠭ᠎ᠠ ᠶᠢ ᠲᠠᠶᠢᠯᠪᠤᠷᠢᠯᠠᠨ ᠶᠠᠷᠢᠵᠤ᠂ ᠡᠯ᠎ᠡ ᠠᠵᠢᠯᠯᠠᠬᠤ ᠳᠤᠭᠤᠶᠢᠯᠠᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ᠂ ᠲᠤᠰᠬᠠᠢ ᠮᠡᠷᠭᠡᠵᠢᠯᠲᠡᠨ ᠡᠷᠳᠡᠮᠲᠡᠳ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠬᠠᠤᠯᠢ ᠶᠣᠰᠣᠭᠠᠷ ᠲᠤᠬᠠᠢ ᠶᠢᠨ ᠭᠠᠵᠠᠷ ᠤᠨ ᠪᠠᠶᠢᠴᠠᠭᠠᠯᠲᠠ  ᠶᠢ ᠠᠬᠢᠭᠤᠯᠵᠤ᠂ ᠨᠡᠶᠢᠳᠡᠮ ᠤᠨ ᠪᠠᠶᠢᠴᠠᠭᠠᠯᠲᠠ ᠶᠢᠨ ᠪᠦᠷᠢᠯᠳᠦᠭᠦᠨ ᠨᠢᠭᠡᠴᠢ ᠶᠢᠨ ᠬᠠᠮᠲᠤᠷᠠᠯᠴᠠᠭᠠᠨ ᠤ ᠲᠣᠭᠲᠠᠴᠠ ᠪᠣᠯᠣᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ᠂ ᠮᠠᠨ ᠤ ᠤᠯᠤᠰ ᠤᠨ ᠣᠷᠴᠢᠨ ᠣᠲᠣ ᠦᠶ᠎ᠡ ᠶᠢᠨ ᠪᠠᠷᠢᠯᠭ᠎ᠠ ᠳᠤ ᠭᠤᠣᠯᠳᠠᠭᠤ ᠬᠥᠭᠵᠢᠯᠲᠡ ᠶᠢᠨ ᠰᠤᠳᠠᠰᠤ᠂ ᠳᠤᠮᠳᠠᠳᠤ ᠤᠯᠤᠰ ᠤᠨ ᠠᠵᠤ ᠦᠢᠯᠡᠳᠪᠦᠷᠢ ᠶᠢᠨ ᠥᠪ ᠤᠨ ᠲᠣᠶᠢᠮᠣ ᠪᠠᠶᠢᠳᠠᠯ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠳᠤᠮᠳᠠᠬᠢ ᠬᠥᠳᠡᠭᠡ ᠲᠣᠰᠬᠤᠨ ᠤ ᠪᠠᠷᠢᠯᠭ᠎ᠠ ᠶᠢᠨ ᠲᠠᠨᠢᠨ ᠮᠡᠳᠡᠬᠦᠢ ᠪᠠ ᠪᠠᠶᠢᠴᠠᠭᠠᠯᠲᠠ᠂ ᠤᠯᠠᠮᠵᠢᠯᠠᠯᠲᠤ ᠠᠶᠢᠯ ᠲᠣᠰᠬᠤᠨ ᠤ ᠪᠠᠶᠢᠴᠠᠭᠠᠯᠲᠠ ᠪᠠ ᠲᠡᠮᠳᠡᠭᠯᠡᠯ᠂ ᠱᠤᠭᠤᠮᠯᠢᠭ ᠰᠣᠶᠣᠯ ᠤᠨ ᠥᠪ ᠤᠨ ᠪᠠᠶᠢᠴᠠᠭᠠᠯᠲᠠ ︵ᠣᠷᠳᠣ ᠴᠠᠭᠠᠨ ᠬᠡᠷᠡᠮ ᠤᠨ ᠡᠬᠢ ᠪᠠᠶᠠᠯᠢᠭ ᠤᠨ ᠪᠠᠶᠢᠴᠠᠭᠠᠯᠲᠠ ᠪᠠᠷ ᠵᠢᠱᠢᠶ᠎ᠡ ᠪᠣᠯᠭᠠᠨ᠎ᠠ︶᠂ ᠨᠡᠶᠢᠳᠡᠮ ᠪᠠᠶᠢᠴᠠᠭᠠᠯᠲᠠ ᠶᠢᠨ ᠳᠠᠩᠰᠠᠯᠠᠯᠲᠠ ᠶᠢᠨ ᠬᠦᠰᠦᠨᠦᠭᠲᠦ ᠶᠢ ᠲᠠᠭᠯᠠᠨ ᠮᠡᠳᠡᠭᠦᠯᠬᠦ ᠪᠠᠶᠢᠩᠭᠤ ᠲᠣᠬᠢᠶᠠᠯᠳᠤᠬᠤ ᠠᠰᠠᠭᠤᠳᠠᠯ ᠤᠨ ᠵᠠᠳᠠᠯᠤᠯᠲᠠ᠂ ᠨᠡᠶᠢᠳᠡᠮ ᠪᠠᠶᠢᠴᠠᠭᠠᠯᠲᠠ ᠶᠢᠨ ᠵᠥᠭᠡᠯᠡᠨ ᠲᠣᠨᠤᠭ ᠤᠨ ᠰᠢᠰᠲ᠋ᠧᠮ ᠤᠨ ᠬᠡᠷᠡᠭᠯᠡᠯᠲᠡ ᠵᠢᠴᠢ ᠪᠠᠶᠢᠩᠭᠤ ᠲᠣᠬᠢᠶᠠᠯᠳᠤᠬᠤ ᠠᠰᠠᠭᠤᠳᠠᠯ ᠤᠨ ᠬᠠᠷᠢᠭᠤᠯᠲᠠ ᠵᠡᠷᠭᠡ ᠠᠭᠤᠯᠭ᠎ᠠ ᠪᠠᠷ ᠬᠢᠴᠢᠶᠡᠯᠯᠡᠪᠡ᠃ ᠱᠠᠨᠳᠦ᠋ᠩ᠂ ᠬᠤᠪᠧᠢ᠂ ᠱᠠᠨ ᠰᠢ  ᠮᠤᠵᠢ  ᠶᠢᠨ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠣᠰ ᠲᠣᠰ ᠰᠢᠨ᠎ᠡ ᠪᠠᠷ ᠢᠯᠡᠷᠡᠭᠦᠯᠦᠭᠰᠡᠨ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠶᠢᠴᠠᠭᠠᠯᠲᠠ ᠶᠢᠨ ᠠᠷᠭ᠎ᠠ ᠪᠠ ᠦᠢᠯᠡᠳᠦᠯᠭᠡ ᠂ ︽ᠰᠣᠯᠪᠢᠴᠠᠨ ᠬᠠᠷᠢᠯᠴᠠᠨ ᠪᠠᠶᠢᠴᠠᠭᠠᠬᠤ︾ ᠵᠢᠴᠢ ᠲᠤᠬᠠᠢ ᠶᠢᠨ ᠲᠠᠯᠠᠪᠤᠷ ᠤᠨ ᠶᠠᠰᠤ ᠴᠢᠨᠠᠷ ᠤᠨ ᠪᠠᠶᠢᠴᠠᠭᠠᠯᠲᠠ ᠶᠢᠨ ᠬᠢᠨᠠᠨ ᠬᠠᠷᠭᠤᠭᠤᠯᠬᠤ ᠠᠷᠭ᠎ᠠ ᠪᠠ ᠦᠢᠯᠡᠳᠦᠯᠭᠡ᠂ ᠠᠷᠢᠯᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠢ ᠬᠢᠨᠠᠨ ᠵᠥᠪᠰᠢᠶᠡᠷᠡᠵᠦ ᠨᠤᠲᠠᠯᠠᠬᠤ ᠲᠣᠭᠲᠠᠴᠠ ᠶᠢᠨ ᠰᠣᠯᠢᠯᠴᠠᠭ᠎ᠠ ᠵᠡᠷᠭᠡ ᠠᠭᠤᠯᠭ᠎ᠠ ᠶᠢᠨ ᠲᠤᠬᠠᠢ ᠬᠢᠴᠢᠶᠡᠯ ᠣᠷᠣᠪᠠ᠃ ᠡᠯ᠎ᠡ ᠮᠤᠵᠢ ᠶᠢᠨ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠲᠥᠯᠥᠭᠡᠯᠡᠭᠴᠢ ᠲᠤᠰ ᠭᠠᠵᠠᠷ ᠣᠷᠣᠨ ᠤ ᠪᠠᠨ ᠨᠡᠶᠢᠳᠡᠮ ᠪᠠᠶᠢᠴᠠᠭᠠᠯᠲᠠ ᠶᠢᠨ ᠠᠬᠢᠴᠠ ᠵᠢᠴᠢ ᠠᠵᠢᠯ ᠤᠨ ᠲᠥᠯᠥᠪᠯᠡᠭᠡ ᠪᠠᠨ ᠰᠣᠯᠢᠯᠴᠠᠪᠠ᠃ ᠰᠢᠯᠵᠢᠭᠦᠯᠦᠨ ᠪᠣᠯᠪᠠᠰᠤᠷᠠᠭᠤᠯᠬᠤ ᠠᠩᠭᠢ ᠨᠢ ᠰᠤᠷᠤᠯᠭᠠᠲᠠᠳ ᠤᠨ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠬᠤ᠂ ᠠᠵᠢᠯ ᠤᠨ ᠠᠷᠭ᠎ᠠ ᠶᠢ ᠡᠵᠡᠮᠰᠢᠬᠦ᠂ ᠦᠢᠯᠡᠳᠦᠯᠭᠡ ᠶᠢᠨ ᠲᠤᠷᠰᠢᠯᠭ᠎ᠠ ᠪᠠᠨ ᠰᠣᠯᠢᠯᠴᠠᠬᠤ᠂ ᠬᠦᠴᠢᠷ ᠲᠦᠪᠡᠭᠲᠡᠢ ᠠᠰᠠᠭᠤᠳᠠᠯ ᠢ ᠬᠠᠷᠢᠭᠤᠯᠬᠤ ᠳᠤ ᠥᠨᠳᠥᠷ ᠪᠦᠲᠦᠮᠵᠢᠲᠡᠶ ᠲᠠᠪᠴᠠᠩ ᠬᠠᠩᠭᠠᠵᠤ᠂ ᠵᠢᠱᠢᠭᠰᠡᠨ ᠦᠷ᠎ᠡ ᠪᠦᠲᠦᠮᠵᠢ ᠶᠢ ᠣᠯᠣᠭᠰᠠᠨ ᠪᠠᠶᠢᠨ᠎ᠠ᠃      ᠲᠣᠰ ᠤᠳᠠᠭᠠᠨ ᠤ ᠰᠢᠯᠵᠢᠭᠦᠯᠦᠨ ᠪᠣᠯᠪᠠᠰᠤᠷᠠᠭᠤᠯᠤᠯᠲᠠ ᠶᠢ ᠳᠤᠮᠳᠠᠳᠤ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠮᠡᠳᠡᠭᠡ ᠵᠠᠩᠭᠢ ᠶᠢᠨ ᠯᠠᠪᠯᠠᠭ᠎ᠠ ᠶᠢᠨ ᠲᠥᠪ ᠪᠣᠯᠣᠨ ᠵᠧᠵᠢᠶᠠᠩ᠂ ᠭᠤᠸᠠᠩᠰᠢ᠂ ᠥᠪᠥᠷ ᠮᠣᠩᠭᠤᠯ ᠭᠤᠷᠪᠠᠨ ᠮᠤᠵᠢ ᠣᠷᠣᠨ ᠤ ᠲᠡᠦᠬᠡ ᠶᠢᠨ ᠳᠤᠷᠠᠰᠬᠠᠯᠲᠤ  ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠳᠠᠲᠠᠢ ᠪᠠᠷ ᠳᠠᠭᠠᠭᠠᠨ ᠰᠢᠯᠵᠢᠭᠦᠯᠦᠨ ᠪᠣᠯᠪᠠᠰᠤᠷᠠᠭᠤᠯᠬᠤ ᠬᠢᠴᠢᠶᠡᠯ   ᠢ 3 ᠳ᠋ᠤᠭᠠᠷ ᠰᠠᠷ᠎ᠠ   ᠶᠢᠨ 15 ᠤ ᠡᠳᠦᠷ ᠠᠴᠠ ᠡᠮᠦᠨ᠎ᠡ ᠪᠥᠬᠦ ᠤᠯᠤᠰ ᠤᠨ ᠰᠣᠶᠣᠯ ᠤᠨ ᠦᠵᠡᠰᠬᠦᠯᠡᠩ ᠤᠨ ᠰᠦᠯᠵᠢᠶᠡᠨ ᠤ ᠳᠡᠭᠡᠳᠦ ᠰᠤᠷᠭᠠᠭᠤᠯᠢ ᠳᠤ ᠵᠠᠯᠭᠠᠭ᠎ᠠ ᠪᠠᠷ ᠰᠦᠯᠵᠢᠶᠡᠨ ᠳᠤ ᠣᠷᠣᠭᠤᠯᠵᠤ᠂ ᠪᠥᠬᠦ ᠤᠯᠤᠰ ᠤᠨ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ   ᠶᠢᠨ ᠪᠠᠶᠢᠭᠤᠯᠤᠮᠵᠢ᠂ ᠨᠡᠶᠢᠳᠡᠮ ᠪᠠᠶᠢᠴᠠᠭᠠᠯᠲᠠ   ᠶᠢᠨ ᠠᠩᠭᠢ   ᠶᠢᠨ ᠭᠡᠰᠢᠭᠦᠳ ᠲᠤ ᠰᠦᠯᠵᠢᠶᠡᠨ ᠳᠡᠭᠡᠷ᠎ᠡ ᠪᠣᠯᠪᠠᠰᠤᠷᠠᠯ ᠬᠦᠷᠲᠡᠭᠡᠨ᠎ᠡ᠃  
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号