| | 3 ᠳ᠋ᠤᠭᠠᠷ ᠰᠠᠷ᠎ᠠ ᠶᠢᠨ 22 ᠤᠨ ᠡᠳᠦᠷ᠂ ᠬᠥᠬᠡᠬᠤᠲᠠ ᠶᠢᠨ ︽ᠠᠵᠢᠯ ᠤᠨ ᠪᠠᠶᠢᠷᠢ︾ ᠲᠠᠨ ᠢ ᠬᠦᠯᠢᠶᠡᠵᠦ | ᠪᠠᠶᠢᠨ᠎ᠠ ︱ ᠬᠥᠬᠡᠬᠤᠲᠠ ᠶᠢᠨ 2025 ᠣᠨ ᠤ ᠳᠡᠭᠡᠳᠦ ᠰᠤᠷᠭᠠᠭᠤᠯᠢ ᠶᠢᠨ ᠤᠶᠤᠲᠠᠳ ᠠᠴᠠ ᠠᠵᠢᠯᠲᠠᠨ | ᠡᠯᠰᠡᠬᠦ ᠲᠤᠭᠤᠷᠢᠭᠤᠯ ᠴᠤᠭᠯᠠᠭᠠᠨ ᠥᠪᠥᠷ ᠮᠣᠩᠭᠤᠯ ᠤᠨ ᠶᠡᠭᠡ ᠰᠤᠷᠭᠠᠭᠤᠯᠢ ︵ᠡᠮᠦᠨ᠎ᠡ ᠲᠣᠭᠤᠷᠢᠭ︶ ᠳᠤ | ᠶᠠᠪᠤᠭᠳᠠᠪᠠ᠃ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠠᠴᠠ ᠨᠡᠶᠢᠲᠡ 704 ᠲᠥᠪ ᠤᠨ ︵ᠤᠯᠤᠰ ᠤᠨ︶ | ᠠᠵᠤ ᠠᠬᠤᠶᠢᠯᠠᠯ ᠪᠠ ᠴᠢᠨᠠᠷ ᠰᠠᠶᠢᠲᠠᠢ ᠠᠷᠠᠳ ᠤᠨ ᠡᠵᠡᠩᠨᠡᠭᠰᠡᠨ ᠠᠵᠤ ᠠᠬᠤᠶᠢᠯᠠᠯ ᠢ ᠴᠤᠭᠯᠠᠭᠤᠯᠵᠤ᠂ | ᠰᠢᠨ᠎ᠡ ᠪᠠᠷ ᠬᠥᠭᠵᠢᠭᠰᠡᠨ ᠮᠡᠷᠭᠡᠵᠢᠯ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠠᠭᠠᠷ ᠤᠨ ᠠᠶᠠᠯᠠᠯ | ᠰᠠᠨᠰᠠᠷ ᠤᠨ ᠠᠶᠠᠯᠠᠯ ᠵᠡᠷᠭᠡ 16 ᠠᠵᠢᠯ ᠲᠥᠷᠥᠯ ᠤᠨ ᠬᠦᠷᠢᠶ᠎ᠡ ᠶᠢ ᠬᠠᠮᠤᠷᠴᠤ᠂ 20000 ᠭᠠᠷᠤᠢ ᠣᠯᠠᠨ | ᠡᠰᠢᠵᠢᠭᠰᠡᠨ ᠴᠢᠨᠠᠷ ᠰᠠᠶᠢᠲᠠᠢ ᠠᠵᠢᠯ ᠤᠨ ᠪᠠᠶᠢᠷᠢ ᠶᠢ ᠬᠠᠩᠭᠠᠵᠤ᠂ ᠨᠡᠶᠢᠲᠡ 1.1 ᠲᠦᠮᠡᠨ ᠬᠥᠮᠥᠨ ᠤᠳᠠᠭᠠᠨ ᠤ | ᠤᠶᠤᠲᠠᠳ ᠢ ᠲᠡᠳᠡᠨ ᠠᠪᠴᠢᠷᠠᠵᠤ᠂ 8000 ᠭᠠᠷᠤᠢ ᠬᠤᠪᠢ ᠲᠣᠪᠴᠢ ᠨᠠᠮᠲᠠᠷ ᠢ ᠴᠤᠭᠯᠠᠭᠤᠯᠤᠭᠰᠠᠨ ᠪᠠᠶᠢᠨ᠎ᠠ᠃ | ᠠᠵᠢᠯᠲᠠᠨ ᠡᠯᠰᠡᠬᠦ ᠴᠤᠭᠯᠠᠭᠠᠨ ᠤ ᠲᠤᠬᠠᠢ ᠶᠢᠨ ᠲᠠᠯᠠᠪᠤᠷ ᠲᠤ ︽ᠠᠰᠫᠢᠷᠠᠨᠲ ᠳ᠋ᠤᠺᠲ᠋ᠤᠷ ᠤᠨ ᠴᠢᠳᠠᠪᠤᠷᠢᠲᠠᠨ︾ | ᠂ ︽ᠤᠯᠤᠰ ᠤᠨ ︵ᠲᠥᠪ ᠤᠨ︶ ᠠᠵᠤ ᠠᠬᠤᠶᠢᠯᠠᠯ︾᠂ ︽ᠵᠢᠷᠭᠤᠭᠠᠨ ᠲᠣᠮᠣ ᠠᠵᠤ ᠦᠢᠯᠡᠰ ᠤᠨ ᠪᠦᠯᠦᠭᠯᠡᠯ︾ | ᠵᠡᠷᠭᠡ ᠨᠠᠷᠢᠯᠢᠭ ᠣᠨᠣᠴᠠᠲᠠᠢ ᠪᠠᠷ ᠵᠣᠯᠭᠠᠭᠤᠯᠬᠤ ᠲᠤᠰᠬᠠᠢ ᠣᠷᠣᠨ ᠭᠠᠷᠭᠠᠵᠤ᠂ ᠰᠢᠨ᠎ᠡ ᠡᠨᠧᠷᠭᠢ᠂ ᠠᠮᠢᠳᠤ | ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠵᠢᠭᠤᠯᠴᠢᠯᠠᠯ ᠵᠡᠷᠭᠡ ᠬᠠᠯᠠᠮᠰᠢᠯ ᠬᠦᠷᠢᠶᠡᠨ ᠳᠤ | ᠠᠩᠬᠠᠷᠤᠯ ᠢᠶᠠᠨ ᠲᠥᠪᠯᠡᠷᠡᠭᠦᠯᠦᠨ᠂ ᠬᠥᠬᠡᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠪᠠ | ᠳᠡᠭᠡᠳᠦ ᠰᠤᠷᠭᠠᠭᠤᠯᠢ ᠶᠢᠨ ᠤᠶᠤᠲᠠᠳ ᠤᠨ ᠠᠵᠢᠯ ᠡᠷᠢᠬᠦ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠢ ᠪᠠᠷ | ᠵᠣᠯᠭᠠᠭᠤᠯᠪᠠ᠃ ᠡᠭᠦᠨ ᠳᠤ᠂ ︽ᠰᠣᠶᠣᠯ ᠵᠢᠭᠤᠯᠴᠢᠯᠠᠯ ᠤᠨ ᠤᠬᠠᠭᠤᠯᠭ᠎ᠠ ᠪᠠ ᠪᠡᠶᠡᠴᠢᠯᠡᠨ ᠣᠶᠢᠯᠠᠭᠠᠬᠤ ᠣᠷᠣᠨ︾ | ᠨᠢ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠤ ᠭᠢᠯᠠᠰ ᠴᠡᠭ ᠪᠣᠯᠤᠭᠰᠠᠨ ᠪᠠᠶᠢᠨ᠎ᠠ᠃ ᠪᠤᠳᠠᠰ ᠤᠨ ᠪᠤᠰᠤ | ᠰᠤᠶᠤᠯ ᠤᠨ ᠥᠪ ᠤᠨ ᠵᠠᠯᠭᠠᠮᠵᠢᠯᠠᠭᠴᠢ ᠶᠢᠨ ᠲᠤᠬᠠᠢ ᠶᠢᠨ ᠲᠠᠯᠠᠪᠠᠢ ᠶᠢᠨ ᠦᠵᠡᠭᠦᠯᠭᠡ᠂ ᠰᠣᠶᠣᠯ ᠤᠨ | ᠡᠭᠦᠳᠦᠯᠲᠡ ᠶᠢᠨ ᠪᠦᠲᠦᠭᠡᠭᠳᠡᠬᠦᠨ ᠢ ᠤᠷᠠᠯᠢᠭᠵᠢᠭᠤᠯᠤᠨ ᠳᠡᠯᠭᠡᠨ ᠦᠵᠡᠭᠦᠯᠬᠦ ᠪᠠᠷ ᠳᠠᠮᠵᠢᠭᠤᠯᠵᠤ ᠪᠤᠳᠠᠰ ᠤᠨ | ᠪᠤᠰᠤ ᠰᠣᠶᠣᠯ ᠤᠨ ᠥᠪ ᠪᠤᠯᠬᠤ ᠠᠯᠲᠠᠨ ᠤᠲᠠᠰᠤᠨ ᠤ ᠹᠠᠯᠠᠨ᠂ ᠦᠰᠦᠲᠦ ᠰᠠᠮᠵᠠ ᠪᠠ ᠲᠠᠯ᠎ᠠ ᠨᠤᠲᠤᠭ ᠤᠨ | ᠰᠣᠶᠣᠯ ᠤᠨ ᠡᠭᠦᠳᠦᠯᠲᠡ ᠵᠡᠷᠭᠡ ᠭᠤᠶᠢᠳᠠ ᠰᠠᠶᠢᠬᠠᠨ ᠪᠦᠲᠦᠭᠡᠯ ᠤᠳ ᠢᠶᠠᠷ ᠤᠮᠠᠷᠠᠲᠤ ᠬᠢᠵᠠᠭᠠᠷ ᠤᠨ ᠰᠣᠶᠣᠯ ᠤᠨ | ᠥᠪᠡᠷᠮᠢᠴᠡ ᠷᠢᠳᠢ ᠰᠢᠳᠢ ᠶᠢ ᠠᠮᠢᠳᠤᠯᠢᠭ ᠢᠶᠠᠷ ᠢᠯᠡᠷᠡᠭᠦᠯᠵᠦ᠂ ᠵᠠᠯᠠᠭᠤᠴᠤᠳ ᠤᠨ ᠬᠥᠬᠡᠬᠤᠲᠠ ᠶᠢ ᠮᠡᠳᠡᠷᠡᠬᠦ | ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠵᠡᠢ᠃ | ᠰᠤᠷᠤᠭᠴᠢᠳ ᠵᠣᠬᠢᠶᠠᠨ ᠪᠦᠲᠦᠭᠡᠬᠦ ᠶᠠᠪᠤᠴᠠ ᠶᠢ ᠪᠡᠶᠡᠴᠢᠯᠡᠨ ᠣᠶᠢᠯᠠᠭᠠᠵᠤ᠂ ᠮᠣᠷᠢᠨ ᠬᠤᠭᠤᠷ ᠤᠨ ᠢᠷᠠᠭᠤ | ᠠᠶᠠᠯᠭᠤ ᠳᠤᠮᠳᠠ ᠬᠠᠷᠢᠯᠴᠠᠨ ᠬᠥᠳᠡᠯᠦᠯᠴᠡᠬᠦ ᠪᠠᠷ ᠳᠠᠮᠵᠢᠨ ᠬᠥᠬᠡᠬᠤᠲᠠ ᠶᠢᠨ ᠲᠡᠦᠬᠡ ᠶᠢᠨ ᠬᠤᠷᠠᠮᠳᠤᠯ ᠪᠣᠯᠣᠨ | ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠣᠶᠢᠯᠠᠭᠠᠪᠠ᠃ | ᠤᠶᠤᠲᠠᠳ ᠤᠯᠠᠮᠵᠢᠯᠠᠯᠲᠤ ᠭᠠᠷ ᠤᠷᠠᠯᠠᠯ ᠢ ᠰᠤᠨᠢᠷᠬᠠᠭᠰᠠᠨ ᠨᠢ ᠡᠨᠡ ᠬᠤᠲᠠ ᠶᠢᠨ ᠲᠡᠦᠬᠡ ᠰᠣᠶᠣᠯ ᠤᠨ | ᠠᠭᠤᠯᠬᠤᠨ ᠢ ᠨᠠᠩ ᠭᠦᠨᠵᠡᠭᠡᠢ ᠣᠶᠢᠯᠠᠭᠠᠵᠤ᠂ ᠠᠳᠡ ᠦᠯᠡᠳᠡᠵᠦ ᠦᠢᠯᠡᠰ ᠢᠶᠠᠨ ᠴᠤᠭᠴᠠᠯᠠᠬᠤ ᠬᠦᠰᠡᠯ ᠢ ᠨᠠᠩ | ᠴᠢᠩᠭ᠎ᠠ ᠪᠣᠯᠭᠠᠵᠤ ᠴᠢᠳᠠᠨ᠎ᠠ ᠭᠡᠵᠦ ᠢᠯᠡᠳᠬᠡᠵᠡᠭᠡᠵᠦ ᠪᠠᠶᠢᠯ᠎ᠠ᠃ |