3 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ | ᠲᠢᠩᠬᠢᠮ ᠠᠩᠬᠠᠳᠠᠭᠴᠢ ᠤᠳᠠᠭᠠᠨ ᠤ ᠰᠣᠶᠣᠯ ᠪᠠ ᠵᠢᠭᠤᠯᠴᠢᠯᠠᠯ ᠤᠨ ᠠᠵᠤ ᠠᠬᠤᠶᠢᠯᠠᠯ ᠤᠨ ᠵᠠᠰᠠᠭ ᠠᠵᠤ | ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠤᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ ᠵᠠᠩ ᠷᠦᠢ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠲᠢᠩᠬᠢᠮ ᠤᠨ ᠳᠡᠳ᠋ | ᠳᠠᠷᠤᠭ᠎ᠠ ᠰᠦᠨ ᠭᠦᠸᠧ ᠮᠢᠩ ᠪᠥᠬᠦ ᠣᠷᠣᠨ ᠤ 21 ᠭᠤᠣᠯᠳᠠᠯᠭ᠎ᠠ ᠲᠠᠢ ᠵᠢᠭᠤᠯᠴᠢᠯᠠᠯ ᠤᠨ ᠺᠣᠮᠫᠠᠨᠢ ᠶᠢᠨ ᠠᠵᠤ | ᠠᠬᠤᠶᠢᠯᠠᠯ ᠤᠨ ᠬᠠᠷᠢᠭᠤᠴᠠᠯᠭᠠᠲᠠᠨ ᠢ ᠤᠷᠢᠵᠤ ᠬᠤᠷᠠᠯ ᠳᠤ ᠣᠷᠣᠯᠴᠠᠭᠤᠯᠤᠨ᠂ ᠠᠵᠤ ᠠᠬᠤᠶᠢᠯᠠᠯ ᠤᠨ | ᠬᠥᠭᠵᠢᠯᠲᠡ ᠶᠢᠨ ᠪᠠᠶᠢᠳᠠᠯ ᠢ ᠣᠶᠢᠯᠠᠭᠠᠨ᠂ ᠰᠠᠨᠠᠯ ᠰᠠᠨᠠᠭᠤᠯᠭ᠎ᠠ ᠶᠢ ᠨᠢᠭᠤᠷᠲᠠᠨ ᠰᠣᠨᠣᠰᠴᠤ᠂ ᠰᠣᠶᠣᠯ ᠪᠠ | ᠵᠢᠭᠤᠯᠴᠢᠯᠠᠯ ᠤᠨ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠲᠠᠢ | ᠠᠰᠠᠭᠤᠳᠠᠯ ᠢ ᠲᠤᠬᠠᠢ ᠶᠢᠨ ᠲᠠᠯᠠᠪᠤᠷ ᠲᠤᠨᠢ ᠰᠤᠳᠤᠯᠤᠨ ᠰᠢᠢᠳᠪᠦᠷᠢᠯᠡᠪᠡ᠃ | | ᠶᠠᠷᠢᠯᠴᠠᠬᠤ ᠬᠤᠷᠠᠯ ᠤᠨ ᠠᠬᠤᠢ ᠲᠠᠯᠠᠪᠠᠢ ᠶᠢᠨ ᠠᠭᠤᠷ ᠠᠮᠢᠰᠬᠤᠯ ᠬᠦᠭᠵᠢᠶᠡᠨ ᠲᠠᠢ ᠪᠠᠶᠢᠵᠤ᠂ ᠠᠵᠤ | ᠠᠬᠤᠶᠢᠯᠠᠯᠲᠠᠳ ᠪᠠᠶᠠᠷ ᠬᠦᠷ ᠲᠠᠢ ᠶᠠᠷᠢᠯᠴᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠲᠥᠯᠦᠪᠵᠢᠭᠦᠯᠭᠡ ᠶᠢ | ᠰᠤᠯᠢᠯᠴᠠᠨ ᠶᠠᠷᠢᠯᠴᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠵᠢᠴᠢ | ᠰᠢᠢᠳᠪᠦᠷᠢᠯᠡᠬᠦ ᠰᠠᠨᠠᠭᠤᠯᠭ᠎ᠠ ᠶᠢ ᠳᠤᠷᠠᠳᠴᠠᠢ᠃ ᠤᠯᠠᠨ ᠤ ᠠᠰᠠᠭᠤᠳᠠᠯ ᠪᠣᠯᠣᠨ ᠰᠠᠨᠠᠭᠤᠯᠭ᠎ᠠ ᠳᠤ ᠴᠢᠭᠯᠡᠭᠦᠯᠦᠨ᠂ ᠵᠠᠩ | ᠷᠦᠢ᠂ ᠰᠦᠨ ᠭᠦᠸᠧ ᠮᠢᠩ ᠨᠢᠭᠡᠳ ᠨᠢᠭᠡ ᠪᠠᠷ ᠬᠠᠷᠢᠭᠤ ᠥᠭᠴᠦ᠂ ᠳᠠᠷᠤᠶᠢᠬᠠᠨ ᠵᠣᠯᠭᠠᠭᠤᠯᠤᠨ ᠵᠣᠬᠢᠴᠠᠭᠤᠯᠵᠤ᠂ | ᠪᠦᠬᠦ ᠬᠦᠴᠦᠨ ᠢᠶᠠᠷ ᠢᠶᠠᠨ ᠬᠠᠪᠰᠤᠷᠤᠨ ᠰᠢᠢᠳᠪᠦᠷᠢᠯᠡᠨ᠎ᠡ ᠭᠡᠵᠦ ᠢᠯᠡᠳᠬᠡᠪᠡ᠃ | | ᠵᠠᠩ ᠷᠦᠢ᠂ ᠪᠢᠳᠡ ᠠᠵᠤ ᠠᠬᠤᠶᠢᠯᠠᠯ ᠤᠨ ᠲᠤᠰᠬᠠᠭᠰᠠᠨ ᠬᠦᠰᠡᠯ ᠱᠠᠭᠠᠷᠳᠠᠯᠭ᠎ᠠ ᠪᠠ ᠠᠰᠠᠭᠤᠳᠠᠯ ᠢ ᠪᠥᠬᠦ | ᠲᠠᠯ᠎ᠠ ᠪᠠᠷ ᠲᠠᠨᠢᠵᠤ᠂ ᠡᠭᠦᠷᠭᠡ ᠶᠢᠨ ᠨᠠᠷᠢᠨ ᠲᠠᠩᠰᠠ ᠶᠢ ᠬᠤᠷᠢᠶᠠᠩᠭᠤᠶᠢᠯᠠᠨ ᠵᠠᠳᠠᠯᠵᠤ᠂ ᠭᠦᠢᠴᠡᠳᠬᠡᠬᠦ | ᠬᠠᠷᠢᠭᠤᠴᠠᠯᠭᠠᠲᠠᠨ᠂ ᠭᠦᠢᠴᠡᠳᠬᠡᠬᠦ ᠴᠠᠭ ᠤᠨ ᠬᠢᠵᠠᠭᠠᠷ ᠵᠡᠷᠭᠡ ᠶᠢ ᠲᠣᠳᠣᠷᠬᠠᠶᠢᠯᠠᠵᠤ᠂ ᠲᠤᠰᠬᠠᠢ ᠵᠦᠢᠯ ᠢᠶᠠᠷ | ᠰᠢᠪᠠᠳᠠᠨ ᠰᠢᠢᠳᠪᠦᠷᠢᠯᠡᠭᠦᠯᠬᠦ ᠶᠢ ᠬᠡᠷᠡᠭᠵᠢᠭᠦᠯᠦᠨ᠂ ᠪᠢᠲᠡᠭᠦᠦ ᠬᠠᠮᠢᠶᠠᠷᠤᠯᠲᠠ ᠶᠢ ᠪᠣᠶ ᠪᠣᠯᠭᠠᠨ᠎ᠠ᠃ ᠲᠣᠰ | ᠤᠳᠠᠭᠠᠨ ᠤ ᠶᠠᠷᠢᠯᠴᠠᠬᠤ ᠬᠤᠷᠠᠯ ᠢᠶᠠᠷ ᠡᠬᠢᠯᠡᠯᠲᠡ ᠪᠣᠯᠭᠠᠵᠤ᠂ ᠣᠳᠣᠨ ᠲᠠᠰ ᠤᠨ ᠵᠢᠭᠤᠯᠴᠢᠯᠠᠯ ᠤᠨ ᠪᠠᠭᠤᠳᠠᠯ᠂ | ᠪᠣᠬᠢᠷᠲᠤᠯ ᠦᠭᠡᠢ ᠪᠠᠭᠤᠳᠠᠯ᠂ ᠵᠡᠷᠭᠡ ᠳᠡᠰ ᠤᠨ ᠵᠢᠭᠤᠯᠴᠢᠯᠠᠯ ᠤᠨ ᠠᠷᠠᠳ ᠤᠨ ᠪᠠᠭᠤᠳᠠᠯ᠂ ᠦᠵᠡᠮᠵᠢ ᠶᠢᠨ ᠣᠷᠣᠨ | ᠵᠡᠷᠭᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠪᠦᠯᠦᠭ ᠤᠳᠠᠭ᠎ᠠ ᠬᠤᠪᠢᠶᠠᠨ ᠵᠣᠬᠢᠶᠠᠨ ᠪᠠᠶᠢᠭᠤᠯᠵᠤ ᠶᠠᠷᠢᠯᠴᠠᠬᠤ | ᠬᠤᠷᠠᠯ ᠬᠤᠷᠠᠯᠳᠤᠭᠤᠯᠵᠤ᠂ ᠬᠡᠪᠰᠢᠭᠰᠡᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠤᠨ᠂ ᠬᠠᠮᠤᠭ ᠤᠨ ᠲᠡᠷᠢᠭᠦᠨ ᠳᠤ | ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠬᠠᠮᠤᠭ ᠤᠨ ᠲᠡᠷᠢᠭᠦᠨ ᠳᠤ ᠦᠢᠯᠡᠴᠢᠯᠡᠭᠡ | ᠬᠠᠪᠰᠤᠷᠤᠯᠭ᠎ᠠ ᠬᠠᠩᠭᠠᠨ᠎ᠠ᠃ ᠪᠢᠳᠡ ᠦᠢᠯᠡᠴᠢᠯᠡᠭᠡ ᠶᠢ ᠰᠠᠶᠢᠲᠤᠷ ᠬᠢᠬᠦ ᠳᠡᠭᠡᠷ᠎ᠡ ᠬᠦᠴᠦ ᠲᠠᠯᠪᠢᠵᠤ᠂ ᠲᠦᠷᠦᠯ | ᠵᠦᠢᠯ ᠢ ᠦᠨᠡᠨ ᠰᠡᠳᠬᠢᠯ ᠠᠴᠠ ᠪᠠᠨ ᠲᠠᠭᠠᠵᠤ᠂ ᠠᠵᠤ ᠠᠬᠤᠶᠢᠯᠠᠯ ᠢ ᠲᠣᠭᠤᠷᠢᠨ ᠡᠷᠭᠢᠯᠳᠦᠵᠦ᠂ ᠠᠵᠤ | ᠠᠬᠤᠶᠢᠯᠠᠯ ᠤᠨ ᠬᠥᠭᠵᠢᠯᠲᠡ ᠶᠢᠨ ᠬᠠᠷᠰᠢ ᠰᠠᠭᠠᠳ ᠢ ᠠᠷᠢᠯᠭᠠᠵᠤ᠂ ᠠᠵᠤ ᠠᠬᠤᠶᠢᠯᠠᠯ ᠢ ᠰᠠᠨᠠᠭ᠎ᠠ ᠠᠮᠤᠷ ᠰᠣᠶᠣᠯ | ᠵᠢᠭᠤᠯᠴᠢᠯᠠᠯ᠂ ᠰᠣᠶᠣᠯ ᠪᠠ ᠵᠢᠭᠤᠯᠴᠢᠯᠠᠯ ᠢ ᠬᠥᠭᠵᠢᠭᠦᠯᠵᠦ᠂ ᠦᠢᠯᠡᠴᠢᠯᠡᠭᠡᠨ ᠤ ︽ᠦᠨ᠎ᠡ ᠴᠡᠨ᠎ᠡ︾ ᠪᠠᠷ | ᠬᠥᠭᠵᠢᠯᠲᠡ ᠶᠢᠨ ︽ᠬᠤᠷᠳᠤᠴᠠ︾ ᠶᠢ ᠪᠦᠷᠢᠯᠳᠦᠭᠦᠯᠬᠦ ᠬᠡᠷᠡᠭᠲᠡᠢ ᠭᠡᠵᠦ ᠶᠠᠷᠢᠪᠠ᠃ | | |