2 ᠳ᠋ᠤᠭᠠᠷ ᠰᠠᠷ᠎ᠠ ᠶᠢᠨ 17 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠤ ᠳᠤᠮᠳᠠᠳᠤ | ᠭᠠᠳᠠᠭᠠᠳᠤ ᠶᠢᠨ ᠰᠣᠶᠣᠯ ᠤᠨ ᠰᠣᠯᠢᠯᠴᠠᠭᠠᠨ ᠤ ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠣᠶᠣᠯ ᠪᠠ ᠵᠢᠭᠤᠯᠴᠢᠯᠠᠯ ᠤᠨ ᠲᠢᠩᠬᠢᠮ᠂ ᠰᠧᠦ᠋ᠯ ᠤᠨ ᠳᠤᠮᠳᠠᠳᠤ ᠤᠯᠤᠰ ᠤᠨ ᠰᠣᠶᠣᠯ ᠤᠨ ᠲᠥᠪ ᠬᠠᠮᠲᠤᠷᠠᠨ | ᠡᠷᠭᠢᠯᠡᠭᠰᠡᠨ ︽ᠰᠠᠶᠢᠨ ᠪᠠᠶᠢᠨ᠎ᠠ ᠦᠦ︕ ᠳᠤᠮᠳᠠᠳᠤ ᠤᠯᠤᠰ︾ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ | ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠺᠣᠷᠢᠶᠠ ᠶᠢᠨ ᠰᠧᠦ᠋ᠯ ᠳᠤ ᠦᠪᠡᠳᠡᠭᠰᠢ ᠶᠡᠭᠡ ᠪᠠᠷ ᠪᠣᠯᠪᠠ᠃ | | ᠺᠣᠷᠢᠶᠠ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠤᠨ ᠶᠠᠮᠤᠨ ᠤ ᠣᠨᠴᠠ ᠡᠯᠴᠢᠨ ᠤ ᠵᠡᠷᠭᠡ | ᠲᠠᠢ ᠵᠥᠪᠯᠡᠭᠴᠢ ᠪᠥᠭᠡᠳ ᠰᠸᠦ᠋ᠯ ᠳᠤ ᠬᠢ ᠳᠤᠮᠳᠠᠳᠤ ᠤᠯᠤᠰ ᠤᠨ ᠰᠣᠶᠣᠯ ᠤᠨ ᠲᠥᠪ ᠤᠨ ᠡᠷᠬᠢᠯᠡᠭᠴᠢ ᠱᠧᠨ | ᠰᠢᠶᠣᠣ ᠭᠠᠩ ᠲᠠᠨᠢᠯᠴᠠᠭᠤᠯᠭ᠎ᠠ ᠶᠢᠨ ᠬᠤᠷᠠᠯ ᠳᠤ ᠣᠷᠤᠯᠴᠠᠪᠠ ᠃ ᠰᠸᠦᠶᠢᠯ ᠤᠨ ᠲᠣᠭᠤᠷᠢᠨ ᠦᠵᠡᠬᠦ ᠨᠡᠶᠢᠭᠡᠮᠯᠢᠭ᠂ | ᠰᠸᠦᠶᠢᠯ ᠤᠨ ᠲᠣᠭᠤᠷᠢᠨ ᠦᠵᠡᠬᠦ ᠠᠵᠤ ᠦᠢᠯᠡᠰ ᠤᠨ ᠶᠠᠷᠢᠶᠠᠨ ᠤ ᠲᠠᠪᠴᠠᠩ᠂ ᠳᠤᠮᠳᠠᠳᠤ ᠤᠯᠤᠰ ᠤᠨ | ᠡᠮᠦᠨᠡᠲᠦ ᠶᠢᠨ ᠠᠭᠠᠷ ᠤᠨ ᠠᠶᠠᠯᠠᠯ ᠤᠨ ᠺᠣᠷᠢᠶᠠ ᠳᠤ ᠬᠢ ᠰᠠᠯᠪᠤᠷᠢ ᠳᠡᠯᠭᠡᠭᠦᠷ᠂ ᠺᠣᠷᠢᠶᠠ ᠳᠤᠮᠳᠠᠳᠤ ᠶᠢᠨ ᠰᠣᠶᠤᠯ | ᠵᠢᠭᠤᠯᠴᠢᠯᠠᠯ ᠤᠨ ᠨᠡᠶᠢᠭᠡᠮᠯᠢᠭ ᠤᠨ ᠲᠥᠯᠥᠭᠡᠯᠡᠭᠴᠢ ᠵᠡᠷᠭᠡ 40 ᠭᠠᠷᠤᠢ ᠠᠵᠤ ᠠᠬᠤᠶᠢᠯᠠᠯ ᠤᠨ ᠲᠥᠯᠥᠭᠡᠯᠡᠭᠴᠢ ᠵᠢᠴᠢ | ᠺᠣᠷᠢᠶᠠ ᠶᠢᠨ 6 ᠵᠠᠭᠤᠴᠢᠯᠠᠭᠤᠷ ᠪᠣᠯᠣᠨ ᠰᠤᠷᠪᠤᠯᠵᠢᠯᠠᠭᠴᠢᠳ ᠲᠠᠨᠢᠯᠴᠠᠭᠤᠯᠭ᠎ᠠ ᠶᠢᠨ ᠬᠤᠷᠠᠯ ᠳᠤ ᠣᠷᠤᠯᠴᠠᠵᠠᠢ᠃ | ᠲᠠᠨᠢᠯᠴᠠᠭᠤᠯᠭ᠎ᠠ ᠶᠢᠨ ᠬᠤᠷᠠᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ ᠵᠢᠴᠢ ᠪᠤᠭᠤᠲᠤ ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ | ᠣᠷᠳᠣᠰ ᠬᠤᠳᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠰᠢᠶᠠᠩ ᠱᠠ ᠸᠠᠨ ᠵᠢᠭᠤᠯᠴᠢᠯᠠᠯ ᠤᠨ | ᠦᠵᠡᠮᠵᠢ ᠶᠢᠨ ᠣᠷᠣᠨ ᠪᠣᠯᠣᠨ ᠥᠪᠥᠷ ᠮᠣᠩᠭᠤᠯ ᠤᠨ ᠵᠦᠩ ᠱᠢ ᠤᠯᠤᠰ ᠤᠨ ᠵᠢᠭᠤᠯᠴᠢᠯᠠᠯ ᠵᠡᠷᠭᠡ 7 ᠨᠢᠭᠡᠴᠢ | ᠲᠠᠨᠢᠯᠴᠠᠭᠤᠯᠭ᠎ᠠ ᠬᠢᠬᠦ ᠳᠤ ᠪᠠᠨ ᠭᠤᠣᠯᠳᠠᠭᠤ ᠥᠪᠥᠷ ᠮᠣᠩᠭᠤᠯ ᠤᠨ ᠵᠢᠭᠤᠯᠴᠢᠯᠠᠯ ᠤᠨ ᠪᠦᠲᠦᠭᠡᠭᠳᠡᠬᠦᠨ᠂ | ᠵᠢᠭᠤᠯᠴᠢᠯᠠᠯ ᠤᠨ ᠵᠠᠮ ᠱᠤᠭᠤᠮ᠂ ᠵᠢᠭᠤᠯᠴᠢᠯᠠᠯ ᠢ ᠳᠠᠭᠠᠭᠠᠴᠢᠯᠠᠭᠰᠠᠨ ᠨᠢᠰᠬᠡᠯ᠂ ᠣᠨᠴᠠᠯᠢᠭᠲᠤ ᠲᠣᠭᠯᠠᠭᠠᠮ ᠢ | ᠪᠡᠶᠡᠴᠢᠯᠡᠨ ᠣᠶᠢᠯᠠᠭᠠᠬᠤ ᠵᠡᠷᠭᠡ ᠶᠢᠨ ᠲᠣᠭᠤᠷᠢᠨ ᠳᠤ ᠰᠣᠭᠲᠤᠭᠤᠷᠠᠬᠤᠶᠢᠴᠠ ᠪᠦᠲᠦᠭᠡᠭᠳᠡᠬᠦᠨ ᠬᠢᠵᠡᠢ᠃ ᠥᠪᠥᠷ | ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠲᠣᠭᠯᠠᠭᠴᠢᠳ ᠭᠤᠶᠢᠳᠠ ᠰᠠᠶᠢᠬᠠᠨ ᠦᠨᠳᠦᠰᠦᠲᠡᠨ ᠤ | ᠳᠠᠭᠤᠤ ᠪᠥᠵᠢᠭ ᠢᠶᠠᠷ ᠢᠶᠠᠨ ᠵᠣᠴᠢᠳ ᠲᠤ ᠲᠠᠯ᠎ᠠ ᠨᠤᠲᠤᠭ ᠤᠨ ᠥᠷᠭᠡᠨ ᠠᠭᠤᠳᠠᠮ ᠪᠠ ᠣᠮᠤᠭ ᠪᠠᠭ᠋ᠠᠳᠤᠯ ᠢ | ᠮᠡᠳᠡᠷᠡᠭᠦᠯᠵᠦ᠂ ᠥᠪᠥᠷ ᠮᠣᠩᠭᠤᠯ ᠤᠨ ᠥᠪᠡᠷᠮᠢᠴᠡ ᠷᠢᠳᠢ ᠰᠢᠳᠢ ᠶᠢ ᠣᠶᠢᠯᠠᠭᠠᠭᠤᠯᠵᠠᠢ᠃ | ᠺᠣᠷᠢᠶᠠ ᠶᠢᠨ ᠬᠢᠨ ᠤ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠢᠯᠡᠷᠬᠡᠶᠢᠯᠡᠬᠦ ᠳᠤ ᠪᠠᠨ᠂ ᠲᠣᠰ | ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠢᠶᠠᠷ ᠳᠡᠮᠵᠢᠨ᠂ ᠥᠪᠥᠷ ᠮᠣᠩᠭᠤᠯ ᠤᠨ ᠲᠤᠬᠠᠢ ᠨᠠᠩ ᠭᠦᠨᠵᠡᠭᠡᠢ | ᠲᠠᠨᠢᠯᠲᠠ ᠲᠠᠢ ᠪᠣᠯᠵᠤ᠂ ᠨᠡᠶᠢᠲᠡ 4 ᠠᠵᠤ ᠠᠬᠤᠶᠢᠯᠠᠯ ᠬᠠᠮᠲᠤᠷᠠᠯᠴᠠᠬᠤ ᠰᠠᠨᠠᠭ᠎ᠠ ᠲᠠᠢ ᠪᠣᠯᠪᠠ ᠭᠡᠵᠡᠢ᠃ | ᠳᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ ᠵᠢᠭᠤᠯᠴᠢᠯᠠᠯ ᠤᠨ ᠪᠦᠲᠦᠭᠡᠭᠳᠡᠬᠦᠨ ᠤ ᠵᠠᠮ ᠱᠤᠭᠤᠮ ᠢ ᠪᠠᠶᠠᠯᠢᠭᠵᠢᠭᠤᠯᠬᠤ᠂ | ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠬᠤᠶᠠᠷ | ᠲᠠᠯ᠎ᠠ ᠶᠢᠨ ᠵᠢᠭᠤᠯᠴᠢᠯᠠᠯ ᠤᠨ ᠠᠵᠤ ᠠᠬᠤᠶᠢᠯᠠᠯ ᠤᠨ ᠬᠠᠷᠢᠯᠴᠠᠨ ᠵᠢᠭᠤᠯᠴᠢᠯᠠᠬᠤ ᠵᠣᠷᠢᠯᠲᠠ ᠶᠢᠨ ᠭᠠᠵᠠᠷ ᠪᠠ | ᠵᠣᠴᠢᠳ ᠤᠨ ᠢᠷᠡᠯᠲᠡ ᠶᠢᠨ ᠭᠠᠵᠠᠷ ᠪᠣᠯᠬᠤ ᠶᠢ ᠢᠳᠡᠪᠬᠢᠲᠡᠢ ᠠᠬᠢᠭᠤᠯᠤᠨ᠎ᠠ᠃ ᠰᠣᠶᠣᠯ ᠪᠠ ᠵᠢᠭᠤᠯᠴᠢᠯᠠᠯ ᠤᠨ | ᠭᠦᠨᠵᠡᠭᠡᠢ ᠠᠭᠤᠰᠤᠯᠴᠠᠯ ᠢ ᠠᠬᠢᠭᠤᠯᠬᠤ ᠲᠠᠯ᠎ᠠ ᠪᠠᠷ ᠡᠬᠢ ᠪᠠᠶᠠᠯᠢᠭ ᠢ ᠬᠠᠮᠲᠤ ᠪᠠᠷ ᠡᠳ᠋ᠯᠡᠵᠦ᠂ ᠬᠠᠮᠲᠤ ᠪᠠᠷ ᠠᠰᠢᠭ | ᠬᠦᠷᠲᠡᠨ ᠬᠠᠮᠲᠤᠷᠠᠨ ᠠᠵᠢᠯᠯᠠᠵᠤ᠂ ᠬᠠᠮᠲᠤ ᠪᠠᠷ ᠬᠦᠭᠵᠢᠨ᠂ ᠥᠪᠥᠷ ᠮᠣᠩᠭᠤᠯ ᠢᠶᠠᠨ ᠳᠡᠯᠡᠬᠡᠢ ᠳᠤ ᠠᠯᠳᠠᠷᠲᠠᠢ | ᠵᠢᠭᠤᠯᠴᠢᠯᠠᠬᠤ ᠵᠣᠷᠢᠯᠲᠠ ᠶᠢᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ | | |