ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠭᠦᠶᠠᠩ ᠰᠢᠶᠠᠨ ᠳᠤ ᠬᠦᠷᠴᠦ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/7
       4 ᠳ᠋ᠤᠭᠡᠷ ᠰᠠᠷ᠎ᠠ ᠶᠢᠨ 6 ᠤ ᠡᠳᠦᠷ᠂ ᠪᠤᠭᠤᠲᠤ ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ ︵ᠬᠤᠳᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶  ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠭᠦᠸᠧ ᠶᠦᠩ ᠪᠦᠯᠬᠦᠮ ᠳᠠᠭᠠᠭᠤᠯᠤᠨ ᠭᠦᠶᠠᠩ ᠰᠢᠶᠠᠨ ᠳᠤ ᠬᠦᠷᠴᠦ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠢ ᠪᠠᠶᠢᠴᠠᠭᠠᠨ ᠰᠤᠳᠤᠯᠵᠠᠢ᠃ ᠪᠤᠭᠤᠲᠤ ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ  ᠲᠤᠪᠴᠢᠶᠠᠨ  ᠤ  ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠪᠤᠭᠤᠲᠤ ᠬᠤᠳᠠ ᠶᠢᠨ ᠮᠦᠽᠧᠢ ᠶᠢᠨ ᠬᠠᠷᠢᠭᠤᠴᠠᠯᠭᠠᠲᠠᠨ ᠪᠣᠯᠣᠨ ᠭᠦᠶᠠᠩ ᠰᠢᠶᠠᠨ ᠤ ᠬᠤᠪᠢᠳᠠᠨ ᠬᠠᠮᠢᠶᠠᠷᠬᠤ ᠰᠢᠶᠠᠨ ᠤ ᠳᠡᠳ᠋ ᠳᠠᠷᠤᠭ᠎ᠠ᠂ ᠰᠣᠶᠣᠯ ᠵᠢᠭᠤᠯᠴᠢᠯᠠᠯ ᠤᠨ ᠲᠤᠪᠴᠢᠶᠠᠨ ᠤ ᠳᠠᠷᠤᠭ᠎ᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠮᠠᠷᠠᠲᠤ ᠸᠧᠢ ᠶᠢᠨ ᠬᠤᠸᠠᠢ ᠱᠦᠸᠧ ᠪᠠᠯᠭᠠᠰᠤᠨ ᠤ ᠲᠡᠦᠬᠡ ᠶᠢᠨ ᠮᠦᠽᠧᠢ ᠶᠢᠨ ᠲᠥᠷᠥᠯ ᠵᠦᠢᠯ ᠤᠨ ᠪᠡᠯᠡᠳᠬᠡᠯ ᠬᠠᠶ᠋ᠢᠭ ᠢ ᠲᠤᠬᠠᠢ ᠶᠢᠨ ᠭᠠᠵᠠᠷ ᠲᠤ ᠨᠢ ᠰᠢᠨᠵᠢᠯᠡᠨ ᠪᠠᠶᠢᠴᠠᠭᠠᠵᠤ᠂  ᠲᠦᠷᠦᠯ ᠵᠦᠢᠯ ᠤᠨ ᠭᠠᠵᠠᠷ ᠰᠣᠩᠭᠤᠬᠤ᠂ ᠪᠠᠷᠢᠯᠭ᠎ᠠ ᠪᠠᠷᠢᠬᠤ ᠲᠥᠯᠥᠪᠯᠡᠭᠡ᠂ ᠳᠡᠯᠭᠡᠨ ᠦᠵᠡᠭᠦᠯᠬᠦ ᠬᠡᠪᠴᠢᠶ᠎ᠡ᠂ ᠲᠠᠯᠠᠪᠠᠢ ᠣᠷᠳᠣᠨ ᠤ ᠭᠤᠣᠯ ᠰᠡᠳᠦᠪ᠂ ᠡᠷᠬᠢᠨ ᠲᠣᠭᠤᠷᠢᠨ ᠤ ᠢᠵᠢ ᠪᠦᠷᠢᠳᠦᠭᠰᠡᠨ ᠵᠡᠷᠭᠡ ᠪᠠᠶᠢᠳᠠᠯ ᠢ ᠲᠤᠬᠠᠢ ᠶᠢᠨ ᠲᠠᠯᠠᠪᠠᠢ ᠳᠤ ᠰᠣᠨᠣᠰᠤᠭᠰᠠᠨ ᠪᠥᠭᠡᠳ ᠲᠤᠬᠠᠢ ᠶᠢᠨ ᠲᠠᠯᠠᠪᠠᠢ ᠶᠢᠨ ᠠᠯᠪᠠᠯᠠᠬᠤ ᠬᠤᠷᠠᠯ ᠬᠤᠷᠠᠯᠳᠤᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠠᠮᠢᠳᠤᠯᠢᠭᠵᠢᠭᠤᠯᠤᠨ ᠠᠰᠢᠭᠯᠠᠬᠤ᠂ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠨᠡᠶᠢᠳᠡᠮ ᠪᠠᠶᠢᠴᠠᠭᠠᠬᠤ᠂ ᠤᠷᠳᠤ ᠴᠠᠭᠠᠨ ᠬᠡᠷᠡᠮ ᠢ ᠬᠠᠮᠠᠭᠠᠯᠠᠬᠤ᠂ ᠤᠮᠠᠷᠠᠲᠤ ᠸᠧᠢ ᠶᠢᠨ ᠬᠤᠸᠠᠢ ᠱᠦᠸᠧ ᠪᠠᠯᠭᠠᠰᠤᠨ ᠤ ᠲᠡᠦᠬᠡ ᠶᠢᠨ ᠮᠦᠽᠧᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠤᠨ ᠲᠣᠭᠤᠷᠢᠨ ᠳᠤ ᠰᠤᠳᠤᠯᠤᠨ ᠪᠠᠶᠢᠷᠢᠯᠠᠭᠤᠯᠵᠠᠢ᠃  ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠰᠣᠶᠣᠯ ᠤᠨ ᠥᠪ ᠢ ᠠᠮᠢᠳᠤᠯᠢᠭ ᠢᠶᠠᠷ ᠠᠰᠢᠭᠯᠠᠬᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠦᠽᠧᠢ ᠶᠢ ᠠᠷᠠᠳ ᠤᠯᠠᠨ ᠤ ᠠᠮᠢᠳᠤᠷᠠᠯ ᠤᠨ ᠠᠬᠤᠢ ᠪᠠᠶᠢᠳᠠᠯ ᠳᠤ ᠭᠦᠨᠵᠡᠭᠡᠢ ᠠᠭᠤᠰᠤᠯᠴᠠᠭᠤᠯᠵᠤ᠂ ᠮᠦᠽᠧᠢ ᠳᠤ ᠬᠠᠳᠠᠭᠠᠯᠠᠭᠳᠠᠵᠤ ᠪᠠᠶᠢᠭ᠎ᠠ ᠲᠡᠦᠬᠡ ᠰᠣᠶᠣᠯ ᠤᠨ ᠠᠭᠤᠯᠬᠤᠨ ᠢ ᠤᠯᠠᠨ ᠲᠦᠮᠡᠨ ᠳᠤ ᠨᠡᠩ ᠰᠠᠶᠢᠨ ᠮᠡᠳᠡᠷᠡᠭᠦᠯᠬᠦ ᠬᠡᠷᠡᠭᠲᠡᠢ︔ ᠨᠢᠭᠡᠳᠦᠯᠲᠡᠢ ᠲᠥᠯᠥᠪᠵᠢᠭᠦᠯᠬᠦ᠂  ᠵᠢᠷᠤᠭ ᠲᠦᠰᠦᠯ  ᠢᠶᠠᠷ  ᠠᠵᠢᠯᠯᠠᠬᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠬᠤ ᠶᠢ ᠴᠢᠩᠭᠠᠳᠬᠠᠵᠤ᠂ ᠲᠦᠷᠦᠯ ᠵᠦᠢᠯ ᠤᠨ ᠪᠣᠯᠣᠮᠵᠢᠲᠤ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠤᠨ ᠰᠤᠳᠤᠯᠭᠠᠨ ᠪᠠ ᠨᠤᠲᠠᠯᠠᠯᠲᠠ ᠶᠢ ᠴᠢᠩᠭᠠᠳᠬᠠᠵᠤ᠂ ᠵᠢᠷᠤᠭ ᠲᠥᠯᠥᠪᠯᠡᠭᠡ ᠶᠢᠨ ᠲᠥᠰᠥᠯ ᠢ ᠨᠠᠷᠢᠯᠢᠭᠵᠢᠭᠤᠯᠤᠨ ᠳᠡᠯᠭᠡᠨ ᠦᠵᠡᠭᠦᠯᠬᠦ ᠶᠢ ᠭᠦᠨᠵᠡᠭᠡᠶᠢᠷᠡᠭᠦᠯᠵᠦ᠂ ᠪᠠᠷᠢᠯᠭ᠎ᠠ ᠶᠢᠨ ᠶᠠᠰᠤ ᠴᠢᠨᠠᠷ᠂ ᠠᠬᠢᠴᠠ ᠶᠢᠨ ᠪᠣᠭᠤᠮᠲᠠ ᠶᠢ ᠰᠠᠶᠢᠲᠤᠷ ᠠᠳᠬᠤᠵᠤ᠂ ᠤᠮᠠᠷᠠᠲᠤ ᠸᠧᠢ  ᠶᠢᠨ ᠬᠤᠸᠠᠢ ᠱᠦᠸᠧ ᠪᠠᠯᠭᠠᠰᠤᠨ ᠤ ᠲᠡᠦᠬᠡ ᠶᠢᠨ ᠮᠦᠽᠧᠢ ᠶᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ︔ ᠰᠤᠳᠤᠯᠤᠨ ᠲᠠᠶᠢᠯᠪᠤᠷᠢᠯᠠᠬᠤ ᠪᠠᠨ ᠴᠢᠩᠭᠠᠳᠬᠠᠵᠤ᠂ ᠬᠤᠳᠠ ᠶᠢᠨ ᠲᠡᠦᠬᠡ ᠰᠣᠶᠣᠯ ᠤᠨ ᠰᠤᠳᠠᠰᠤ ᠶᠢ ᠭᠦᠨᠵᠡᠭᠡᠢ ᠠᠭᠤᠳᠠᠯᠵᠤ᠂ ᠤᠳᠤ ᠶᠢᠨ ᠪᠠᠶᠢᠭ᠎ᠠ ᠰᠣᠶᠣᠯ ᠤᠨ ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠭᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠶᠢᠨ ᠣᠯᠭᠤᠯᠲᠠ ᠶᠢ ᠴᠢᠩᠭᠠᠳᠬᠠᠵᠤ᠂ ᠳᠡᠯᠭᠡᠨ ᠦᠵᠡᠭᠦᠯᠬᠦ ᠠᠭᠤᠯᠭ᠎ᠠ ᠶᠢ ᠪᠠᠶᠠᠯᠢᠭᠵᠢᠭᠤᠯᠵᠤ᠂ ᠳᠡᠯᠭᠡᠨ ᠦᠵᠡᠭᠦᠯᠬᠦ ᠠᠷᠭ᠎ᠠ ᠬᠡᠯᠪᠡᠷᠢ ᠶᠢ ᠰᠢᠨᠡᠴᠢᠯᠡᠵᠦ᠂ ᠬᠠᠷᠢᠯᠴᠠᠨ ᠣᠶᠢᠯᠠᠭᠠᠯᠴᠠᠬᠤ ᠪᠠᠨ ᠴᠢᠩᠭᠠᠳᠬᠠᠵᠤ᠂ ᠤᠯᠠᠨ ᠲᠦᠮᠡᠨ ᠤ ᠦᠵᠡᠵᠦ ᠰᠣᠨᠣᠰᠬᠤ ᠳᠤᠷᠠᠲᠠᠢ᠂ ᠤᠯᠠᠨ ᠲᠦᠮᠡᠨ ᠲᠠᠢ ᠣᠶᠢᠷᠠᠲᠤᠭᠰᠠᠨ ᠬᠡᠯᠪᠡᠷᠢ ᠪᠠᠷ ᠪᠤᠭᠤᠲᠤ ᠶᠢᠨ ︽ᠤᠮᠠᠷᠠᠲᠤ ᠸᠧᠢ  ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠯᠢᠭᠡᠷ︾  ᠢ ᠰᠠᠶᠢᠲᠤᠷ ᠶᠠᠷᠢᠬᠤ ᠬᠡᠷᠡᠭᠲᠡᠢ︔ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠬᠢᠵᠢᠭᠦᠯᠵᠦ᠂ ᠨᠡᠶᠢᠭᠡᠮ ᠤᠨ ᠬᠦᠴᠦᠨ ᠢ ᠢᠳᠡᠪᠬᠢᠲᠡᠢ ᠪᠠᠷ ᠣᠷᠣᠭᠤᠯᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠳᠤ ᠣᠷᠣᠯᠴᠠᠭᠤᠯᠵᠤ᠂ ᠰᠡᠯᠪᠢᠨ ᠵᠠᠰᠠᠵᠤ ᠬᠠᠮᠠᠭᠠᠯᠠᠬᠤ ᠪᠠ ᠠᠮᠢᠳᠤᠯᠢᠭᠵᠢᠭᠤᠯᠤᠨ ᠠᠰᠢᠭᠯᠠᠬᠤ ᠶᠢ ᠵᠣᠯᠭᠠᠭᠤᠯᠤᠨ ᠬᠠᠮᠵᠢᠯᠴᠠᠭᠤᠯᠬᠤ ᠶᠢ ᠴᠢᠨᠠᠭᠰᠢᠳᠠ ᠰᠠᠶᠢᠲᠤᠷ ᠬᠢᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠳᠤᠯᠢᠭᠵᠢᠭᠤᠯᠤᠨ ᠠᠰᠢᠭᠯᠠᠬᠤ ᠰᠢᠨ᠎ᠡ ᠠᠷᠭ᠎ᠠ ᠵᠠᠮ ᠢ ᠦᠷᠭᠦᠯᠵᠢᠯᠡᠨ ᠥᠷᠭᠡᠳᠬᠡᠵᠦ᠂ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠪᠠᠷ ᠪᠤᠭᠤᠲᠤ ᠬᠤᠳᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠪᠠᠶᠢᠴᠠᠭᠠᠨ ᠰᠤᠳᠤᠯᠬᠤ ᠳᠤᠭᠤᠶᠢᠯᠠᠩ ᠵᠢᠭᠠᠵᠤ ᠭᠠᠷᠭᠠᠪᠠ᠃
 
ᠢᠷᠡᠯᠲᠡ᠄ ᠪᠤᠭᠤᠲᠤ ᠶᠢᠨ ᠰᠤᠶᠤᠯ ᠵᠢᠭᠤᠯᠴᠢᠯᠠᠯ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号