ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ  ᠳᠤᠮᠳᠠᠳᠤ ᠤᠯᠤᠰ  ᠤᠨ ᠠᠷᠠᠳ  ᠤᠨ ᠶᠡᠭᠡ ᠰᠤᠷᠭᠠᠭᠤᠯᠢ  ᠶᠢᠨ ᠬᠠᠷᠢᠶᠠᠲᠤ ᠳᠤᠮᠳᠠᠳᠤ ᠰᠤᠷᠭᠠᠭᠤᠯᠢ ᠳᠤ ᠬᠦᠷᠴᠦ ︽ᠶᠠᠭᠠᠬᠢᠭᠠᠳ ᠳᠤᠮᠳᠠᠳᠤ ᠤᠯᠤᠰ ᠭᠡᠳᠡᠭ ᠪᠤᠢ ︾ ᠭᠡᠳᠡᠭ ᠢ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2025/4/7
      ᠤᠮᠠᠷᠠᠲᠤ  ᠬᠢᠵᠠᠭᠠᠷ ᠤᠨ ᠰᠣᠶᠣᠯ ᠬᠤᠪᠢᠯᠭᠠᠨ ᠣᠷᠣᠨ ᠢᠶᠠᠷ ᠠᠶᠠᠯᠠᠵᠤ᠂ ᠤᠯᠠᠭᠠᠨᠮᠥ᠋ᠴᠢᠷ ᠰᠤᠷᠭᠠᠭᠤᠯᠢ ᠶᠢᠨ ᠬᠦᠷᠢᠶᠡᠨ ᠳᠤ ᠤᠷᠤᠨ᠎ᠠ᠃ 4 ᠳ᠋ᠤᠭᠡᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠤᠷᠢᠯᠭ᠎ᠠ ᠪᠠᠷ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠳᠤ ᠬᠦᠷᠴᠦ ︽ᠶᠠᠭᠠᠬᠢᠭᠠᠳ ᠳᠤᠮᠳᠠᠳᠤ ᠤᠯᠤᠰ ᠭᠡᠳᠡᠭ ᠪᠤᠢ ︾ ᠭᠡᠬᠦ ᠭᠤᠣᠯ ᠰᠡᠳᠦᠪᠲᠦ ᠰᠤᠷᠭᠠᠭᠤᠯᠢ ᠶᠢᠨ ᠬᠦᠷᠢᠶᠡᠨ ᠤ ᠤᠯᠠᠮᠵᠢᠯᠠᠯᠲᠤ ᠰᠣᠶᠣᠯ ᠤᠷᠠᠯᠢᠭ ᠤᠨ ᠨᠠᠶᠢᠷ ᠤᠨ ᠡᠬᠢᠯᠡᠯᠲᠡ ᠶᠢᠨ ᠶᠣᠰᠣᠯᠠᠯ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠤᠨ ᠰᠤᠷᠭᠠᠭᠤᠯᠢ ᠶᠢᠨ ᠬᠦᠷᠢᠶᠡᠨ ᠳᠤ ᠣᠷᠣᠬᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃ ᠮᠣᠷᠢᠨ ᠬᠤᠭᠤᠷ ᠤᠨ ᠬᠦᠭ ᠠᠶᠠᠰ ᠵᠠᠯᠠᠭᠤᠴᠤᠳ ᠤᠨ ᠰᠡᠳᠬᠢᠯ ᠢ ᠰᠡᠷᠭᠦᠭᠡᠵᠦ᠂ ᠲᠠᠯ᠎ᠠ ᠨᠤᠲᠤᠭ ᠤᠨ ᠪᠥᠵᠢᠭ ᠤᠨ ᠠᠯᠬᠤᠭ᠎ᠠ  ᠳᠠᠶᠢᠰᠠᠨ ᠤ ᠲᠤᠭᠯᠠᠯᠲᠠ ᠶᠢ ᠬᠥᠭᠵᠢᠭᠡᠵᠦ᠂ ᠤᠷᠳᠤ ᠶᠢᠨ ᠳᠠᠭᠤᠤ ᠶᠢᠨ ᠬᠦᠩᠭᠢᠨᠡᠮ᠎ᠡ ᠠᠶᠠᠯᠭᠤ ᠵᠠᠯᠠᠭᠤ ᠨᠠᠰᠤᠨ ᠤ ᠰᠡᠳᠬᠢᠯ ᠢ ᠬᠥᠳᠡᠯᠭᠡᠬᠦ ᠲᠠᠢ ᠵᠡᠷᠭᠡ ᠰᠢᠭᠤᠳ ᠬᠠᠷᠢᠶ᠎ᠠ ᠤᠯᠠᠭᠠᠨᠮᠥ᠋ᠴᠢᠷ ᠡᠨᠡ ᠬᠦ ᠥᠨᠢ ᠤᠳᠠᠭᠠᠨ ᠲᠡᠦᠬᠡ ᠲᠠᠢ᠂ ᠡᠷᠳᠡᠮᠲᠡᠨ ᠴᠢᠳᠠᠪᠤᠷᠢᠲᠠᠨ ᠴᠣᠯᠭᠤᠷᠠᠭᠰᠠᠨ ᠰᠤᠷᠭᠠᠭᠤᠯᠢ ᠶᠢᠨ ᠬᠦᠷᠢᠶᠡᠨ ᠳᠤ ᠠᠭᠤᠯᠠ ᠤᠰᠤ ᠶᠢ ᠠᠯᠤᠰᠯᠠᠭᠰᠠᠨ ᠰᠣᠶᠣᠯ ᠤᠨ ᠠᠭᠤᠯᠵᠠᠯᠲᠠ ᠶᠢ ᠪᠡᠶᠡᠯᠡᠭᠦᠯᠵᠡᠢ︕ ᠡᠨᠡ ᠤᠳᠠᠭᠠᠨ ᠤ ᠭᠤᠶᠢᠳᠠ ᠰᠠᠶᠢᠬᠠᠨ ᠲᠣᠭᠯᠠᠯᠲᠠ ᠨᠢ ᠤᠮᠠᠷᠠᠲᠤ ᠬᠢᠵᠠᠭᠠᠷ  ᠤᠨ ᠰᠣᠶᠣᠯ ᠤᠨ ᠬᠡᠷᠡᠯ ᠭᠢᠯᠪᠠᠭ᠎ᠠ ᠪᠠᠷ ᠰᠤᠷᠭᠠᠭᠤᠯᠢ ᠶᠢᠨ ᠬᠦᠷᠢᠶᠡᠨ ᠤ ᠭᠤᠸ᠎ᠠ ᠰᠠᠶᠢᠬᠠᠨ ᠤ ᠬᠥᠮᠦᠵᠢᠯ ᠤᠨ ᠣᠭᠲᠠᠷᠭᠤᠢ ᠶᠢ ᠭᠡᠶᠢᠭᠦᠯᠵᠦ᠂  ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾  ᠤᠳᠬ᠎ᠠ ᠤᠷᠠᠯᠢᠭ ᠦᠵᠡᠯ ᠰᠠᠨᠠᠭ᠎ᠠ ᠤᠯᠤᠰ ᠲᠦᠷᠦ ᠶᠢᠨ ᠠᠮᠢᠳᠤᠯᠢᠭ ᠬᠢᠴᠢᠶᠡᠯ ᠢᠶᠠᠷ ᠰᠤᠷᠤᠬᠴᠢ ᠨᠢᠭᠡᠪᠦᠷᠢ ᠳᠤ ᠤᠷᠠᠯᠢᠭ ᠤᠨ ᠰᠢᠮ᠎ᠡ ᠳᠤᠮᠳᠠ ᠠᠴᠠ ᠳᠤᠮᠳᠠᠳᠤ ᠶᠢᠨ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠢ  ᠶᠢ ᠮᠡᠳᠡᠷᠡᠭᠦᠯᠵᠦ᠂ ᠤᠮᠠᠷᠠᠲᠤ ᠬᠢᠵᠠᠭᠠᠷ  ᠤᠨ ᠰᠣᠶᠣᠯ ᠤᠨ ᠥᠪᠡᠷᠮᠢᠴᠡ ᠷᠢᠳᠢ ᠰᠢᠳᠢ ᠶᠢ  ᠤᠶᠢᠯᠠᠭᠠᠭᠤᠯᠵᠠᠢ︕
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号